ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
10 ᠳ᠋ᠤᠭ᠋ᠠᠷ ᠰᠠᠷ᠎ᠠ ᠵᠢᠨ 18᠎ᠤ ᠡᠳᠦᠷ᠎ᠤᠨ ᠲᠣᠪᠴᠢ ᠮᠡᠳᠡᠭᠡ
ᠨᠡᠶᠢᠲᠡᠯᠡᠭᠰᠡᠨ ᠴᠠᠭ᠄ 2024-10-19


   1 — 9 ᠳ᠋ᠦ᠍ᠭᠡᠷ ᠰᠠᠷ᠎ᠠ᠎ᠳᠤ᠂ ᠮᠠᠨ᠎ᠤ ᠣᠷᠣᠨ᠎ᠤ ᠭᠠᠵᠠᠷ᠎ᠤᠨ ᠭᠠᠳᠠᠷᠭᠤ᠎ᠳᠠᠬᠢ ᠤᠰᠤᠨ᠎ᠤ ᠤᠯᠤᠰ᠎ᠤᠨ ᠰᠢᠯᠭ᠋ᠠᠨ ᠬᠢᠨᠠᠬᠤ 121 ᠣᠭᠲᠤᠯᠤᠭ᠋ᠠᠰᠤᠨ᠎ᠤ 113 ᠵᠢ᠎ᠨᠢ ᠰᠢᠯᠭ᠋ᠠᠪᠠ᠂ ᠡᠭᠦᠨ᠎ᠳᠤ Ⅰ — Ⅲ ᠲᠥᠷᠥᠯ᠎ᠤᠨ ᠤᠰᠤᠨ᠎ᠤ ᠴᠢᠨᠠᠷ᠎ᠤᠨ ᠣᠭᠲᠣᠯᠤᠭ᠋ᠠᠰᠤ 91 ᠪᠠᠶ᠋ᠢᠵᠤ᠂ 80.5% ᠵᠢ ᠡᠵᠡᠯᠡᠨ᠂ ᠠᠳᠠᠯᠢ ᠬᠤᠭᠤᠴᠠᠭ᠋ᠠᠨ᠎ᠤ᠎ᠬᠢ᠎ᠠᠴᠠ 6.6 ᠵᠠᠭᠤᠨ᠎ᠤ ᠴᠡᠭ ᠳᠡᠭᠡᠭᠰᠢᠯᠡᠪᠡ; ᠴᠢᠨᠠᠷ ᠮᠠᠭᠤᠲᠠᠢ Ⅴ ᠲᠥᠷᠥᠯ᠎ᠤᠨ ᠤᠰᠤᠨ᠎ᠤ ᠴᠢᠨᠠᠷ᠎ᠤᠨ ᠣᠭᠲᠣᠯᠤᠭ᠋ᠠᠰᠤ 3 ᠪᠠᠶ᠋ᠢᠵᠤ᠂ 2.7% ᠵᠢ ᠡᠵᠡᠯᠡᠨ᠂ ᠠᠳᠠᠯᠢ ᠬᠤᠭᠤᠴᠠᠭ᠋ᠠᠨ᠎ᠤ᠎ᠬᠢ᠎ᠠᠴᠠ 0.8 ᠵᠠᠭᠤᠨ᠎ᠤ ᠴᠡᠭ ᠪᠠᠭᠤᠷᠠᠪᠠ᠃ (ᠠᠮᠢ ᠠᠬᠤᠢ ᠣᠷᠴᠢᠨ ᠲᠣᠭᠤᠷᠢᠨ᠎ᠤ ᠲᠢᠩᠬᠢᠮ)
   10 ᠳ᠋ᠤᠭ᠋ᠠᠷ ᠰᠠᠷ᠎ᠠ ᠵᠢᠨ 15᠎ᠤ ᠡᠳᠦᠷ᠂ ᠴᠢᠩᠬᠤᠸᠠ ᠶᠡᠭᠡ ᠰᠤᠷᠭ᠋ᠠᠭᠤᠯᠢ ᠵᠢᠨ ᠰᠤᠳᠤᠯᠤᠨ ᠦᠢ᠍ᠯᠡᠳᠦᠭᠰᠡᠨ 25 ᠺᠢᠯᠣᠭ᠌ᠷᠠᠮ᠎ᠤᠨ ᠠᠵᠤ ᠦᠢ᠍ᠯᠡᠳᠪᠦᠷᠢ ᠵᠢᠨ ᠳᠡᠰ᠎ᠤᠨ ᠵᠢᠯᠣᠭᠤᠴᠢ ᠦᠭᠡᠢ ᠨᠢᠰᠭᠡᠯ᠎ᠢ ᠬᠥᠬᠡᠬᠤᠲᠠ᠎ᠳᠤ ᠲᠤᠷᠰᠢᠨ ᠨᠢᠰᠭᠡᠪᠡ᠂ ᠬᠡᠯᠪᠡᠷᠢ ᠪᠠᠷᠢᠮᠵᠢᠶ᠎ᠠ ᠵᠢ᠎ᠨᠢ ᠲᠣᠭᠲᠠᠭ᠋ᠠᠵᠤ ᠪᠥᠭᠡᠮ ᠵᠶ᠋ᠠᠷ ᠦᠢ᠍ᠯᠡᠳᠪᠦᠷᠢᠯᠡᠭᠰᠡᠨ᠎ᠤ ᠳᠠᠷᠠᠭ᠎ᠠ ᠤᠰᠤᠨ ᠠᠰᠢᠭᠯᠠᠯᠲᠠ᠂ ᠲᠣᠭᠤᠷᠢᠨ ᠪᠠᠶ᠋ᠢᠴᠠᠭ᠋ᠠᠯᠲᠠ᠂ ᠭᠠᠯ ᠤᠨᠲᠠᠷᠠᠭ᠋ᠠᠯᠲᠠ᠂ ᠡᠳ᠋ ᠪᠠᠷᠠᠭ᠋ᠠᠨ᠎ᠤ ᠭᠦᠢ᠍ᠯᠭᠡᠭᠡ ᠵᠡᠷᠭᠡ ᠣᠯᠠᠨ ᠪᠠᠶ᠋ᠢᠳᠠᠯ᠎ᠳᠤ ᠥᠷᠭᠡᠨ ᠵᠶ᠋ᠠᠷ ᠬᠡᠷᠡᠭᠯᠡᠬᠦ ᠪᠣᠯᠤᠨ᠎ᠠ᠃ (ᠬᠥᠬᠡᠬᠤᠲᠠ ᠵᠢᠨ ᠵᠠᠰᠠᠭ᠎ᠤᠨ ᠣᠷᠳᠣᠨ)
 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠬᠥᠯᠥᠨ ᠪᠤᠶ᠋ᠢᠷ ᠬᠤᠲᠠ ᠡᠪᠦᠯ᠎ᠤᠨ ᠤᠯᠠᠷᠢᠯ᠎ᠤᠨ ᠮᠠᠰᠢᠨ ᠲᠡᠷᠭᠡ ᠰᠢᠯᠭ᠋ᠠᠬᠤ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠢᠳᠡᠪᠬᠢᠲᠡᠶ ᠠᠬᠢᠭᠤᠯᠵᠤ ᠪᠤᠢ
ᠮᠠᠨ᠎ᠤ ᠣᠷᠣᠨ ᠪᠥᠬᠦ ᠤᠯᠤᠰ᠎ᠤᠨ ᠪᠤᠳᠤᠯᠲᠠ ᠵᠢᠨ ᠴᠢᠳᠠᠪᠤᠷᠢ ᠬᠢᠭᠡᠳ ᠴᠠᠬᠢᠯᠭ᠋ᠠᠨ ᠬᠦᠴᠦ ᠵᠢ ᠬᠠᠮᠵᠢᠯᠴᠠᠨ ᠬᠦᠭᠵᠢᠭᠦᠯᠬᠦ ᠠᠩᠬᠠᠳᠠᠭᠴᠢ ᠲᠥᠰᠦᠯ᠎ᠢ ᠳᠠᠷᠤᠮᠠᠯᠯᠠᠨ ᠲᠠᠷᠬᠠᠭ᠋ᠠᠪᠠ
ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠡᠷᠲᠡᠬᠡᠨ ᠪᠠᠶ᠋ᠢᠷᠢᠯᠠᠭᠤᠯᠵᠤ ᠡᠪᠦᠯ ᠬᠠᠪᠤᠷ᠎ᠤᠨ ᠠᠪᠤᠷᠠᠨ ᠲᠤᠰᠠᠯᠠᠬᠤ ᠠᠵᠢᠯ᠎ᠢ ᠴᠢᠩᠭ᠋ᠠᠳᠬᠠᠪᠠ
ᠡᠳ᠋᠎ᠤᠨ ᠵᠠᠰᠠᠭ᠎ᠤᠨ ᠶᠠᠮᠤᠨ᠄ ᠲᠤᠰᠬᠠᠢ ᠵᠦᠢ᠍ᠯ᠎ᠤᠨ ᠦᠭᠴᠡᠭᠡ᠎ᠪᠠᠷ ᠦᠯᠡᠳᠡᠭᠡᠯ ᠲᠠᠸᠠᠷ᠎ᠤᠨ ᠤᠷᠤᠨ ᠰᠠᠭᠤᠴᠠ ᠬᠤᠳᠠᠯᠳᠤᠨ ᠠᠪᠬᠤ ᠵᠢ ᠣᠷᠣᠨ ᠨᠤᠲᠤᠭ ᠦᠪᠡᠰᠦᠪᠡᠨ ᠡᠵᠡᠨ ᠮᠡᠳᠡᠵᠦ ᠰᠠᠶ᠋ᠢᠨ ᠳᠤᠷ᠎ᠠ᠎ᠠᠴᠠ᠎ᠪᠠᠨ ᠬᠡᠷᠡᠭᠵᠢᠭᠦᠯᠦᠨ᠎ᠡ
ᠲᠦᠩᠯᠢᠶᠣᠤ ᠬᠤᠲᠠ 《ᠲᠠᠪᠤᠨ ᠲᠥᠪᠯᠡᠷᠡᠭᠦᠯᠬᠦ》 ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠰᠢᠯᠢᠳᠡᠭᠵᠢᠭᠦᠯᠦᠨ ᠪᠣᠳᠠᠲᠠᠶ᠋ᠢᠵᠢᠭᠤᠯᠪᠠ
 
            