ᠣᠶ᠋ᠢᠷ᠎ᠠ᠎ᠳᠤ᠂ ᠤᠯᠤᠰ᠎ᠤᠨ ᠡᠨᠧᠷᠭᠢ ᠵᠢᠨ ᠲᠣᠪᠴᠢᠶ᠎ᠠ ᠵᠢᠨ ᠴᠠᠬᠢᠯᠭ᠋ᠠᠨ ᠬᠦᠴᠦᠨ᠎ᠤ ᠵᠤᠷᠭ᠋ᠠᠨ ᠠᠨᠾᠦ᠋ᠢ᠂ ᠰᠢᠨᠵᠢᠶᠠᠩ ᠵᠡᠷᠭᠡ ᠰᠢᠨ᠎ᠡ ᠡᠨᠧᠷᠭᠢ ᠵᠢᠨ ᠬᠥᠭᠵᠢᠯᠲᠡ ᠵᠢᠨ ᠨᠡᠶ᠋ᠢᠲᠡᠯᠢᠭ 6 ᠮᠤᠵᠢ ᠵᠢᠴᠢ ᠤᠯᠤᠰ᠎ᠤᠨ ᠴᠠᠬᠢᠯᠭ᠋ᠠᠨ᠎ᠤ ᠲᠣᠣᠷ ᠵᠡᠷᠭᠡ ᠠᠵᠤ ᠠᠬᠤᠶ᠋ᠢᠯᠠᠯ᠎ᠤᠳ᠎ᠢ ᠵᠣᠬᠢᠶᠠᠨ ᠪᠠᠶ᠋ᠢᠭᠤᠯᠵᠤ ᠮᠠᠨ᠎ᠤ ᠣᠷᠣᠨ᠎ᠳᠤ ᠠᠬᠤᠢ ᠲᠠᠯᠠᠪᠠᠢ ᠵᠢᠨ ᠬᠤᠷᠠᠯ ᠬᠤᠷᠠᠯᠳᠤᠭᠤᠯᠵᠤ᠂ ᠮᠠᠨ᠎ᠤ ᠣᠷᠣᠨ᠎ᠤ ᠰᠢᠰᠲ᠋ᠧᠮᠲᠦ ᠨᠥᠬᠦᠷᠰᠡᠭ ᠬᠡᠯᠪᠡᠷᠢ ᠵᠢᠨ ᠰᠢᠨ᠎ᠡ ᠡᠨᠧᠷᠭᠢ ᠵᠢᠨ ᠴᠠᠬᠢᠯᠭ᠋ᠠᠨ ᠥᠷᠲᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠠᠮᠵᠢᠯᠲᠠ᠎ᠲᠠᠢ ᠲᠤᠷᠰᠢᠯᠭ᠎ᠠ ᠪᠠ ᠠᠰᠢᠭᠲᠠᠢ ᠠᠷᠭ᠎ᠠ ᠬᠢᠳᠡᠯ᠎ᠢ ᠵᠢᠱ᠌ᠢᠶ᠎ᠡ ᠦᠵᠡᠭᠦᠯᠦᠨ ᠳᠡᠯᠭᠡᠷᠡᠭᠦᠯᠪᠡ᠃ ᠤᠯᠠᠭ᠋ᠠᠨᠴᠠᠪ᠎ᠤᠨ ᠰᠢᠰᠲ᠋ᠧᠮᠲᠦ ᠨᠥᠬᠦᠷᠰᠡᠭ ᠬᠡᠯᠪᠡᠷᠢ ᠵᠢᠨ ᠰᠢᠨ᠎ᠡ ᠡᠨᠧᠷᠭᠢ ᠵᠢᠨ ᠴᠠᠬᠢᠯᠭ᠋ᠠᠨ ᠥᠷᠲᠡᠭᠡ ᠣᠳᠣᠬᠠᠨ᠎ᠳᠤ ᠨᠢᠭᠡᠨᠲᠡ ᠪᠥᠬᠦ ᠪᠠᠭᠲᠠᠭ᠋ᠠᠮᠵᠢ᠎ᠪᠠᠷ ᠵᠶ᠋ᠠᠨ ᠲᠣᠣᠷ᠎ᠲᠤ ᠨᠡᠶ᠋ᠢᠯᠡᠭᠦᠯᠵᠦ᠂ ᠪᠥᠬᠦ ᠤᠯᠤᠰ᠎ᠲᠠᠬᠢ ᠠᠩᠬᠠᠳᠠᠭᠴᠢ ᠰᠠᠯᠬᠢᠨ ᠬᠦᠴᠦᠨ ᠪᠠ ᠭᠡᠷᠡᠯᠴᠢ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠵᠢ ᠨᠦᠬᠡᠴᠡᠯᠡᠬᠦ ᠵᠢ ᠨᠢᠭᠡ ᠴᠣᠭᠴᠠᠵᠢᠭᠤᠯᠤᠭᠰᠠᠨ ᠴᠠᠬᠢᠯᠭ᠋ᠠᠨ ᠲᠣᠣᠷ᠎ᠤᠨ ᠨᠥᠬᠦᠷᠰᠡᠭ ᠬᠡᠯᠪᠡᠷᠢ ᠵᠢᠨ ᠪᠣᠬᠢᠷᠲᠤᠯ ᠥᠬᠡᠶ ᠴᠠᠬᠢᠯᠭ᠋ᠠᠨ ᠥᠷᠲᠡᠭᠡ ᠪᠣᠯᠵᠠᠢ᠃ ᠲᠤᠰ ᠲᠦᠷᠦᠯ ᠵᠦᠢ᠍ᠯ᠎ᠨᠢ ᠬᠡᠷᠡᠭᠯᠡᠭᠡᠨ᠎ᠤ ᠲᠣᠣᠷ᠎ᠢ ᠪᠦᠷᠢᠯᠳᠦᠭᠦᠯᠬᠦ ᠬᠡᠯᠪᠡᠷᠢ ᠵᠢᠨ ᠮᠡᠷᠭᠡᠵᠢᠯ᠎ᠳᠤ ᠰᠢᠨ᠎ᠡ ᠵᠢ ᠡᠭᠦᠳᠴᠦ᠂ ᠬᠤᠷᠠᠮᠠᠯ ᠬᠡᠷᠡᠭᠯᠡᠭᠡᠨ ᠵᠶ᠋ᠠᠷ ᠤᠷᠳᠤ ᠬᠡᠮᠵᠢᠶᠡᠨ᠎ᠤ ᠳᠡᠭᠡᠳᠦ ᠨᠠᠷᠢᠯᠢᠭ ᠴᠢᠳᠠᠮᠵᠢᠳᠤ ᠲᠦᠰᠦᠭᠡᠯᠡᠯᠲᠡ ᠬᠢᠬᠦ᠂ ᠰᠠᠯᠬᠢᠨ ᠬᠦᠴᠦᠨ ᠪᠠ ᠭᠡᠷᠡᠯᠴᠢ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠵᠢ ᠨᠥᠭᠡᠴᠡᠯᠡᠬᠦ ᠤᠶᠤᠨᠲᠦ ᠬᠠᠮᠲᠤᠷᠠᠭᠰᠠᠨ ᠡᠵᠡᠮᠰᠢᠯ ᠲᠤᠬᠢᠷᠠᠭᠤᠯᠭ᠎ᠠ ᠵᠢᠨ ᠠᠵᠢᠯᠯᠠᠭ᠋ᠠᠨ ᠵᠡᠷᠭᠡ ᠮᠡᠷᠭᠡᠵᠢᠯ ᠵᠶ᠋ᠠᠷ ᠳᠠᠮᠵᠢᠭᠤᠯᠵᠤ᠂ ᠰᠢᠨ᠎ᠡ ᠡᠨᠧᠷᠭᠢ ᠵᠢᠨ ᠴᠠᠬᠢᠯᠭ᠋ᠠᠨ ᠦᠷᠳᠡᠭᠡ ᠵᠢᠨ ᠤᠷᠬᠢᠯ᠎ᠤᠨ ᠬᠡᠮᠵᠢᠭᠳᠡᠯ᠎ᠳᠤ ᠬᠦᠷᠬᠦ ᠴᠢᠳᠠᠪᠤᠷᠢ ᠪᠣᠯᠤᠨ ᠲᠤᠬᠢᠷᠠᠭᠤᠯᠬᠤ ᠴᠢᠳᠠᠪᠤᠷᠢ ᠵᠢ ᠶᠡᠭᠡ᠎ᠪᠠᠷ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠰᠢᠨ᠎ᠡ ᠡᠨᠧᠷᠭᠢ ᠵᠢᠨ ᠠᠮᠤᠷ ᠲᠦᠪᠰᠢᠨ ᠨᠠᠶ᠋ᠢᠳᠠᠪᠤᠷᠢᠲᠠᠢ ᠪᠠᠶ᠋ᠢᠬᠤ ᠵᠢ ᠠᠬᠢᠭᠤᠯᠬᠤ ᠲᠠᠯ᠎ᠠ᠎ᠪᠠᠷ ᠤᠯᠠᠮᠵᠢᠯᠠᠯᠲᠤ ᠡᠨᠧᠷᠭᠢ ᠵᠢ ᠣᠷᠣᠯᠠᠭᠤᠯᠬᠤ᠂ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠢ ᠪᠠᠶ᠋ᠢᠭᠤᠯᠬᠤ᠎ᠳᠤ ᠠᠰᠢᠭᠲᠠᠢ ᠰᠦᠪᠡᠭᠴᠢᠯᠡᠯᠳᠡ ᠬᠢᠵᠡᠢ᠃ (ᠡᠨᠧᠷᠭᠢ ᠵᠢᠨ ᠲᠣᠪᠴᠢᠶ᠎ᠠ)