ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
10 ᠳ᠋ᠤᠭ᠋ᠠᠷ ᠰᠠᠷ᠎ᠠ ᠵᠢᠨ 12᠎ᠤᠨ ᠡᠳᠦᠷ᠎ᠤᠨ ᠲᠣᠪᠴᠢ ᠮᠡᠳᠡᠭᠡ
ᠨᠡᠶᠢᠲᠡᠯᠡᠭᠰᠡᠨ ᠴᠠᠭ᠄ 2024-10-12


    ᠣᠳᠣᠬᠠᠨ᠎ᠳᠤ᠂ ᠬᠥᠬᠡᠬᠤᠲᠠ ᠨᠢᠭᠡᠨᠲᠡ ᠪᠣᠳᠤᠯᠲᠠ ᠵᠢᠨ ᠴᠢᠳᠠᠪᠤᠷᠢ ᠵᠢᠨ ᠲᠣᠣᠷ ᠰᠦᠯᠵᠢᠶ᠎ᠡ᠂ ᠣᠶᠤᠨᠴᠢ ᠦᠢ᠍ᠯᠡᠳᠬᠡᠯ᠂ ᠨᠡᠭᠦᠷᠡᠰᠦᠳᠦ᠋ᠷᠦᠭᠴᠢᠲᠦ ᠴᠢᠫ᠎ᠤᠨ ᠨᠡᠶ᠋ᠢᠯᠡᠮᠡᠯ ᠮᠠᠲ᠋ᠧᠷᠢᠶᠠᠯ᠂ ᠭᠤᠣᠯ ᠡᠰ᠎ᠤᠨ ᠠᠮᠢᠳᠤ ᠪᠣᠳᠠᠰ᠎ᠤᠨ ᠮᠡᠷᠭᠡᠵᠢᠯ ᠵᠡᠷᠭᠡ ᠨᠢᠭᠡ ᠪᠦᠯᠦᠭ ᠢᠷᠡᠭᠡᠳᠦᠢ ᠵᠢᠨ ᠠᠵᠤ ᠦᠢ᠍ᠯᠡᠰ᠎ᠤᠨ ᠭᠤᠣᠯᠳᠠᠯᠭ᠎ᠠ ᠪᠣᠯᠬᠤ ᠲᠦᠷᠦᠯ ᠵᠦᠢ᠍ᠯ᠎ᠢ 113 ᠪᠠᠶ᠋ᠢᠷᠢᠰᠢᠭᠤᠯᠵᠤ᠂ ᠶᠡᠷᠦᠩᠬᠡᠢ ᠪᠡᠯᠡ ᠣᠷᠣᠭᠤᠯᠤᠯᠲᠠ᠎ᠨᠢ 1038 ᠳ᠋ᠦᠩᠰᠢᠭᠤᠷ ᠲᠥᠭᠦᠷᠢᠭ᠎ᠲᠤ ᠬᠦᠷᠴᠡᠢ᠃ (ᠬᠥᠬᠡᠬᠤᠲᠠ ᠵᠢᠨ ᠵᠠᠰᠠᠭ᠎ᠤᠨ ᠣᠷᠳᠣᠨ)
   10 ᠳ᠋ᠤᠭ᠋ᠠᠷ ᠰᠠᠷ᠎ᠠ ᠵᠢᠨ 9᠎ᠤ ᠡᠳᠦᠷ᠂ ᠲᠥᠪ᠎ᠤᠨ ᠤᠬᠠᠭᠤᠯᠬᠤ ᠬᠡᠯᠲᠡᠰ᠎ᠠᠴᠠ 2024 ᠣᠨ᠎ᠤ ᠭᠤᠣᠯ ᠰᠡᠳᠦᠪᠲᠦ ᠬᠡᠪᠯᠡᠯ᠎ᠤᠨ ᠭᠤᠣᠯᠳᠠᠭᠤᠯᠵᠤ ᠬᠡᠪᠯᠡᠭᠦᠯᠬᠦ᠎ᠪᠠᠷ ᠰᠣᠩᠭᠤᠭᠰᠠᠨ ᠰᠡᠳᠦᠪ 171 ᠲᠦᠷᠦᠯ ᠪᠠᠶ᠋ᠢᠨ᠎ᠠ ᠭᠡᠵᠦ ᠨᠡᠶ᠋ᠢᠲᠡᠯᠡᠵᠦ᠂ ᠪᠠᠶᠠᠨᠨᠠᠭᠤᠷ ᠬᠤᠲᠠ ᠵᠢᠨ ᠵᠣᠬᠢᠶᠠᠯᠴᠢ ᠴᠧᠨ ᡁᠢ ᠭᠦᠸᠧ ᠵᠢᠨ ᠪᠢᠴᠢᠭᠰᠡᠨ ᠤᠷᠲᠤ ᠵᠣᠬᠢᠶᠠᠯ 《ᠤᠯᠠᠭ᠋ᠠᠨᠰᠤᠬᠠᠢ》 ᠭᠡᠬᠦ ᠮᠡᠳᠡᠭᠡᠯᠡᠯ᠎ᠤᠨ ᠤᠷᠠᠨ ᠵᠣᠬᠢᠶᠠᠯ᠎ᠨᠢ ᠰᠣᠩᠭᠤᠭᠳᠠᠪᠠ᠃ (ᠪᠠᠶᠠᠨᠨᠠᠭᠤᠷ ᠬᠤᠲᠠ ᠵᠢᠨ ᠵᠠᠰᠠᠭ᠎ᠤᠨ ᠣᠷᠳᠣᠨ)
   1 — 8 ᠳ᠋ᠤᠭ᠋ᠠᠷ ᠰᠠᠷ᠎ᠠ᠎ᠳᠤ᠂ ᠬᠥᠬᠡᠬᠤᠲᠠ ᠵᠢᠨ ᠶᠡᠷᠦᠩᠬᠡᠢ ᠭᠠᠶ᠋ᠢᠯᠢ ᠪᠠᠲᠤᠯᠠᠬᠤ ᠲᠣᠭᠤᠷᠢᠭ᠎ᠤᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠲᠤᠭ᠎ᠠ 63.35 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 103.3%᠎ᠪᠠᠷ ᠨᠡᠮᠡᠭᠳᠡᠪᠡ᠂ ᠡᠭᠦᠨ᠎ᠳᠤ ᠭᠠᠳᠠᠭ᠋ᠠᠳᠤ᠎ᠳᠤ ᠭᠠᠷᠭ᠋ᠠᠭᠰᠠᠨ ᠲᠤᠭ᠎ᠠ 16.64 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 820.4%᠎ᠪᠠᠷ ᠨᠡᠮᠡᠭᠳᠡᠪᠡ᠃ (ᠬᠤᠲᠣᠩ ᠠᠷᠠᠳ᠎ᠤᠨ ᠲᠣᠭᠤᠷᠢᠭ᠎ᠤᠨ ᠵᠠᠰᠠᠭ᠎ᠤᠨ ᠣᠷᠳᠤᠨ)
 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
10 ᠳ᠋ᠤᠭ᠋ᠠᠷ ᠰᠠᠷ᠎ᠠ ᠵᠢᠨ 14᠎ᠤ ᠡᠳᠦᠷ᠎ᠤᠨ ᠲᠣᠪᠴᠢ ᠮᠡᠳᠡᠭᠡ
ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ ᠪᠡᠯᠡᠨ ᠭᠡᠷ ᠪᠠᠶ᠋ᠢᠰᠢᠩ ᠪᠣᠷᠣᠯᠠᠭᠤᠯᠬᠤ ᠲᠤᠷᠰᠢᠯᠲᠠ ᠵᠢᠨ ᠴᠡᠭ᠎ᠤᠨ ᠠᠵᠢᠯ᠎ᠢ ᠡᠮᠬᠢ ᠵᠢᠷᠤᠮ᠎ᠲᠠᠢ᠎ᠪᠠᠷ ᠠᠬᠢᠭᠤᠯᠵᠤ ᠪᠣᠢ
ᠲᠦᠷᠦᠭᠦᠦ ᠭᠤᠷᠪᠠᠨ ᠤᠯᠠᠷᠢᠯ᠎ᠳᠤ ᠮᠠᠨ᠎ᠤ ᠣᠷᠣᠨ ᠬᠢᠭᠡᠳ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠶ᠋ᠢᠭᠤᠯᠬᠤ ᠤᠯᠤᠰ᠎ᠯᠤᠭ᠎ᠠ ᠵᠢᠨ ᠬᠢᠯᠢ ᠠᠯᠤᠰᠯᠠᠭᠰᠠᠨ ᠰᠢᠭᠤᠳ ᠪᠡᠯᠡ ᠣᠷᠣᠭᠤᠯᠤᠯᠲᠠ ᠵᠢᠨ ᠬᠠᠮᠲᠤᠷᠠᠯᠴᠠᠭ᠎ᠠ ᠦᠷᠨᠢᠩᠭᠦᠢ ᠬᠥᠭᠵᠢᠪᠡ
10 ᠳ᠋ᠤᠭ᠋ᠠᠷ ᠰᠠᠷ᠎ᠠ ᠵᠢᠨ 15᠎ᠤ ᠡᠳᠦᠷ᠎ᠤᠨ ᠲᠣᠪᠴᠢ ᠮᠡᠳᠡᠭᠡ
ᠮᠠᠨ᠎ᠤ ᠣᠷᠣᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠣᠨᠣᠯ᠎ᠤᠨ ᠲᠣᠶ᠋ᠢᠮᠤ》 ᠵᠢᠨ ᠪᠦᠷᠢᠨ ᠢᠵᠢᠲᠦ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ ᠵᠢ ᠤᠷᠢᠳ ᠵᠶ᠋ᠠᠷ ᠪᠠᠶ᠋ᠢᠭᠤᠯᠪᠠ
 
            