ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
9 ᠳ᠋ᠦ᠍ᠭᠡᠷ ᠰᠠᠷ᠎ᠠ ᠵᠢᠨ 28᠎ᠤ ᠡᠳᠦᠷ ᠶᠡᠷᠦᠩᠬᠡᠢ ᠪᠡᠯᠡ ᠣᠷᠣᠭᠤᠯᠤᠯᠲᠠ᠎ᠨᠢ 157 ᠳ᠋ᠦᠩᠰᠢᠭᠤᠷ ᠲᠥᠭᠦᠷᠢᠭ᠎ᠤᠨ ᠰᠠᠨ ᠰᠢᠶᠠ ᠪᠦᠯᠦᠭᠯᠡᠯ᠎ᠤᠨ ᠬᠥᠪᠴᠢ ᠵᠢᠨ ᠳᠤᠮᠳᠠ ᠬᠤᠶ᠋ᠢᠲᠤ ᠬᠡᠰᠡᠭ᠎ᠤᠨ ᠰᠢᠨ᠎ᠡ ᠡᠨᠧᠷᠭᠢ ᠵᠢᠨ ᠰᠠᠭᠤᠷᠢᠨ ᠭᠠᠵᠠᠷ᠎ᠤᠨ ᠢᠵᠢ ᠪᠦᠷᠢᠳᠦᠭᠦᠯᠦᠭᠰᠡᠨ ᠨᠡᠭᠦᠷᠡᠰᠦ ᠴᠠᠬᠢᠯᠭ᠋ᠠᠨ᠎ᠤ ᠲᠥᠷᠥᠯ ᠵᠦᠢ᠍ᠯ ᠠᠵᠢᠯ ᠡᠬᠢᠯᠡᠪᠡ
ᠨᠡᠶᠢᠲᠡᠯᠡᠭᠰᠡᠨ ᠴᠠᠭ᠄ 2024-09-30


   9 ᠳ᠋ᠦ᠍ᠭᠡᠷ ᠰᠠᠷ᠎ᠠ ᠵᠢᠨ 28᠎ᠤ ᠡᠳᠦᠷ ᠶᠡᠷᠦᠩᠬᠡᠢ ᠪᠡᠯᠡ ᠣᠷᠣᠭᠤᠯᠤᠯᠲᠠ᠎ᠨᠢ 157 ᠳ᠋ᠦᠩᠰᠢᠭᠤᠷ ᠲᠥᠭᠦᠷᠢᠭ᠎ᠤᠨ ᠰᠠᠨ ᠰᠢᠶᠠ ᠪᠦᠯᠦᠭᠯᠡᠯ᠎ᠤᠨ ᠬᠥᠪᠴᠢ ᠵᠢᠨ ᠳᠤᠮᠳᠠ ᠬᠤᠶ᠋ᠢᠲᠤ ᠬᠡᠰᠡᠭ᠎ᠤᠨ ᠰᠢᠨ᠎ᠡ ᠡᠨᠧᠷᠭᠢ ᠵᠢᠨ ᠰᠠᠭᠤᠷᠢᠨ ᠭᠠᠵᠠᠷ᠎ᠤᠨ ᠢᠵᠢ ᠪᠦᠷᠢᠳᠦᠭᠦᠯᠦᠭᠰᠡᠨ ᠨᠡᠭᠦᠷᠡᠰᠦ ᠴᠠᠬᠢᠯᠭ᠋ᠠᠨ᠎ᠤ ᠲᠥᠷᠥᠯ ᠵᠦᠢ᠍ᠯ ᠠᠵᠢᠯ ᠡᠬᠢᠯᠡᠪᠡ᠃ ᠲᠥᠷᠥᠯ ᠵᠦᠢ᠍ᠯ᠎ᠨᠢ ᠭᠤᠤᠯᠳᠠᠭᠤ 4 × 1000MW ᠳᠠᠮ᠎ᠤᠨ ᠠᠭ᠋ᠠᠷ ᠬᠦᠷᠦᠭᠡᠬᠦ ᠥᠨᠳᠥᠷ ᠪᠦᠲᠦᠮᠵᠢᠲᠡᠶ ᠬᠢᠵᠠᠭ᠋ᠠᠷ᠎ᠠᠴᠠ ᠬᠡᠳᠦ ᠳᠠᠪᠠᠭᠰᠠᠨ ᠨᠡᠭᠦᠷᠡᠰᠦ ᠰᠢᠲᠠᠭ᠋ᠠᠬᠤ ᠮᠠᠰᠢᠨ ᠴᠣᠭᠴᠠᠯᠠᠪᠤᠷᠢ ᠵᠢ ᠪᠥᠲᠥᠭᠡᠨ ᠪᠠᠶ᠋ᠢᠭᠤᠯᠵᠤ᠂ ᠵᠢᠯ᠎ᠤᠨ ᠠᠰᠢᠭᠯᠠᠯᠲᠠ ᠵᠢᠨ ᠴᠠᠭ᠎ᠤᠨ ᠤᠷᠲᠤ 4500h ᠣᠷᠴᠢᠮ ᠪᠠᠶ᠋ᠢᠵᠤ᠂ ᠵᠢᠯ᠎ᠳᠤ ᠲᠣᠣᠷ᠎ᠲᠤ ᠨᠡᠶ᠋ᠢᠯᠡᠭᠦᠯᠦᠨ ᠭᠠᠷᠭ᠋ᠠᠭᠰᠠᠨ ᠴᠠᠬᠢᠯᠭ᠋ᠠᠨ᠎ᠤ ᠬᠡᠮᠵᠢᠶ᠎ᠡ ᠪᠠᠷᠤᠭ 160 ᠳ᠋ᠦᠩᠰᠢᠭᠤᠷ kWh ᠪᠣᠯᠤᠨ᠎ᠠ᠃ ᠲᠣᠰ ᠨᠡᠭᠦᠷᠡᠰᠦ ᠴᠠᠬᠢᠯᠭ᠋ᠠᠨ᠎ᠤ ᠲᠥᠷᠥᠯ ᠵᠦᠢ᠍ᠯ᠎ᠨᠢ ᠰᠠᠭᠤᠷᠢᠨ ᠭᠠᠵᠠᠷ᠎ᠤᠨ ᠰᠠᠯᠬᠢ ᠭᠡᠷᠡᠯ᠎ᠤᠨ ᠡᠬᠢ ᠪᠠᠶᠠᠯᠢᠭ ᠵᠶ᠋ᠠᠷ ᠰᠠᠭᠤᠷᠢ ᠪᠣᠯᠭ᠋ᠠᠵᠤ᠂ ᠵᠠᠭᠤᠨ ᠲᠦᠮᠡᠨ ᠮᠠᠰᠢᠨ ᠴᠣᠭᠴᠠᠯᠠᠪᠤᠷᠢ ᠵᠢᠨ ᠣᠷᠭᠢᠯ᠎ᠤᠨ ᠬᠡᠮᠵᠢᠭᠳᠡᠯ᠎ᠤᠨ ᠭᠦᠨᠴᠠ ᠲᠣᠬᠢᠷᠠᠭᠤᠯᠬᠤ ᠮᠡᠷᠭᠡᠵᠢᠯ᠂ ᠠᠮᠢᠳᠤᠯᠢᠭ ᠴᠢᠨᠠᠷᠲᠠᠶ ᠡᠵᠡᠮᠳᠡᠬᠦ ᠮᠡᠷᠭᠡᠵᠢᠯ᠂ ᠤᠶᠤᠨᠲᠤ ᠴᠠᠬᠢᠯᠭ᠋ᠠᠨ ᠦᠢ᠍ᠯᠡᠳᠪᠦᠷᠢ ᠵᠢᠨ ᠮᠡᠷᠭᠡᠵᠢᠯ ᠵᠡᠷᠭᠡ ᠮᠡᠷᠭᠡᠵᠢᠯ᠎ᠲᠠᠢ ᠤᠶᠠᠯᠳᠤᠭᠤᠯᠤᠨ ᠰᠢᠨ᠎ᠡ ᠵᠢ ᠡᠭᠦᠳᠬᠦ ᠴᠢᠨᠠᠷᠲᠠᠶ ᠬᠡᠷᠡᠭᠯᠡᠯᠲᠡ ᠬᠢᠵᠦ᠂ ᠣᠯᠠᠨ ᠤᠯᠤᠰ᠎ᠲᠠᠬᠢ ᠠᠩᠬᠠᠳᠠᠭᠴᠢ᠂ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠳᠤ ᠵᠢᠭᠰᠠᠭ᠋ᠠᠭᠳᠠᠬᠤ ᠮᠢᠩᠭ᠋ᠠᠨ ᠲᠦᠮᠡᠨ ᠺᠢᠯᠣᠸᠠᠲ᠎ᠤᠨ ᠲᠠᠰ᠎ᠤᠨ ᠰᠠᠯᠬᠢ ᠭᠡᠷᠡᠯᠴᠢ ᠢᠯᠴᠢ ᠨᠥᠭᠡᠴᠡᠯᠡᠬᠦ ᠪᠦᠬᠦᠢ ᠰᠢᠨ᠎ᠡ ᠡᠨᠧᠷᠭᠢ ᠵᠢᠨ ᠰᠠᠭᠤᠷᠢᠨ ᠭᠠᠵᠠᠷ᠎ᠤᠨ ᠰᠢᠨ᠎ᠡ ᠨᠢᠭᠡ ᠦᠶ᠎ᠡ ᠵᠢᠨ ᠨᠡᠭᠦᠷᠡᠰᠦ ᠰᠢᠲᠠᠭ᠋ᠠᠯᠲᠠ ᠵᠢᠨ ᠴᠠᠬᠢᠯᠭ᠋ᠠᠨ ᠥᠷᠲᠡᠭᠡ ᠵᠢ ᠪᠥᠲᠥᠭᠡᠨ ᠪᠠᠶ᠋ᠢᠭᠤᠯᠬᠤ ᠪᠣᠯᠣᠨ᠎ᠠ᠃ ᠲᠥᠷᠥᠯ ᠵᠦᠢ᠍ᠯ᠎ᠢ ᠪᠠᠶ᠋ᠢᠭᠤᠯᠤᠭ᠋ᠠᠳ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂ ᠵᠢᠯ ᠪᠦᠷᠢ ᠪᠡᠭᠡᠵᠢᠩ ᠲᠢᠶᠠᠨᠵᠢᠨ ᠾᠧᠪᠧᠶ ᠭᠠᠵᠠᠷ ᠣᠷᠣᠨ᠎ᠳᠤ 360 — 440 ᠳ᠋ᠦᠩᠰᠢᠭᠤᠷ kWh ᠴᠠᠬᠢᠯᠭ᠋ᠠᠨ᠎ᠢ ᠲᠣᠭᠲᠠᠭᠤᠨ ᠵᠶ᠋ᠠᠷ ᠬᠦᠷᠭᠡᠬᠦ ᠪᠣᠯᠤᠨ᠎ᠠ᠃ (ᠤᠷᠳᠤᠰ ᠬᠤᠳᠠ ᠵᠢᠨ ᠵᠠᠰᠠᠭ᠎ᠤᠨ ᠣᠷᠳᠣᠨ)

   


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠲᠦᠷᠦᠭᠦᠦ ᠭᠤᠷᠪᠠᠨ ᠤᠯᠠᠷᠢᠯ᠎ᠳᠤ ᠥᠪᠥᠷ ᠮᠣᠩᠭᠤᠯ᠎ᠤᠨ ᠡᠨᠧᠷᠬᠢ ᠵᠢᠨ ᠪᠦᠯᠦᠭᠯᠡᠯ 10.3 ᠳ᠋ᠦᠩᠰᠢᠭᠤᠷ ᠲᠥᠭᠦᠷᠢᠭ᠎ᠤᠨ ᠠᠰᠢᠭ ᠣᠯᠵᠠᠪᠤᠷᠢ ᠣᠯᠪᠠ
10 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠲᠣᠪᠴᠢ ᠮᠡᠳᠡᠭᠡ
2023 ᠣᠨ᠎ᠳᠤ ᠪᠥᠬᠦ ᠣᠷᠣᠨ᠎ᠤ R&D᠎ᠤᠨ ᠵᠠᠷᠤᠳᠠᠯ 228.1 ᠳ᠋ᠦᠩᠰᠢᠭᠤᠷ ᠲᠥᠭᠦᠷᠢᠭ᠎ᠲᠤ ᠬᠦᠷᠴᠦ ᠠᠳᠠᠯᠢ ᠬᠤᠭᠤᠴᠠᠭ᠋ᠠᠨ᠎ᠤ᠎ᠬᠢ᠎ᠠᠴᠠ 8. 9%᠎ᠪᠠᠷ ᠨᠡᠮᠡᠭᠳᠡᠪᠡ
ᠪᠡᠭᠡᠵᠢᠩ ᠲᠢᠶᠠᠨᠵᠢᠨ ᠡᠾᠧᠪᠸᠢ ᠵᠢᠨ ᠤᠯᠤᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠎ᠤᠨ ᠬᠥᠬᠡᠬᠤᠲᠠ᠎ᠳᠠᠬᠢ ᠰᠤᠳᠤᠯᠭ᠋ᠠᠨ᠎ᠤ ᠲᠥᠪ ᠠᠵᠢᠯ ᠵᠶ᠋ᠠᠨ ᠡᠬᠢᠯᠡᠭᠦᠯᠵᠦ ᠰᠢᠪᠲᠤᠯᠤᠯᠲᠠ ᠵᠢᠨ ᠴᠢᠨᠠᠷᠲᠠᠢ ᠠᠬᠢᠴᠠ᠎ᠲᠠᠢ ᠪᠣᠯᠪᠠ
10 ᠳ᠋ᠤᠭ᠋ᠠᠷ ᠰᠠᠷ᠎ᠠ ᠵᠢᠨ 12᠎ᠤᠨ ᠡᠳᠦᠷ᠎ᠤᠨ ᠲᠣᠪᠴᠢ ᠮᠡᠳᠡᠭᠡ
 
            