ᠪᠡᠭᠡᠵᠢᠩ ᠲᠢᠶᠠᠨᠵᠢᠨ ᠾᠧᠪᠧᠢ ᠵᠢᠨ ᠤᠯᠤᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠎ᠤᠨ ᠬᠥᠬᠡᠬᠤᠲᠠ᠎ᠳᠠᠬᠢ ᠰᠤᠳᠤᠯᠭ᠋ᠠᠨ᠎ᠤ ᠲᠥᠪ ᠠᠵᠢᠯ ᠵᠶ᠋ᠠᠨ ᠡᠬᠢᠯᠡᠭᠦᠯᠵᠦ ᠰᠢᠪᠲᠤᠯᠤᠯᠲᠠ ᠵᠢᠨ ᠴᠢᠨᠠᠷᠲᠠᠢ ᠠᠬᠢᠴᠠ᠎ᠲᠠᠢ ᠪᠣᠯᠪᠠ᠃ ᠨᠢᠭᠡ᠎ᠳᠤ᠂ ᠱᠠᠩᠬᠠᠶ᠂ ᠭᠤᠸᠠᠩᠵᠧᠦ᠂ ᠦᠬᠠᠨ᠎ᠤ ᠨᠤᠷᠠᠭ᠋ᠠᠯᠲᠠ ᠵᠢᠨ ᠴᠢᠨᠠᠷᠲᠠᠶ ᠮᠡᠷᠭᠡᠵᠢᠯ᠎ᠤᠨ ᠲᠥᠪ᠎ᠤᠨ ᠦᠢ᠍ᠯᠡᠳᠦᠯᠭᠡ ᠵᠢᠨ ᠲᠤᠷᠰᠢᠯᠭ᠎ᠠ᠎ᠪᠠᠷ ᠭᠦᠢ᠍ᠴᠡᠳ ᠲᠣᠯᠢ ᠪᠣᠯᠭ᠋ᠠᠵᠤ᠂ 《ᠲᠠᠯᠠᠪᠠᠢ ᠭᠠᠵᠠᠷ᠎ᠢ᠎ᠨᠢ ᠲᠦᠪᠯᠡᠷᠡᠭᠦᠯᠬᠦ᠂ ᠰᠠᠯᠠᠭ᠎ᠠ ᠮᠦᠴᠢᠷ᠎ᠤᠳ ᠬᠤᠯᠪᠤᠭ᠋ᠠᠯᠠᠨ ᠬᠦᠳᠡᠯᠦᠯᠴᠡᠬᠦ᠂ ᠣᠯᠠᠨ ᠲᠠᠯ᠎ᠠ᠎ᠪᠠᠷ ᠵᠶ᠋ᠠᠨ ᠬᠠᠮᠵᠢᠯᠴᠠᠬᠤ᠂ ᠨᠢᠭᠡᠳᠦᠯᠲᠡᠢ ᠬᠠᠮᠢᠶᠠᠷᠬᠤ》 ᠬᠡᠪ ᠵᠠᠭᠪᠤᠷ ᠶᠣᠰᠤᠭ᠋ᠠᠷ 《ᠤᠯᠤᠰ + ᠥᠪᠡᠷᠲᠡᠭᠡᠨ ᠵᠠᠰᠠᠬᠤ ᠣᠷᠣᠨ + ᠠᠶ᠋ᠢᠮᠠᠭ ᠬᠤᠲᠠ + ᠬᠤᠰᠢᠭᠤ ᠰᠢᠶᠠᠨ ᠲᠣᠭᠤᠷᠢᠭ》 ᠳᠥᠷᠪᠡᠨ ᠲᠠᠯ᠎ᠠ᠎ᠪᠠᠷ ᠵᠶ᠋ᠠᠨ ᠬᠠᠮᠲᠤᠷᠠᠨ ᠬᠥᠳᠡᠯᠦᠯᠴᠡᠬᠦ (ᠪᠡᠭᠡᠵᠢᠩ ᠲᠢᠶᠠᠨᠵᠢᠨ ᠾᠧᠪᠧᠶ ᠵᠢᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠂ ᠬᠥᠬᠡᠬᠤᠲᠠ ᠵᠢᠨ ᠵᠠᠰᠠᠭ᠎ᠤᠨ ᠣᠷᠳᠣᠨ᠂ ᠰᠢᠨ᠎ᠡ ᠬᠤᠲᠠ ᠲᠣᠭᠤᠷᠢᠭ᠎ᠤᠨ ᠵᠠᠰᠠᠭ᠎ᠤᠨ ᠣᠷᠳᠣᠨ) ᠠᠵᠢᠯᠯᠠᠭ᠋ᠠᠨ᠎ᠤ ᠲᠣᠭᠲᠠᠴᠠ ᠵᠢ ᠲᠣᠭᠲᠠᠭ᠋ᠠᠵᠤ᠂ ᠪᠡᠭᠡᠵᠢᠩ ᠲᠢᠶᠠᠨᠵᠢᠨ ᠾᠧᠪᠧᠶ ᠵᠢᠨ ᠤᠯᠤᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠎ᠤᠨ ᠬᠥᠬᠡᠬᠤᠲᠠ᠎ᠳᠠᠬᠢ ᠰᠤᠳᠤᠯᠭ᠋ᠠᠨ᠎ᠤ ᠲᠥᠪ᠎ᠤᠨ ᠠᠵᠢᠯ ᠵᠶ᠋ᠠᠨ ᠡᠬᠢᠯᠡᠭᠦᠯᠬᠦ᠎ᠳᠤ ᠲᠦᠷᠢᠮ᠎ᠤᠨ ᠲᠤᠯᠭ᠋ᠠᠭᠤᠷᠢᠯᠠᠯ ᠬᠠᠩᠭ᠋ᠠᠪᠠ᠃ ᠬᠤᠶᠠᠷ᠎ᠲᠤ᠂ ᠪᠡᠭᠡᠵᠢᠩ ᠲᠢᠶᠠᠨᠵᠢᠨ ᠡᡁᠧᠪᠸᠢ ᠵᠢᠨ ᠤᠯᠤᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠎ᠤᠨ ᠳᠣᠣᠷᠠᠬᠢ ᠪᠡᠯᠡ ᠣᠷᠣᠭᠤᠯᠤᠯᠲᠠ ᠵᠢᠨ ᠪᠠᠶ᠋ᠢᠭᠤᠯᠤᠮᠵᠢ ᠪᠣᠯᠬᠤ ᠪᠡᠭᠡᠵᠢᠩ᠎ᠤᠨ ᠬᠠᠮᠵᠢᠯᠴᠠᠭ᠎ᠠ ᠰᠢᠨ᠎ᠡ ᠡᠭᠦᠳᠦᠯᠲᠡ ᠪᠡᠯᠡ ᠣᠷᠣᠭᠤᠯᠤᠯᠲᠠ ᠵᠢᠨ ᠬᠠᠮᠢᠶᠠᠷᠤᠯᠲᠠ ᠵᠢᠨ ᠺᠣᠮᠫᠠᠨᠢ ᠪᠣᠯᠣᠨ ᠬᠥᠬᠡᠬᠤᠲᠠ ᠵᠢᠨ ᠬᠠᠷᠢᠶ᠎ᠠ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠬᠤᠳᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢᠨ ᠬᠢᠵᠠᠭ᠋ᠠᠷᠲᠤ ᠺᠣᠮᠫᠠᠨᠢ᠂ ᠲᠤᠮᠤ ᠳ᠋ᠠᠶ᠋ᠢᠲ᠋ᠠ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ ᠬᠠᠮᠲᠤᠷᠠᠯᠴᠠᠨ ᠶᠡᠷᠦᠩᠬᠡᠢ ᠬᠡᠪᠴᠢᠶ᠎ᠡ᠎ᠪᠠᠷ 2 ᠳ᠋ᠦᠩᠰᠢᠭᠤᠷ ᠲᠥᠭᠦᠷᠢᠭ ᠪᠣᠯᠬᠤ ᠬᠥᠬᠡᠬᠤᠲᠠ ᠵᠢᠨ ᠨᠤᠷᠠᠭ᠋ᠠᠯᠲᠠ ᠵᠢᠨ ᠴᠢᠨᠠᠷᠲᠠᠢ ᠮᠡᠷᠭᠡᠵᠢᠯ᠎ᠤᠨ ᠰᠠᠭᠤᠷᠢ ᠮᠥᠩᠭᠦ ᠵᠢ ᠡᠭᠦᠰᠬᠡᠨ ᠪᠠᠶ᠋ᠢᠭᠤᠯᠵᠤ᠂ ᠬᠦᠬᠡᠬᠤᠲᠠ᠎ᠳᠤ ᠨᠤᠷᠠᠭ᠋ᠠᠯᠲᠠ ᠵᠢᠨ ᠴᠢᠨᠠᠷᠲᠠᠢ ᠮᠡᠷᠭᠡᠵᠢᠯ ᠪᠣᠯᠣᠨ ᠲᠦᠷᠦᠯ ᠵᠦᠢ᠍ᠯ ᠵᠶ᠋ᠠᠨ ᠤᠯᠠᠷᠢᠭᠤᠯᠬᠤ᠎ᠳᠤ ᠪᠠᠲᠤᠯᠠᠭ᠎ᠠ ᠬᠠᠩᠭ᠋ᠠᠪᠠ᠃ ᠭᠤᠷᠪᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠂ ᠥᠪᠥᠷ ᠮᠣᠩᠭᠤᠯ᠎ᠤᠨ ᠠᠵᠤ ᠦᠢ᠍ᠯᠡᠳᠪᠦᠷᠢ ᠵᠢᠨ ᠶᠡᠭᠡ ᠰᠤᠷᠭ᠋ᠠᠭᠤᠯᠢ ᠵᠡᠷᠭᠡ ᠨᠢᠭᠡᠴᠢ᠎ᠲᠠᠢ ᠢᠳᠡᠪᠬᠢᠲᠡᠢ ᠵᠣᠯᠭ᠋ᠠᠭᠤᠯᠵᠤ᠂ ᠳᠡᠭᠡᠷ᠎ᠡ ᠳᠣᠣᠷ᠎ᠠ ᠱᠠᠳᠤ᠎ᠪᠠᠷ ᠵᠶ᠋ᠠᠨ ᠬᠠᠮᠵᠢᠯᠴᠠᠭᠰᠠᠨ᠂ ᠰᠠᠯᠠᠭ᠎ᠠ ᠮᠥᠴᠢᠷ ᠬᠤᠯᠪᠣᠭ᠋ᠠᠯᠠᠨ ᠬᠥᠳᠡᠯᠦᠯᠴᠡᠭᠰᠡᠨ ᠠᠵᠢᠯ᠎ᠤᠨ ᠲᠣᠭᠲᠠᠴᠠ ᠵᠢ ᠪᠠᠶ᠋ᠢᠭᠤᠯᠪᠠ᠂ ᠣᠳᠣᠬᠠᠨ᠎ᠳᠤ ᠪᠡᠭᠡᠵᠢᠩ ᠲᠢᠶᠠᠨᠵᠢᠨ ᠡᡁᠧᠪᠸᠢ ᠵᠢᠨ ᠤᠯᠤᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ ᠪᠣᠯᠤᠨ ᠥᠪᠥᠷ ᠮᠣᠩᠭᠤᠯ᠎ᠤᠨ ᠠᠵᠤ ᠦᠢ᠍ᠯᠡᠳᠪᠦᠷᠢ ᠵᠢᠨ ᠶᠡᠭᠡ ᠰᠤᠷᠭ᠋ᠠᠭᠤᠯᠢ ᠵᠢᠨ ᠬᠠᠮᠲᠤ᠎ᠪᠠᠷ ᠪᠠᠶ᠋ᠢᠭᠤᠯᠤᠭᠰᠠᠨ 《ᠲᠡᠷᠢᠭᠦᠨ᠎ᠤ ᠮᠡᠷᠭᠡᠵᠢᠯ᠎ᠤᠨ ᠲᠤᠷᠰᠢᠯᠲᠠ ᠵᠢᠨ ᠲᠠᠰᠤᠭ》᠎ᠤᠨ ᠠᠵᠢᠯ ᠡᠬᠢᠯᠡᠭᠦᠯᠬᠦ ᠵᠢ ᠠᠮᠵᠢᠯᠲᠠ᠎ᠲᠠᠢ᠎ᠪᠠᠷ ᠠᠬᠢᠭᠤᠯᠪᠠ᠃ (ᠬᠥᠬᠡᠬᠤᠲᠠ ᠵᠢᠨ ᠵᠠᠰᠠᠭ᠎ᠤᠨ ᠣᠷᠳᠣᠨ)