ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠥᠯᠥᠨ ᠪᠤᠶ᠋ᠢᠷ ᠬᠤᠲᠠ ᠡᠪᠦᠯ᠎ᠤᠨ ᠤᠯᠠᠷᠢᠯ᠎ᠤᠨ ᠮᠠᠰᠢᠨ ᠲᠡᠷᠭᠡ ᠰᠢᠯᠭ᠋ᠠᠬᠤ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠢᠳᠡᠪᠬᠢᠲᠡᠶ ᠠᠬᠢᠭᠤᠯᠵᠤ ᠪᠤᠢ
ᠨᠡᠶᠢᠲᠡᠯᠡᠭᠰᠡᠨ ᠴᠠᠭ᠄ 2024-10-20


    ᠤᠯᠤᠰ᠎ᠤᠨ ᠲᠠᠰ᠎ᠤᠨ ᠦᠨᠳᠦᠷ ᠬᠦᠢ᠍ᠲᠡᠨ᠎ᠳᠠᠬᠢ ᠮᠠᠰᠢᠨ ᠲᠡᠷᠭᠡᠨ᠎ᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠲᠥᠪ᠎ᠤᠨ ᠲᠣᠭᠤᠷᠢᠨ᠎ᠳᠤ᠂ ᠤᠷᠢᠳ ᠬᠤᠵᠢᠳ ᠳᠡᠯᠡᠬᠡᠶ ᠵᠢᠨ 500 ᠬᠦᠴᠦᠷᠬᠡᠭ ᠠᠵᠤ ᠠᠬᠤᠶ᠋ᠢᠯᠠᠯ ᠪᠣᠯᠬᠤ ᠭᠧᠷᠮᠠᠨ᠎ᠤ ᠪᠦᠸᠧᠱ᠌ᠢ ᠪᠦᠯᠦᠭᠯᠡᠯ᠂ ᠣᠯᠠᠨ ᠤᠯᠤᠰ᠎ᠤᠨ ᠨᠠᠷᠠᠲᠤ ᠮᠠᠰᠢᠨ ᠲᠡᠷᠭᠡᠨ᠎ᠤ ᠰᠢᠯᠭ᠋ᠠᠨ ᠪᠠᠶ᠋ᠢᠴᠠᠭ᠋ᠠᠯᠲᠠ ᠵᠢᠨ ᠦᠢ᠍ᠯᠡᠴᠢᠯᠡᠭᠡ ᠬᠠᠩᠭ᠋ᠠᠬᠤ ᠪᠦᠯᠦᠭᠯᠡᠯ NMI᠎ᠤᠨ ᠬᠠᠷᠢᠶᠠᠲᠤ ᠳᠠᠭ᠋ᠠᠭᠤᠯ ᠺᠣᠮᠫᠠᠨᠢ ᠪᠣᠯᠬᠤ ᠰᠸᠧᠲᠧᠨ᠎ᠤ ᠠᠶ᠋ᠢᠲ᠋ᠧᠮᠦ᠋ ᠺᠣᠮᠫᠠᠨᠢ ᠪᠠ ᠲᠥᠪ᠎ᠤᠨ ᠰᠢᠭᠤᠳ ᠬᠠᠷᠢᠶ᠎ᠠ ᠠᠵᠤ ᠠᠬᠤᠶ᠋ᠢᠯᠠᠯ ᠪᠣᠯᠬᠤ ᠳᠤᠮᠳᠠᠳᠤ ᠤᠯᠤᠰ᠎ᠤᠨ ᠮᠠᠰᠢᠨ ᠲᠡᠷᠭᠡᠨ᠎ᠤ ᠮᠡᠷᠭᠡᠵᠢᠯ᠎ᠤᠨ ᠰᠤᠳᠤᠯᠭ᠋ᠠᠨ᠎ᠤ ᠲᠥᠪ᠎ᠢ ᠣᠷᠣᠭᠤᠯᠤᠨ ᠠᠪᠴᠢᠷᠠᠵᠤ᠂ ᠡᠮᠦᠨ᠎ᠡ ᠦᠵᠦᠭᠦᠷ᠎ᠤᠨ ᠴᠢᠫ᠂ ᠮᠠᠰᠢᠨ ᠲᠡᠷᠭᠡᠨ᠎ᠤ ᠰᠡᠯᠪᠢᠭ ᠲᠣᠨᠤᠭ᠎ᠤᠨ ᠡᠪᠦᠯ᠎ᠤᠨ ᠤᠯᠠᠷᠢᠯ᠎ᠳᠤ ᠰᠤᠳᠤᠯᠤᠨ ᠨᠡᠭᠡᠭᠡᠬᠦ ᠲᠤᠷᠰᠢᠯᠲᠠ ᠵᠢᠨ ᠠᠵᠤ ᠦᠢ᠍ᠯᠡᠰ᠂ ᠳᠤᠮᠳᠠ ᠦᠵᠦᠭᠦᠷ᠎ᠤᠨ ᠪᠦᠬᠦᠯᠢ ᠪᠦᠲᠦᠨ ᠮᠠᠰᠢᠨ ᠲᠡᠷᠭᠡᠨ᠎ᠤ ᠬᠦᠢ᠍ᠲᠡᠨ᠎ᠳᠤ ᠳᠠᠭ᠋ᠠᠭ᠋ᠠᠮᠠᠭ᠋ᠠᠢ ᠵᠢ ᠰᠢᠯᠭ᠋ᠠᠨ ᠪᠠᠶ᠋ᠢᠴᠠᠭ᠋ᠠᠬᠤ ᠠᠵᠤ ᠦᠢ᠍ᠯᠡᠰ᠂ ᠲᠡᠭᠦᠰᠭᠡᠯ᠎ᠤᠨ ᠦᠵᠦᠭᠦᠷ᠎ᠤᠨ ᠳᠡᠭᠡᠳᠦ ᠲᠠᠰ᠎ᠤᠨ ᠮᠠᠰᠢᠨ ᠲᠡᠷᠭᠡᠨ᠎ᠤ ᠲᠤᠷᠰᠢᠨ ᠰᠠᠭᠤᠵᠤ ᠲᠤᠷᠰᠢᠨ ᠵᠢᠯᠣᠭᠤᠳᠬᠤ ᠪᠠ ᠭᠤᠷᠪᠠᠳᠠᠬᠢ ᠡᠲᠡᠭᠡᠳ᠎ᠤᠨ ᠦᠨᠡᠯᠡᠨ ᠰᠢᠯᠭ᠋ᠠᠬᠤ ᠠᠵᠤ ᠦᠢ᠍ᠯᠡᠰ᠎ᠤᠨ ᠪᠦᠷᠢᠨ ᠪᠦᠲᠦᠨ ᠠᠵᠤ ᠦᠢ᠍ᠯᠡᠰ᠎ᠤᠨ 3 ᠬᠡᠯᠬᠢᠶ᠎ᠡ ᠵᠢ ᠪᠣᠶ ᠪᠣᠯᠭ᠋ᠠᠨ᠎ᠠ᠂ ᠡᠨᠡ᠎ᠨᠢ 10 ᠭᠠᠷᠤᠶ ᠵᠦᠢ᠍ᠯ᠎ᠤᠨ ᠲᠥᠷᠥᠯ ᠢᠯᠭ᠋ᠠᠯ᠎ᠢ ᠰᠢᠯᠭ᠋ᠠᠬᠤ ᠲᠤᠬᠠᠶ᠋ᠢᠯᠠᠭᠰᠠᠨ ᠠᠵᠢᠯ᠎ᠳᠤ ᠬᠤᠯᠪᠤᠭᠳᠠᠬᠤ ᠪᠤᠯᠤᠨ᠎ᠠ᠃ ᠣᠳᠣᠬᠠᠨ ᠪᠣᠯᠲᠠᠯ᠎ᠠ᠂ ᠨᠡᠶ᠋ᠢᠲᠡ 2.5 ᠲᠦᠮᠡ ᠭᠠᠷᠤᠶ ᠲᠡᠷᠭᠡ ᠬᠥᠰᠬᠡ ᠵᠢ ᠲᠤᠷᠰᠢᠨ ᠪᠠᠶ᠋ᠢᠴᠠᠭ᠋ᠠᠵᠤ᠂ 10 ᠰᠢᠬᠠᠮ ᠳ᠋ᠦᠩᠰᠢᠭᠤᠷ ᠲᠥᠭᠦᠷᠢᠭ᠎ᠤᠨ ᠣᠷᠣᠯᠭ᠎ᠠ ᠵᠢ ᠪᠡᠶᠡᠯᠡᠭᠦᠯᠪᠡ᠃ (ᠬᠦᠯᠦᠨ ᠪᠤᠶ᠋ᠢᠷ ᠬᠤᠳᠠ ᠵᠢᠨ ᠵᠠᠰᠠᠭ᠎ᠤᠨ ᠤᠷᠳᠤᠨ)

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠪᠥᠬᠦ ᠤᠯᠤᠰ᠎ᠤᠨ ᠪᠤᠳᠤᠯᠲᠠ ᠵᠢᠨ ᠴᠢᠳᠠᠪᠤᠷᠢ ᠬᠢᠭᠡᠳ ᠴᠠᠬᠢᠯᠭ᠋ᠠᠨ ᠬᠦᠴᠦ ᠵᠢ ᠬᠠᠮᠵᠢᠯᠴᠠᠨ ᠬᠦᠭᠵᠢᠭᠦᠯᠬᠦ ᠠᠩᠬᠠᠳᠠᠭᠴᠢ ᠲᠥᠰᠦᠯ᠎ᠢ ᠳᠠᠷᠤᠮᠠᠯᠯᠠᠨ ᠲᠠᠷᠬᠠᠭ᠋ᠠᠪᠠ
ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠡᠷᠲᠡᠬᠡᠨ ᠪᠠᠶ᠋ᠢᠷᠢᠯᠠᠭᠤᠯᠵᠤ ᠡᠪᠦᠯ ᠬᠠᠪᠤᠷ᠎ᠤᠨ ᠠᠪᠤᠷᠠᠨ ᠲᠤᠰᠠᠯᠠᠬᠤ ᠠᠵᠢᠯ᠎ᠢ ᠴᠢᠩᠭ᠋ᠠᠳᠬᠠᠪᠠ
ᠡᠳ᠋᠎ᠤᠨ ᠵᠠᠰᠠᠭ᠎ᠤᠨ ᠶᠠᠮᠤᠨ᠄ ᠲᠤᠰᠬᠠᠢ ᠵᠦᠢ᠍ᠯ᠎ᠤᠨ ᠦᠭᠴᠡᠭᠡ᠎ᠪᠠᠷ ᠦᠯᠡᠳᠡᠭᠡᠯ ᠲᠠᠸᠠᠷ᠎ᠤᠨ ᠤᠷᠤᠨ ᠰᠠᠭᠤᠴᠠ ᠬᠤᠳᠠᠯᠳᠤᠨ ᠠᠪᠬᠤ ᠵᠢ ᠣᠷᠣᠨ ᠨᠤᠲᠤᠭ ᠦᠪᠡᠰᠦᠪᠡᠨ ᠡᠵᠡᠨ ᠮᠡᠳᠡᠵᠦ ᠰᠠᠶ᠋ᠢᠨ ᠳᠤᠷ᠎ᠠ᠎ᠠᠴᠠ᠎ᠪᠠᠨ ᠬᠡᠷᠡᠭᠵᠢᠭᠦᠯᠦᠨ᠎ᠡ
ᠲᠦᠩᠯᠢᠶᠣᠤ ᠬᠤᠲᠠ 《ᠲᠠᠪᠤᠨ ᠲᠥᠪᠯᠡᠷᠡᠭᠦᠯᠬᠦ》 ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠰᠢᠯᠢᠳᠡᠭᠵᠢᠭᠦᠯᠦᠨ ᠪᠣᠳᠠᠲᠠᠶ᠋ᠢᠵᠢᠭᠤᠯᠪᠠ
ᠦᠪᠦᠷ ᠮᠤᠩᠭᠤᠯ ᠤᠷᠤᠨ᠎ᠳᠠᠬᠢ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
 
            