ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠦᠷᠦᠭᠦᠦ ᠭᠤᠷᠪᠠᠨ ᠤᠯᠠᠷᠢᠯ᠎ᠳᠤ ᠥᠪᠥᠷ ᠮᠣᠩᠭᠤᠯ᠎ᠤᠨ ᠡᠨᠧᠷᠬᠢ ᠵᠢᠨ ᠪᠦᠯᠦᠭᠯᠡᠯ 10.3 ᠳ᠋ᠦᠩᠰᠢᠭᠤᠷ ᠲᠥᠭᠦᠷᠢᠭ᠎ᠤᠨ ᠠᠰᠢᠭ ᠣᠯᠵᠠᠪᠤᠷᠢ ᠣᠯᠪᠠ
ᠨᠡᠶᠢᠲᠡᠯᠡᠭᠰᠡᠨ ᠴᠠᠭ᠄ 2024-10-09


   1 — 9 ᠳ᠋ᠦ᠍ᠭᠡᠷ ᠰᠠᠷ᠎ᠠ᠎ᠳᠤ᠂ ᠥᠪᠥᠷ ᠮᠣᠩᠭᠤᠯ᠎ᠤᠨ ᠡᠨᠧᠷᠬᠢ ᠵᠢᠨ ᠪᠦᠯᠦᠭᠯᠡᠯ ᠨᠡᠶ᠋ᠢᠲᠡ 183.7 ᠳ᠋ᠦᠩᠰᠢᠭᠤᠷ ᠲᠥᠭᠦᠷᠢᠭ᠎ᠤᠨ ᠡᠵᠡᠩᠨᠡᠯᠲᠡ ᠵᠢᠨ ᠣᠷᠣᠯᠭ᠎ᠠ ᠵᠢ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 24.8 ᠳ᠋ᠦᠩᠰᠢᠭᠤᠷ ᠲᠥᠭᠦᠷᠢᠭ ᠨᠡᠮᠡᠭᠳᠡᠨ᠂ 15.6%᠎ᠪᠠᠷ ᠨᠡᠮᠡᠭᠳᠡᠪᠡ; ᠡᠵᠡᠩᠨᠡᠯᠲᠡ ᠵᠢᠨ ᠴᠢᠨᠠᠷᠲᠠᠢ ᠠᠰᠢᠭ ᠬᠤᠨᠵᠢᠪᠤᠷᠢ ᠵᠢ 10.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 8.3 ᠳ᠋ᠦᠩᠰᠢᠭᠤᠷ ᠲᠥᠭᠦᠷᠢᠭ ᠨᠡᠮᠡᠭᠳᠡᠨ᠂ 421%᠎ᠪᠠᠷ ᠨᠡᠮᠡᠭᠳᠡᠪᠡ; ᠳᠡᠭᠡᠭᠰᠢ ᠲᠤᠰᠢᠶᠠᠭᠰᠠᠨ ᠭᠠᠶ᠋ᠢᠯᠢ ᠰᠦᠢ᠍ᠳᠬᠡᠯ 21.6 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.9 ᠳ᠋ᠦᠩᠰᠢᠭᠤᠷ ᠲᠥᠭᠦᠷᠢᠭ ᠨᠡᠮᠡᠭᠳᠡᠨ᠂ 37.6%᠎ᠪᠠᠷ ᠨᠡᠮᠡᠭᠳᠡᠪᠡ᠃ ᠴᠠᠬᠢᠯᠭ᠋ᠠᠨ ᠭᠠᠷᠭ᠋ᠠᠭᠰᠠᠨ ᠬᠡᠮᠵᠢᠶ᠎ᠡ ᠨᠡᠶ᠋ᠢᠲᠡ 460.7 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 110.5 ᠳ᠋ᠦᠩᠰᠢᠭᠤᠷ ᠺᠢᠯᠣᠸᠠᠲ ᠴᠠᠭ ᠨᠡᠮᠡᠭᠳᠡᠨ᠂ 31.6%᠎ᠪᠠᠷ ᠨᠡᠮᠡᠭᠳᠡᠪᠡ; ᠢᠯᠴᠢ ᠬᠠᠩᠭ᠋ᠠᠭᠰᠠᠨ ᠬᠡᠮᠵᠢᠶ᠎ᠡ ᠵᠢ 2358.7 ᠲᠦᠮᠡᠨ ᠵᠢᠢ ᠵᠢᠶᠣᠣ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 522.8 ᠲᠦᠮᠡᠨ ᠵᠢᠢ ᠵᠢᠶᠣᠣ ᠨᠡᠮᠡᠭᠳᠡᠨ᠂ 28.5%᠎ᠪᠠᠷ ᠨᠡᠮᠡᠭᠳᠡᠪᠡ; ᠨᠡᠭᠦᠷᠡᠰᠦᠨ᠎ᠤ ᠪᠣᠷᠤᠯᠠᠭᠤᠯᠭ᠎ᠠ ᠵᠢᠨ ᠬᠡᠮᠵᠢᠶ᠎ᠡ ᠵᠢ 670.6 ᠲᠦᠮᠡᠨ ᠲᠣᠨ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 228.5 ᠲᠦᠮᠡᠨ ᠲᠣᠨ ᠨᠡᠮᠡᠭᠳᠡᠨ᠂ 51.7%᠎ᠪᠠᠷ ᠨᠡᠮᠡᠭᠳᠡᠪᠡ᠃ 9 ᠳ᠋ᠦ᠍ᠭᠡᠷ ᠰᠠᠷ᠎ᠠ ᠵᠢᠨ ᠰᠡᠭᠦᠯᠴᠢ ᠪᠣᠯᠲᠠᠯ᠎ᠠ᠂ ᠺᠣᠮᠫᠠᠨᠢ ᠵᠢᠨ ᠪᠡᠯᠡ ᠬᠥᠷᠥᠩᠭᠡ ᠵᠢᠨ ᠪᠥᠬᠦ ᠲᠤᠭ᠎ᠠ 1305.1 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 398.8 ᠳ᠋ᠦᠩᠰᠢᠭᠤᠷ ᠲᠥᠭᠦᠷᠢᠭ ᠨᠡᠮᠡᠭᠳᠡᠨ᠂ 44%᠎ᠪᠠᠷ ᠨᠡᠮᠡᠭᠳᠡᠪᠡ᠃ (ᠥᠪᠥᠷ ᠮᠣᠩᠭᠤᠯ᠎ᠤᠨ ᠡᠨᠧᠷᠬᠢ ᠵᠢᠨ ᠪᠦᠯᠦᠭᠯᠡᠯ)
 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
10 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠲᠣᠪᠴᠢ ᠮᠡᠳᠡᠭᠡ
2023 ᠣᠨ᠎ᠳᠤ ᠪᠥᠬᠦ ᠣᠷᠣᠨ᠎ᠤ R&D᠎ᠤᠨ ᠵᠠᠷᠤᠳᠠᠯ 228.1 ᠳ᠋ᠦᠩᠰᠢᠭᠤᠷ ᠲᠥᠭᠦᠷᠢᠭ᠎ᠲᠤ ᠬᠦᠷᠴᠦ ᠠᠳᠠᠯᠢ ᠬᠤᠭᠤᠴᠠᠭ᠋ᠠᠨ᠎ᠤ᠎ᠬᠢ᠎ᠠᠴᠠ 8. 9%᠎ᠪᠠᠷ ᠨᠡᠮᠡᠭᠳᠡᠪᠡ
ᠪᠡᠭᠡᠵᠢᠩ ᠲᠢᠶᠠᠨᠵᠢᠨ ᠡᠾᠧᠪᠸᠢ ᠵᠢᠨ ᠤᠯᠤᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠎ᠤᠨ ᠬᠥᠬᠡᠬᠤᠲᠠ᠎ᠳᠠᠬᠢ ᠰᠤᠳᠤᠯᠭ᠋ᠠᠨ᠎ᠤ ᠲᠥᠪ ᠠᠵᠢᠯ ᠵᠶ᠋ᠠᠨ ᠡᠬᠢᠯᠡᠭᠦᠯᠵᠦ ᠰᠢᠪᠲᠤᠯᠤᠯᠲᠠ ᠵᠢᠨ ᠴᠢᠨᠠᠷᠲᠠᠢ ᠠᠬᠢᠴᠠ᠎ᠲᠠᠢ ᠪᠣᠯᠪᠠ
10 ᠳ᠋ᠤᠭ᠋ᠠᠷ ᠰᠠᠷ᠎ᠠ ᠵᠢᠨ 12᠎ᠤᠨ ᠡᠳᠦᠷ᠎ᠤᠨ ᠲᠣᠪᠴᠢ ᠮᠡᠳᠡᠭᠡ
10 ᠳ᠋ᠤᠭ᠋ᠠᠷ ᠰᠠᠷ᠎ᠠ ᠵᠢᠨ 14᠎ᠤ ᠡᠳᠦᠷ᠎ᠤᠨ ᠲᠣᠪᠴᠢ ᠮᠡᠳᠡᠭᠡ
 
            