ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠢᠨᠠᠨ ᠪᠤᠳᠤᠬᠤ ᠲᠢᠩᠬᠢᠮ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠪᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠪᠠ
ᠨᠡᠶᠢᠲᠡᠯᠡᠭᠰᠡᠨ ᠴᠠᠭ᠄ 2024-10-18


   2023 ᠣᠨ᠎ᠳᠤ ᠥᠪᠡᠷᠲᠡᠭᠡᠨ ᠵᠠᠰᠠᠬᠤ ᠣᠷᠣᠨ᠎ᠤ ᠬᠢᠨᠠᠨ ᠪᠤᠳᠤᠬᠤ ᠲᠢᠩᠬᠢᠮ᠎ᠨᠢ ᠠᠶ᠋ᠢᠮᠠᠭ ᠬᠤᠲᠠ᠂ ᠬᠤᠰᠢᠭᠤ ᠰᠢᠶᠠᠨ᠎ᠤ ᠬᠢᠨᠠᠨ ᠪᠤᠳᠤᠬᠤ ᠪᠠᠶ᠋ᠢᠭᠤᠯᠭ᠎ᠠ᠎ᠨᠤᠭᠤᠳ᠎ᠢ ᠵᠣᠬᠢᠶᠠᠨ ᠪᠠᠶ᠋ᠢᠭᠤᠯᠵᠤ᠂ 39 ᠬᠤᠰᠢᠭᠤ ᠰᠢᠶᠠᠨ᠎ᠳᠤ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠎ᠳᠤ ᠲᠤᠰᠬᠠᠶ ᠬᠢᠨᠠᠨ ᠪᠤᠳᠤᠬᠤ ᠪᠠᠶ᠋ᠢᠴᠠᠭ᠋ᠠᠯᠲᠠ ᠪᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢᠨ ᠭᠤᠤᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠳᠤ ᠲᠤᠰᠬᠠᠶ ᠬᠢᠨᠠᠨ ᠪᠤᠳᠤᠬᠤ ᠠᠵᠢᠯ᠎ᠢ ᠥᠷᠨᠢᠭᠦᠯᠪᠡ᠃ ᠡᠨᠡ ᠵᠢᠯ᠎ᠤᠨ 9 ᠳ᠋ᠦ᠍ᠭᠡᠷ ᠰᠠᠷ᠎ᠠ ᠵᠢᠨ ᠰᠡᠭᠦᠯᠴᠢ ᠪᠣᠯᠲᠠᠯ᠎ᠠ᠂ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠬᠢᠨᠠᠨ ᠪᠣᠳᠣᠬᠤ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ 10 ᠶᠡᠭᠡ ᠲᠥᠷᠥᠯ᠎ᠤᠨ 511 ᠠᠰᠠᠭᠤᠳᠠᠯ᠎ᠤᠨ ᠳᠣᠲᠤᠷᠠᠬᠢ 462 ᠠᠰᠠᠭᠤᠳᠠᠯ᠎ᠢ ᠨᠢᠭᠡᠨᠲᠡ ᠴᠡᠭᠴᠡᠯᠡᠨ ᠰᠠᠶ᠋ᠢᠵᠢᠷᠠᠭᠤᠯᠵᠤ᠂ ᠴᠡᠭᠴᠡᠯᠡᠨ ᠰᠠᠶ᠋ᠢᠵᠢᠷᠠᠭᠤᠯᠤᠭᠰᠠᠨ ᠨᠣᠷᠮ᠎ᠠ᠎ᠨᠢ 90%᠎ᠳᠤ ᠬᠦᠷᠪᠡ; ᠰᠤᠯᠠ ᠲᠠᠯᠪᠢᠭᠳᠠᠵᠤ ᠪᠠᠶ᠋ᠢᠭ᠎ᠠ 2731.76 ᠲᠦᠮᠡᠨ ᠲᠦᠭᠦᠷᠢᠭ᠎ᠤᠨ ᠪᠡᠯᠡ ᠮᠦᠩᠬᠦ ᠪᠠ ᠡᠳ᠋ ᠬᠦᠷᠦᠩᠭᠡ ᠵᠢ ᠭᠦᠢ᠍ᠯᠭᠡᠭᠡᠨ᠎ᠲᠠᠢ ᠪᠣᠯᠭ᠋ᠠᠵᠤ᠂ 9 ᠠᠶ᠋ᠢᠮᠠᠭ ᠬᠤᠲᠠ ᠵᠢᠨ 13 ᠬᠤᠰᠢᠭᠤ ᠰᠢᠶᠠᠨ᠎ᠢ ᠰᠢᠮᠳᠠᠭᠤᠯᠵᠤ ᠪᠠᠶ᠋ᠢᠭ᠋ᠠᠳ 35.38 ᠲᠦᠮᠡᠨ ᠬᠦᠮᠦᠨ᠎ᠳᠤ 20728.28 ᠲᠥᠮᠡᠨ ᠲᠥᠭᠦᠷᠢᠭ᠎ᠤᠨ ᠠᠷᠠᠳ᠎ᠲᠤ ᠠᠰᠢᠭ ᠬᠦᠷᠲᠡᠭᠡᠨ ᠲᠠᠷᠢᠶᠠᠴᠢᠳ᠎ᠲᠤ ᠠᠰᠢᠭ ᠬᠦᠷᠲᠡᠭᠡᠬᠦ ᠲᠦᠷᠦᠯ᠎ᠤᠨ ᠨᠦᠬᠦᠪᠦᠷᠢ ᠮᠦᠩᠭᠦ ᠵᠢ ᠣᠯᠭᠤᠪᠠ; ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠵᠢᠴᠢ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠤ ᠰᠢᠯᠵᠢᠭᠦᠯᠦᠨ ᠬᠦᠷᠭᠡᠭᠰᠡᠨ ᠰᠦᠪᠡᠭᠴᠢ 27 ᠪᠠᠶ᠋ᠢᠵᠤ᠂ ᠨᠢᠭᠡᠨᠲᠡ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠠᠨ ᠬᠠᠷᠢᠭᠤ ᠳᠤᠰᠬᠠᠭᠰᠠᠨ᠎ᠨᠢ 26 ᠪᠠᠶ᠋ᠢᠵᠤ᠂ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠣᠯᠬᠤ 26 ᠬᠦᠮᠦᠨ᠎ᠳᠤ ᠰᠢᠢ᠍ᠳᠬᠡᠯ ᠥᠭᠪᠡ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠤ ᠬᠢᠨᠠᠨ ᠪᠣᠳᠤᠯᠲᠠ᠎ᠳᠤ ᠢᠯᠡᠷᠡᠭᠦᠯᠦᠭᠰᠡᠨ 223 ᠠᠰᠠᠭᠤᠳᠠᠯ᠎ᠤᠨ ᠳᠣᠲᠤᠷᠠᠬᠢ 214 ᠠᠰᠠᠭᠤᠳᠠᠯ᠎ᠢ ᠨᠢᠭᠡᠨᠲᠡ ᠴᠡᠭᠴᠡᠯᠡᠨ ᠰᠠᠶ᠋ᠢᠵᠢᠷᠠᠭᠤᠯᠵᠤ᠂ ᠴᠡᠭᠴᠡᠯᠡᠨ ᠰᠠᠶ᠋ᠢᠵᠢᠷᠠᠭᠤᠯᠤᠭᠰᠠᠨ ᠨᠤᠷᠮ᠎ᠠ᠎ᠨᠢ 96%᠎ᠳᠤ ᠬᠦᠷᠴᠦ᠂ ᠰᠤᠯᠠ ᠲᠠᠯᠪᠢᠭᠳᠠᠵᠤ ᠪᠠᠶ᠋ᠢᠭ᠎ᠠ 5902.31 ᠲᠦᠮᠡᠨ ᠲᠥᠭᠦᠷᠢᠭ᠎ᠤᠨ ᠪᠡᠯᠡ ᠮᠦᠩᠬᠦ ᠪᠠ ᠡᠳ᠋ ᠬᠦᠷᠦᠩᠭᠡ ᠵᠢ ᠭᠦᠢ᠍ᠯᠭᠡᠭᠡᠨ᠎ᠲᠠᠢ ᠪᠣᠯᠭ᠋ᠠᠵᠤ᠂ 40 ᠵᠦᠢ᠍ᠯ᠎ᠤᠨ ᠳᠦᠷᠢᠮ᠎ᠢ ᠲᠣᠭᠲᠠᠭ᠋ᠠᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠣᠯᠬᠤ 11 ᠬᠦᠮᠦᠨ᠎ᠳᠤ ᠰᠢᠢ᠍ᠳᠬᠡᠯ ᠥᠭᠴᠡᠢ᠃ (ᠬᠢᠨᠠᠨ ᠪᠣᠳᠣᠬᠤ ᠲᠢᠩᠬᠢᠮ)

ᠢᠷᠡᠯᠲᠡ᠄
          
ᠬᠠᠮᠢᠶ᠎ᠡ ᠪᠦᠬᠦᠢ ᠰᠣᠨᠢᠨ
10 ᠳ᠋ᠤᠭ᠋ᠠᠷ ᠰᠠᠷ᠎ᠠ ᠵᠢᠨ 15᠎ᠤ ᠡᠳᠦᠷ ᠪᠦᠬᠦ ᠪᠥᠮᠪᠥᠷᠴᠡᠭ᠎ᠲᠠᠬᠢ ᠬᠠᠮᠤᠭ᠎ᠤᠨ ᠶᠡᠭᠡ ᠬᠤᠪᠣᠷ ᠰᠢᠷᠣᠢ ᠵᠢᠨ ᠲᠦᠭᠦᠬᠡᠶ ᠮᠠᠲ᠋ᠧᠷᠢᠶᠠᠯ᠎ᠤᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠪᠤᠭᠤᠲᠤ ᠬᠤᠲᠠ᠎ᠳᠤ ᠠᠰᠢᠭᠯᠠᠯᠲᠠ᠎ᠳᠤ ᠣᠷᠣᠪᠠ
10 ᠳ᠋ᠤᠭ᠋ᠠᠷ ᠰᠠᠷ᠎ᠠ ᠵᠢᠨ 18᠎ᠤ ᠡᠳᠦᠷ᠎ᠤᠨ ᠲᠣᠪᠴᠢ ᠮᠡᠳᠡᠭᠡ
ᠬᠥᠯᠥᠨ ᠪᠤᠶ᠋ᠢᠷ ᠬᠤᠲᠠ ᠡᠪᠦᠯ᠎ᠤᠨ ᠤᠯᠠᠷᠢᠯ᠎ᠤᠨ ᠮᠠᠰᠢᠨ ᠲᠡᠷᠭᠡ ᠰᠢᠯᠭ᠋ᠠᠬᠤ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠢᠳᠡᠪᠬᠢᠲᠡᠶ ᠠᠬᠢᠭᠤᠯᠵᠤ ᠪᠤᠢ
ᠮᠠᠨ᠎ᠤ ᠣᠷᠣᠨ ᠪᠥᠬᠦ ᠤᠯᠤᠰ᠎ᠤᠨ ᠪᠤᠳᠤᠯᠲᠠ ᠵᠢᠨ ᠴᠢᠳᠠᠪᠤᠷᠢ ᠬᠢᠭᠡᠳ ᠴᠠᠬᠢᠯᠭ᠋ᠠᠨ ᠬᠦᠴᠦ ᠵᠢ ᠬᠠᠮᠵᠢᠯᠴᠠᠨ ᠬᠦᠭᠵᠢᠭᠦᠯᠬᠦ ᠠᠩᠬᠠᠳᠠᠭᠴᠢ ᠲᠥᠰᠦᠯ᠎ᠢ ᠳᠠᠷᠤᠮᠠᠯᠯᠠᠨ ᠲᠠᠷᠬᠠᠭ᠋ᠠᠪᠠ
ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠡᠷᠲᠡᠬᠡᠨ ᠪᠠᠶ᠋ᠢᠷᠢᠯᠠᠭᠤᠯᠵᠤ ᠡᠪᠦᠯ ᠬᠠᠪᠤᠷ᠎ᠤᠨ ᠠᠪᠤᠷᠠᠨ ᠲᠤᠰᠠᠯᠠᠬᠤ ᠠᠵᠢᠯ᠎ᠢ ᠴᠢᠩᠭ᠋ᠠᠳᠬᠠᠪᠠ
 
            