ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠦᠩᠯᠢᠶᠣᠤ ᠬᠤᠲᠠ 《ᠲᠠᠪᠤᠨ ᠲᠥᠪᠯᠡᠷᠡᠭᠦᠯᠬᠦ》 ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠰᠢᠯᠢᠳᠡᠭᠵᠢᠭᠦᠯᠦᠨ ᠪᠣᠳᠠᠲᠠᠶ᠋ᠢᠵᠢᠭᠤᠯᠪᠠ
ᠨᠡᠶᠢᠲᠡᠯᠡᠭᠰᠡᠨ ᠴᠠᠭ᠄ 2024-10-21


    ᠲᠦᠩᠯᠢᠶᠣᠣ ᠬᠤᠲᠠ ᠵᠢᠨ᠎ᠬᠢᠨ 《ᠲᠠᠪᠤᠨ ᠲᠥᠪᠯᠡᠷᠡᠭᠦᠯᠬᠦ》 ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠰᠢᠯᠢᠳᠡᠭᠵᠢᠭᠦᠯᠦᠨ ᠪᠣᠳᠠᠲᠠᠶ᠋ᠢᠵᠢᠭᠤᠯᠪᠠ᠃ ᠨᠢᠭᠡ᠎ᠳᠤ᠂ ᠠᠵᠢᠯ ᠣᠯᠭᠤᠯᠲᠠ ᠵᠢᠨ ᠠᠵᠢᠯ᠎ᠤᠨ ᠪᠠᠶ᠋ᠢᠷᠢ ᠵᠢ ᠨᠡᠮᠡᠭᠳᠡᠭᠦᠯᠬᠦ᠎ᠳᠤ ᠠᠩᠬᠠᠷᠤᠯ ᠵᠶ᠋ᠠᠨ ᠲᠦᠪᠯᠡᠷᠡᠭᠦᠯᠪᠡ᠂ 9 ᠳ᠋ᠦ᠍ᠭᠡᠷ ᠰᠠᠷ᠎ᠠ ᠵᠢᠨ ᠰᠡᠭᠦᠯᠴᠢ ᠪᠣᠯᠲᠠᠯ᠎ᠠ᠂ ᠬᠤᠲᠠ ᠪᠠᠯᠭ᠋ᠠᠰᠤᠨ᠎ᠤ 16544 ᠬᠥᠮᠦᠨ᠎ᠳᠤ ᠰᠢᠨ᠎ᠡ᠎ᠪᠠᠷ ᠠᠵᠢᠯ ᠣᠯᠭᠤᠵᠤ᠂ ᠥᠪᠡᠷᠲᠡᠭᠡᠨ ᠵᠠᠰᠠᠬᠤ ᠣᠷᠣᠨ᠎ᠤ ᠣᠨ᠎ᠤ ᠡᠭᠦᠷᠭᠡ ᠵᠢᠨ 132.35% ᠵᠢ ᠪᠡᠶᠡᠯᠡᠭᠦᠯᠪᠡ; ᠶᠡᠭᠡ ᠳᠡᠭᠡᠳᠦ ᠰᠤᠷᠭ᠋ᠠᠭᠤᠯᠢ ᠳᠡᠭᠦᠰᠦᠭᠰᠡᠳ᠎ᠲᠤ ᠠᠵᠢᠯ ᠣᠯᠭᠤᠬᠤ ᠪᠤᠶᠤ ᠠᠵᠢᠯ ᠣᠯᠬᠤ ᠬᠠᠨᠳᠤᠰᠢ ᠵᠢ 7025 ᠬᠦᠮᠦᠨ᠎ᠳᠤ ᠪᠡᠶᠡᠯᠡᠭᠦᠯᠵᠦ ᠨᠠᠶ᠋ᠢᠳᠠᠪᠤᠷᠢᠵᠢᠭᠤᠯᠪᠠ᠃ ᠬᠤᠶᠠᠷ᠎ᠲᠤ᠂ ᠴᠡᠴᠡᠷᠯᠢᠭ᠎ᠤᠨ ᠬᠡᠦᠬᠡᠳ᠎ᠤᠨ ᠣᠷᠤ ᠵᠢ᠎ᠨᠢ ᠨᠡᠮᠡᠭᠳᠡᠭᠦᠯᠬᠦ᠎ᠳᠤ ᠠᠩᠬᠠᠷᠤᠯ ᠵᠶ᠋ᠠᠨ ᠲᠦᠪᠯᠡᠷᠡᠭᠦᠯᠪᠡ᠂ ᠡᠨᠡ ᠵᠢᠯ ᠪᠥᠬᠦ ᠬᠤᠲᠠ᠎ᠳᠤ ᠬᠡᠦᠬᠡᠳ᠎ᠤᠨ ᠴᠡᠴᠡᠷᠯᠢᠭ᠎ᠢ 10 ᠰᠢᠨ᠎ᠡ᠎ᠪᠠᠷ ᠪᠠᠶ᠋ᠢᠭᠤᠯᠵᠤ ᠥᠭᠡᠷᠡᠴᠢᠯᠡᠨ ᠪᠠᠶ᠋ᠢᠭᠤᠯᠵᠤ ᠡᠭᠡᠭᠦᠯᠦᠨ ᠬᠤᠳᠠᠯᠳᠤᠨ ᠠᠪᠬᠤ᠎ᠪᠠᠷ ᠲᠥᠯᠥᠪᠯᠡᠵᠦ᠂ ᠵᠢᠱ᠌ᠢᠯᠲᠡ᠎ᠪᠠᠷ ᠴᠡᠴᠡᠷᠯᠢᠭ᠎ᠤᠨ ᠬᠡᠦᠬᠡᠳ᠎ᠤᠨ ᠣᠷᠣ 2670 ᠰᠢᠨ᠎ᠡ᠎ᠪᠠᠷ ᠨᠡᠮᠡᠭᠳᠡᠬᠦ ᠪᠣᠯᠤᠨ᠎ᠠ᠃ 9 ᠳ᠋ᠦ᠍ᠭᠡᠷ ᠰᠠᠷ᠎ᠠ ᠵᠢᠨ ᠰᠡᠭᠦᠯᠴᠢ ᠪᠣᠯᠲᠠᠯ᠎ᠠ᠂ ᠨᠢᠭᠡᠨᠲᠡ 7 ᠵᠢ᠎ᠨᠢ ᠠᠵᠢᠯ ᠡᠬᠢᠯᠡᠭᠦᠯᠪᠡ᠂ ᠡᠭᠦᠨ᠎ᠳᠤ 1 ᠵᠢ᠎ᠨᠢ ᠨᠢᠭᠡᠨᠲᠡ ᠠᠰᠢᠭᠯᠠᠯᠲᠠ᠎ᠳᠤ ᠣᠷᠣᠭᠤᠯᠵᠤ᠂ ᠨᠡᠶ᠋ᠢᠲᠡ ᠴᠡᠴᠡᠷᠯᠢᠭ᠎ᠤᠨ ᠬᠡᠦᠬᠡᠳ᠎ᠤᠨ ᠣᠷᠣ ᠵᠢ 240 ᠰᠢᠨ᠎ᠡ᠎ᠪᠠᠷ ᠨᠡᠮᠡᠭᠳᠡᠭᠦᠯᠪᠡ᠃ ᠭᠤᠷᠪᠠ᠎ᠳᠤ᠂ ᠬᠡᠤᠬᠡᠳ ᠰᠠᠭ᠋ᠠᠲᠠᠭᠤᠯᠬᠤ ᠭᠠᠵᠠᠷ᠎ᠤᠨ ᠣᠷᠣ ᠵᠢ ᠨᠡᠮᠡᠭᠳᠡᠭᠦᠯᠬᠦ᠎ᠳᠤ ᠠᠩᠬᠠᠷᠤᠯ ᠵᠶ᠋ᠠᠨ ᠲᠦᠪᠯᠡᠷᠡᠭᠦᠯᠪᠡ᠂ ᠬᠡᠤᠬᠡᠳ ᠰᠠᠭ᠋ᠠᠲᠠᠭᠤᠯᠬᠤ ᠪᠠᠶ᠋ᠢᠭᠤᠯᠤᠮᠵᠢ ᠵᠢᠨ ᠦᠢ᠍ᠯᠡᠴᠢᠯᠡᠬᠦ ᠴᠢᠳᠠᠪᠤᠷᠢ ᠵᠢᠨ ᠪᠠᠶ᠋ᠢᠭᠤᠯᠤᠯᠲᠠ ᠵᠢ ᠠᠬᠢᠭᠤᠯᠵᠤ᠂ ᠡᠨᠡ ᠵᠢᠯ 1166 ᠣᠷᠣ ᠵᠢ ᠰᠢᠨ᠎ᠡ᠎ᠪᠠᠷ ᠨᠡᠮᠡᠭᠳᠡᠭᠦᠯᠬᠦ᠎ᠪᠠᠷ ᠲᠥᠯᠥᠪᠯᠡᠵᠦ᠂ ᠣᠳᠣᠬᠠᠨ᠎ᠳᠤ ᠨᠢᠭᠡᠨᠲᠡ 2099 ᠣᠷᠣ ᠵᠢ ᠨᠡᠮᠡᠭᠳᠡᠭᠦᠯᠵᠦ᠂ ᠪᠡᠶᠡᠯᠡᠭᠦᠯᠦᠭᠰᠡᠨ ᠨᠣᠷᠮ᠎ᠠ 180%᠎ᠳᠤ ᠬᠦᠷᠪᠡ᠃ ᠳᠥᠷᠪᠡ᠎ᠳᠤ᠂ ᠨᠠᠰᠤᠵᠢᠯ᠎ᠤᠨ ᠠᠰᠠᠷᠠᠮᠵᠢ ᠵᠢᠨ ᠣᠷᠣ ᠵᠢ ᠨᠡᠮᠡᠭᠳᠡᠭᠦᠯᠬᠦ᠎ᠳᠤ ᠠᠩᠬᠠᠷᠤᠯ ᠵᠶ᠋ᠠᠨ ᠲᠦᠪᠯᠡᠷᠡᠭᠦᠯᠪᠡ᠂ ᠡᠨᠡ ᠵᠢᠯ 200 ᠭᠠᠷᠤᠶ ᠲᠦᠮᠡᠨ ᠲᠥᠭᠦᠷᠢᠭ᠎ᠤᠨ ᠪᠡᠯᠡ ᠣᠷᠤᠭᠤᠯᠵᠤ᠂ ᠬᠤᠲᠠ ᠪᠠᠯᠭ᠋ᠠᠰᠤ ᠵᠢᠨ ᠭᠡᠷ ᠪᠦᠯᠢ ᠵᠢᠨ ᠨᠡᠶ᠋ᠢᠭᠡᠮ ᠲᠣᠭᠤᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ ᠵᠢ 10 ᠪᠠᠶ᠋ᠢᠭᠤᠯᠬᠤ᠎ᠪᠠᠷ ᠲᠦᠯᠦᠪᠯᠡᠵᠦ᠂ ᠣᠳᠣᠬᠠᠨ᠎ᠳᠤ ᠨᠢᠭᠡᠨᠲᠡ ᠪᠦᠬᠦᠨ᠎ᠢ ᠪᠠᠶ᠋ᠢᠭᠤᠯᠵᠤ ᠳᠠᠭᠤᠰᠬᠠᠪᠠ; ᠪᠦᠬᠦ ᠬᠤᠲᠠ ᠵᠢᠨ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠂ ᠦᠢ᠍ᠯᠡᠴᠢᠯᠡᠭᠡᠨ᠎ᠤ ᠥᠷᠲᠡᠭᠡ ᠨᠡᠶ᠋ᠢᠲᠡ 951 ᠪᠣᠯᠵᠤ᠂ ᠬᠤᠲᠠ ᠪᠠᠯᠭ᠋ᠠᠰᠤ ᠵᠢᠨ ᠭᠡᠷ ᠪᠦᠯᠢ ᠵᠢᠨ ᠨᠡᠶ᠋ᠢᠭᠡᠮ ᠲᠣᠭᠤᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶ᠎ᠡ ᠬᠡᠪᠴᠢᠶ᠎ᠡ ᠵᠢ ᠨᠡᠶ᠋ᠢᠳᠡᠮ ᠪᠦᠷᠬᠦᠭᠦᠯᠬᠦ ᠵᠢ ᠦᠨᠳᠦᠰᠦᠨ᠎ᠳᠤ᠎ᠪᠠᠨ ᠪᠡᠶᠡᠯᠡᠭᠦᠯᠪᠡ; ᠪᠥᠬᠦ ᠬᠤᠲᠠ᠎ᠳᠤ ᠨᠢᠭᠡᠨᠲᠡ ᠰᠤᠮᠤ ᠰᠢᠶᠠᠩ ᠪᠠᠯᠭ᠋ᠠᠰᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠢ 22 ᠪᠠᠶ᠋ᠢᠭᠤᠯᠪᠠ; ᠪᠦᠬᠦ ᠬᠤᠳᠠ ᠵᠢᠨ ᠨᠠᠰᠤᠵᠢᠯᠳᠡ᠎ᠳᠤ ᠲᠣᠬᠢᠷᠠᠭᠰᠠᠨ 1000 ᠡᠷᠤᠬᠡ ᠵᠢ ᠰᠠᠶ᠋ᠢᠵᠢᠷᠠᠭᠤᠯᠵᠤ ᠰᠢᠨᠡᠳᠭᠡᠬᠦ ᠡᠭᠦᠷᠭᠡ᠎ᠪᠠᠨ ᠨᠢᠬᠡᠨᠳᠡ ᠪᠦᠬᠦᠨ᠎ᠢ ᠪᠡᠶᠡᠯᠡᠭᠦᠯᠪᠡ; ᠣᠳᠤᠬᠠᠨ᠎ᠳᠤ ᠪᠦᠬᠦ ᠬᠤᠲᠠ᠎ᠳᠤ ᠨᠠᠰᠤᠵᠢᠯ᠎ᠤᠨ ᠠᠰᠠᠷᠠᠮᠵᠢ ᠵᠢᠨ ᠣᠷᠣ 8500 ᠪᠠᠶ᠋ᠢᠨ᠎ᠠ᠃ ᠲᠠᠪᠤ᠎ᠳᠤ᠂ ᠡᠮᠴᠢᠯᠡᠭᠡᠨ᠎ᠤ ᠪᠠᠲᠤᠯᠠᠭ᠎ᠠ ᠵᠢᠨ ᠭᠠᠵᠠᠷ᠎ᠢ ᠨᠡᠮᠡᠭᠳᠡᠭᠦᠯᠬᠦ᠎ᠳᠤ ᠠᠩᠬᠠᠷᠤᠯ ᠵᠶ᠋ᠠᠨ ᠲᠦᠪᠯᠡᠷᠡᠭᠦᠯᠪᠡ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ ᠥᠷᠲᠡᠭᠡ ᠵᠢ 2521᠂ ᠪᠠᠷᠢᠮᠵᠢᠶᠠᠵᠢᠭᠤᠯᠤᠭᠰᠠᠨ ᠭᠠᠴᠠᠭ᠎ᠠ ᠲᠣᠰᠬᠤᠨ (ᠨᠡᠶ᠋ᠢᠭᠡᠮ ᠲᠣᠭᠤᠷᠢᠭ)᠎ᠤ ᠦᠨᠳᠦᠰᠦᠨ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ ᠴᠡᠭ᠎ᠢ 1699᠂ ᠡᠮᠴᠢᠯᠡᠭᠡᠨ᠎ᠤ ᠪᠠᠲᠤᠯᠠᠭ᠎ᠠ ᠵᠢᠨ ᠲᠤᠬᠠᠶ᠋ᠢᠯᠠᠭᠰᠠᠨ ᠠᠵᠢᠯ᠎ᠢ ᠳᠠᠭ᠋ᠠᠭ᠋ᠠᠨ ᠡᠷᠬᠢᠯᠡᠵᠦ ᠪᠣᠯᠬᠤ ᠭᠠᠴᠠᠭ᠎ᠠ ᠲᠣᠰᠬᠤᠨ (ᠨᠡᠶ᠋ᠢᠭᠡᠮ ᠲᠣᠭᠤᠷᠢᠭ)᠎ᠤ ᠦᠨᠳᠦᠰᠦᠨ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ ᠴᠡᠭ᠎ᠢ 2521 ᠪᠠᠶ᠋ᠢᠭᠤᠯᠵᠤ᠂ ᠦᠨᠳᠦᠰᠦᠨ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡ ᠵᠢ ᠨᠡᠶ᠋ᠢᠳᠡᠮ ᠪᠦᠷᠬᠦᠭᠦᠯᠬᠦ᠎ᠪᠠᠨ ᠪᠡᠶᠡᠯᠡᠭᠦᠯᠪᠡ᠃ (ᠲᠦᠩᠯᠢᠶᠣᠣ ᠬᠤᠲᠠ ᠵᠢᠨ ᠵᠠᠰᠠᠭ᠎ᠤᠨ ᠣᠷᠳᠣᠨ)


   

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ ᠤᠷᠤᠨ᠎ᠳᠠᠬᠢ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠰᠢ ᠵᠢᠨ ᠫᠢᠩ᠎ᠤᠨ 《ᠱᠧᠨᠵᠧᠨ᠎ᠤ ᠠᠵᠤ ᠠᠬᠤᠢ ᠵᠢᠨ ᠣᠨᠴᠠᠭ᠋ᠠᠢ ᠣᠷᠣᠨ ᠪᠠᠶ᠋ᠢᠭᠤᠯᠤᠭᠳᠠᠭᠰᠠᠨ 40 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠠᠷᠢᠶ᠎ᠠ》 ᠵᠢᠨ ᠲᠤᠰᠬᠠᠢ ᠳᠡᠪᠲᠡᠷ ᠬᠡᠪᠯᠡᠭᠳᠡᠪᠡ
ᠰᠢ ᠵᠢᠨ ᠫᠢᠩ᠄ ᠰᠢᠨ᠎ᠡ ᠴᠠᠭ ᠦᠶ᠎ᠡ᠎ᠳᠤ ᠠᠮᠧᠷᠢᠺᠠ ᠵᠢ ᠡᠰᠡᠷᠭᠦᠴᠡᠵᠦ ᠰᠣᠯᠣᠩᠭᠤᠰ᠎ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ ᠵᠢ ᠵᠠᠯᠭ᠋ᠠᠮᠵᠢᠯᠠᠨ ᠪᠠᠳᠠᠷᠠᠭᠤᠯᠵᠥ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠥᠯᠥᠭᠡ ᠲᠡᠮᠡᠴᠡᠬᠦ ᠬᠡᠷᠡᠭᠳᠠᠢ
ᠰᠢ ᠵᠢᠨ ᠫᠢᠩ ᠪᠦᠬᠦ ᠤᠯᠤᠰ᠎ᠤᠨ ᠬᠤᠶᠠᠷ᠎ᠢ ᠬᠦᠷᠢᠶᠡᠯᠡᠭᠰᠡᠨ ᠵᠢᠱ᠌ᠢᠶᠡᠴᠢ ᠬᠤᠳᠠ (ᠰᠢᠶᠠᠨ)᠎ᠪᠠᠷ ᠨᠡᠷᠡᠶ᠋ᠢᠳᠬᠦ ᠵᠢᠴᠢ ᠬᠤᠶᠠᠷ᠎ᠢ ᠬᠦᠷᠢᠶᠡᠯᠡᠭᠰᠡᠨ ᠵᠢᠱ᠌ᠢᠶᠡᠴᠢ ᠨᠢᠭᠡᠴᠢ ᠪᠤᠯᠤᠨ ᠬᠤᠪᠢ ᠬᠥᠮᠦᠨ᠎ᠢ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ᠎ᠤᠨ ᠲᠥᠯᠥᠭᠡᠯᠡᠭᠴᠢᠳ᠎ᠲᠠᠢ ᠠᠭᠤᠯᠵᠠᠪᠠ
ᠳᠤᠮᠳᠠᠳᠤ ᠤᠯᠤᠰ᠎ᠤᠨ ᠠᠷᠠᠳ᠎ᠤᠨ ᠰᠠᠶ᠋ᠢᠨ ᠳᠤᠷ᠎ᠠ ᠵᠢᠨ ᠴᠡᠷᠢᠭ᠎ᠤᠨ ᠠᠮᠧᠷᠢᠺᠠ ᠵᠢ ᠡᠰᠡᠷᠬᠦᠴᠡᠵᠥ ᠰᠤᠯᠤᠩᠭᠤᠰ᠎ᠢ ᠳᠤᠰᠠᠯᠠᠬᠤ᠎ᠪᠠᠷ ᠭᠠᠳᠠᠭ᠋ᠠᠳᠤ᠎ᠳᠤ ᠭᠠᠷᠴᠤ ᠳᠠᠶ᠋ᠢᠨ ᠬᠢᠭᠰᠡᠨ 70 ᠵᠢᠯ᠎ᠤᠨ ᠤᠢ ᠵᠢ ᠳᠤᠷᠠᠰᠬᠠᠬᠤ ᠶᠡᠭᠡ ᠬᠤᠷᠠᠯ 23᠎ᠤ ᠦᠳᠡ ᠵᠢᠨ ᠡᠮᠤᠨ᠎ᠡ ᠪᠡᠬᠡᠵᠢᠩ᠎ᠳᠤ ᠦᠪᠡᠳᠡᠭᠰᠢ ᠶᠡᠭᠡ᠎ᠪᠠᠷ ᠶᠠᠪᠤᠬᠳᠠᠨ᠎ᠠ
 
            