ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
9 ᠳ᠋ᠦ᠍ᠭᠡᠷ ᠰᠠᠷ᠎ᠠ ᠵᠢᠨ 27᠎ᠤ ᠡᠳᠦᠷ᠎ᠤᠨ ᠲᠣᠪᠴᠢ ᠮᠡᠳᠡᠭᠡ
ᠨᠡᠶᠢᠲᠡᠯᠡᠭᠰᠡᠨ ᠴᠠᠭ᠄ 2024-09-27


   9 ᠳ᠋ᠦ᠍ᠭᠡᠷ ᠰᠠᠷ᠎ᠠ ᠵᠢᠨ 25᠎ᠤ ᠡᠳᠦᠷ᠂ ᠡᠳ᠋᠎ᠤᠨ ᠵᠠᠰᠠᠭ᠎ᠤᠨ ᠶᠠᠮᠤᠨ 2024 ᠣᠨ᠎ᠤ ᠲᠥᠪ᠎ᠤᠨ ᠡᠳ᠋᠎ᠤᠨ ᠵᠠᠰᠠᠭ᠎ᠠᠴᠠ ᠲᠦᠭᠡᠮᠡᠯ ᠬᠠᠷᠠᠭ᠋ᠠᠯᠵᠠᠯᠲᠤ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢ ᠳᠡᠮᠵᠢᠬᠦ ᠵᠢᠱ᠌ᠢᠶ᠎ᠡ ᠦᠵᠡᠭᠦᠯᠬᠦ ᠣᠷᠣᠨ᠎ᠤ ᠨᠡᠷᠡᠰ᠎ᠢ ᠨᠡᠶ᠋ᠢᠲᠡᠯᠡᠵᠦ᠂ ᠮᠠᠨ᠎ᠤ ᠣᠷᠣᠨ᠎ᠤ ᠬᠥᠬᠡᠬᠤᠲᠠ ᠪᠠ ᠤᠯᠠᠭ᠋ᠠᠨᠬᠠᠳᠠ ᠬᠤᠲᠠ ᠵᠢᠨ ᠬᠤᠩᠱ᠌ᠠᠨ ᠲᠣᠭᠤᠷᠢᠭ ᠰᠣᠩᠭᠤᠭᠳᠠᠪᠠ᠃ (ᠬᠥᠬᠡᠬᠤᠲᠠ ᠵᠢᠨ ᠵᠠᠰᠠᠭ᠎ᠤᠨ ᠣᠷᠳᠣᠨ)
   9 ᠳ᠋ᠦ᠍ᠭᠡᠷ ᠰᠠᠷ᠎ᠠ ᠵᠢᠨ 26᠎ᠤ ᠡᠳᠦᠷ᠂ ᠶᠡᠷᠦᠩᠬᠡᠢ ᠪᠡᠯᠡ ᠣᠷᠣᠭᠤᠯᠤᠯᠲᠠ᠎ᠨᠢ 67.2 ᠳ᠋ᠦᠩᠰᠢᠭᠤᠷ ᠲᠥᠭᠦᠷᠢᠭ᠎ᠲᠤ ᠬᠦᠷᠦᠭᠰᠡᠨ ᠲᠦᠩᠯᠢᠶᠣᠣ ᠬᠤᠲᠠ ᠵᠢᠨ ᠵᠠᠬᠠᠨᠠᠭᠤᠷ᠎ᠤᠨ 35 ᠲᠦᠮᠡᠨ ᠲᠤᠨ ᠪᠣᠬᠢᠷᠳᠤᠯ ᠦᠭᠡᠢ ᠴᠠᠬᠢᠯᠭ᠋ᠠᠨ ᠬᠦᠩᠭᠡᠨᠴᠠᠭ᠋ᠠᠨ᠎ᠤ ᠲᠥᠷᠥᠯ ᠵᠦᠢ᠍ᠯ᠎ᠢ ᠠᠵᠢᠯ ᠡᠬᠢᠯᠡᠭᠦᠯᠦᠨ ᠪᠠᠶ᠋ᠢᠭᠤᠯᠵᠤ᠂ ᠲᠤᠰ ᠲᠥᠷᠥᠯ ᠵᠦᠢ᠍ᠯ᠎ᠤᠨ ᠵᠢᠯ᠎ᠤᠨ ᠴᠠᠬᠢᠯᠭ᠋ᠠᠨ ᠵᠠᠷᠤᠴᠠᠭᠤᠯᠬᠤ ᠬᠡᠮᠵᠢᠶ᠎ᠡ᠎ᠨᠢ 46.5 ᠳ᠋ᠦᠩᠰᠢᠭᠤᠷ ᠺᠢᠯᠣᠸᠠᠲ ᠴᠠᠭ ᠪᠠᠶ᠋ᠢᠵᠤ᠂ ᠡᠭᠦᠨ᠎ᠳᠤ ᠪᠣᠬᠢᠷᠳᠤᠯ ᠦᠭᠡᠢ ᠴᠠᠬᠢᠯᠭ᠋ᠠᠨ ᠵᠠᠷᠤᠴᠠᠭᠤᠯᠬᠤ ᠬᠡᠮᠵᠢᠶ᠎ᠡ᠎ᠨᠢ 37.21 ᠳ᠋ᠦᠩᠰᠢᠭᠤᠷ ᠺᠢᠯᠣᠸᠠᠲ ᠴᠠᠭ ᠪᠠᠶ᠋ᠢᠵᠤ᠂ ᠲᠥᠷᠥᠯ ᠵᠦᠢ᠍ᠯ᠎ᠤᠨ ᠶᠡᠷᠦᠩᠬᠡᠢ᠍ᠯᠡᠭᠰᠡᠨ ᠴᠠᠬᠢᠯᠭ᠋ᠠᠨ ᠵᠠᠷᠤᠴᠠᠭᠤᠯᠬᠤ ᠬᠡᠮᠵᠢᠶ᠎ᠡ᠎ᠳᠠᠬᠢ ᠪᠣᠬᠢᠷᠳᠤᠯ ᠦᠭᠡᠢ ᠴᠠᠬᠢᠯᠭ᠋ᠠᠨ ᠵᠠᠷᠤᠴᠠᠭᠤᠯᠤᠭᠰᠠᠨ ᠬᠡᠮᠵᠢᠶ᠎ᠡ᠎ᠨᠢ 79% ᠵᠢ ᠡᠵᠡᠯᠡᠨ᠎ᠡ᠃ ᠲᠤᠰ ᠲᠦᠷᠦᠯ ᠵᠦᠢ᠍ᠯ ᠠᠰᠢᠭᠯᠠᠯᠲᠠ᠎ᠳᠤ ᠣᠷᠣᠭᠰᠠᠨ᠎ᠤ ᠳᠠᠷᠠᠭ᠎ᠠ᠂ ᠤᠯᠤᠰ᠎ᠤᠨ ᠳᠣᠲᠣᠭ᠋ᠠᠳᠤ᠎ᠳᠠᠬᠢ ᠪᠣᠬᠢᠷᠳᠤᠯ ᠦᠭᠡᠢ ᠴᠠᠬᠢᠯᠭ᠋ᠠᠨ᠎ᠢ ᠬᠡᠷᠡᠭᠯᠡᠭᠰᠡᠨ ᠬᠠᠷᠢᠴᠠᠯ ᠵᠶ᠋ᠠᠷ ᠬᠠᠮᠤᠭ ᠥᠨᠳᠦᠷ ᠪᠣᠯᠬᠤ 《ᠪᠣᠬᠢᠷᠳᠤᠯ ᠦᠭᠡᠢ ᠴᠠᠬᠢᠯᠭ᠋ᠠᠨ ᠬᠦᠩᠭᠡᠨᠴᠠᠭ᠋ᠠᠨ》᠎ᠤ ᠦᠢ᠍ᠯᠡᠳᠪᠦᠷᠢᠯᠡᠯ᠎ᠤᠨ ᠱᠤᠭᠤᠮ ᠪᠣᠯᠤᠨ᠎ᠠ᠃ (ᠲᠦᠩᠯᠢᠶᠣᠣ ᠬᠤᠲᠠ ᠵᠢᠨ ᠵᠠᠰᠠᠭ᠎ᠤᠨ ᠣᠷᠳᠣᠨ)
   9 ᠳ᠋ᠦ᠍ᠭᠡᠷ ᠰᠠᠷ᠎ᠠ ᠵᠢᠨ 25᠎ᠤ ᠡᠳᠦᠷ᠂ 《ᠰᠢᠨ᠎ᠡ ᠵᠢ ᠡᠭᠦᠳᠴᠦ ᠬᠠᠮᠵᠢᠯᠴᠠᠨ ᠴᠢᠳᠠᠪᠤᠷᠢᠲᠠᠨ ᠬᠥᠮᠦᠵᠢᠭᠦᠯᠬᠦ ᠰᠢᠨ᠎ᠡ ᠲᠣᠭᠲᠠᠴᠠ ᠵᠢ ᠪᠠᠶ᠋ᠢᠭᠤᠯᠵᠤ᠂ ᠰᠤᠷᠭ᠋ᠠᠭᠤᠯᠢ ᠪᠠ ᠣᠷᠣᠨ ᠨᠤᠲᠤᠭ᠎ᠤᠨ ᠬᠠᠮᠲᠤᠷᠠᠯᠴᠠᠭ᠋ᠠᠨ᠎ᠤ ᠰᠢᠨ᠎ᠡ ᠬᠠᠭᠤᠳᠠᠰᠤ ᠵᠢ ᠬᠠᠮᠲᠤ᠎ᠪᠠᠷ ᠵᠢᠷᠤᠭᠯᠠᠶ᠎ᠠ》 ᠭᠡᠬᠦ ᠶᠡᠭᠡ ᠳᠡᠭᠡᠳᠦ ᠰᠤᠷᠭ᠋ᠠᠭᠤᠯᠢ᠎ᠨᠤᠭᠤᠳ᠎ᠤᠨ ᠵᠠᠬᠢᠷᠤᠯ ᠨᠠᠷ᠎ᠤᠨ ᠣᠷᠤᠯᠴᠠᠭᠰᠠᠨ ᠲᠣᠭᠤᠷᠢᠭ ᠰᠢᠷᠡᠭᠡᠨ᠎ᠤ ᠬᠤᠷᠠᠯ ᠣᠷᠳᠣᠰ ᠬᠤᠲᠠ᠎ᠳᠤ ᠬᠤᠷᠠᠯᠳᠤᠵᠤ᠂ ᠲᠤᠰ ᠬᠤᠷᠠᠯ ᠳᠡᠭᠡᠷ᠎ᠡ ᠣᠷᠳᠣᠰ ᠬᠤᠲᠠ᠎ᠨᠢ ᠪᠡᠭᠡᠵᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠭᠡ ᠰᠤᠷᠭ᠋ᠠᠭᠤᠯᠢ᠎ᠯᠤᠭ᠎ᠠ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠦᠪᠯᠡᠯᠴᠡᠭᠡᠷ ᠲᠣᠭᠲᠠᠬᠤ ᠶᠣᠰᠣᠯᠠᠯ ᠶᠠᠪᠤᠭᠤᠯᠪᠠ᠃ (ᠤᠷᠳᠤᠰ ᠬᠤᠳᠠ ᠵᠢᠨ ᠵᠠᠰᠠᠭ᠎ᠤᠨ ᠣᠷᠳᠣᠨ)
   9 ᠳ᠋ᠦ᠍ᠭᠡᠷ ᠰᠠᠷ᠎ᠠ ᠵᠢᠨ 24᠎ᠤ ᠡᠳᠦᠷ᠂ ᠴᠠᠬᠠᠷ ᠪᠠᠷᠠᠭᠤᠨ ᠭᠠᠷᠤᠨ ᠬᠤᠶ᠋ᠢᠲᠤ ᠬᠤᠰᠢᠭᠤᠨ᠎ᠤ ᠶᠤᠸᠠᠨ ᠾᠧ ᠬᠠᠷᠢᠯᠴᠠᠨ ᠦᠢ᠍ᠯᠡᠳᠦᠯᠴᠡᠬᠦ ᠪᠣᠬᠢᠷᠲᠤᠯ ᠥᠬᠡᠶ ᠲᠣᠮᠣ ᠳ᠋ᠠᠶ᠋ᠢᠲ᠋ᠠ ᠵᠢᠨ ᠲᠥᠪ᠎ᠤᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠤᠨ 110kV ᠭᠠᠳᠠᠭᠰᠢ ᠬᠦᠷᠭᠡᠬᠦ ᠱᠤᠭᠤᠮ᠎ᠨᠢ ᠤᠷᠤᠭᠰᠢᠲᠠᠶ᠎ᠪᠠᠷ ᠴᠠᠬᠢᠯᠭ᠋ᠠᠨ ᠬᠦᠷᠭᠡᠵᠦ ᠠᠰᠢᠭᠯᠠᠯᠲᠠ᠎ᠳᠤ ᠣᠷᠣᠪᠠ᠃ (ᠴᠠᠬᠠᠷ ᠪᠠᠷᠠᠭᠤᠨ ᠭᠠᠷᠤᠨ ᠬᠤᠶ᠋ᠢᠲᠤ ᠬᠤᠰᠢᠭᠤᠨ᠎ᠤ ᠵᠠᠰᠠᠭ᠎ᠤᠨ ᠣᠷᠳᠣᠨ)
   9 ᠳ᠋ᠦ᠍ᠭᠡᠷ ᠰᠠᠷ᠎ᠠ ᠵᠢᠨ 24᠎ᠤ ᠡᠳᠦᠷ ᠪᠣᠯᠲᠠᠯ᠎ᠠ᠂ ᠭᠠᠭᠴᠠᠮᠣᠳᠣ ᠬᠢᠯᠢ ᠵᠢᠨ ᠪᠣᠭᠤᠮᠲᠠ ᠵᠢᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 3030.99 ᠲᠦᠮᠡᠨ ᠲᠣᠨ᠎ᠢ ᠪᠡᠶᠡᠯᠡᠭᠦᠯᠵᠦ᠂ ᠳᠠᠬᠢᠨᠲᠠ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 12.56%᠎ᠪᠠᠷ ᠨᠡᠮᠡᠭᠳᠡᠪᠡ᠃ (ᠤᠷᠠᠳ᠎ᠤᠨ ᠳᠤᠮᠳᠠᠳᠤ ᠬᠤᠰᠢᠭᠤᠨ᠎ᠤ ᠵᠠᠰᠠᠭ᠎ᠤᠨ ᠣᠷᠳᠣᠨ)
    ᠢᠷᠡᠯᠲᠡ᠄
   

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠵᠦᠩ ᠵᠧᠩ ᠲᠠᠪᠴᠠᠩ᠎ᠤᠨ ᠪᠡᠯᠡ ᠲᠣᠬᠢᠷᠠᠭᠤᠯᠭ᠎ᠠ ᠵᠢ ᠠᠬᠢᠭᠤᠯᠬᠤ ᠦᠢ᠍ᠯᠡᠳᠦᠯ᠎ᠢ ᠢᠳᠡᠪᠬᠢᠲᠡᠶ ᠪᠠᠳᠠᠷᠠᠭᠤᠯᠵᠤ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠬᠥᠭᠵᠢᠯᠲᠡ᠎ᠳᠤ ᠬᠦᠴᠦᠨ ᠨᠡᠮᠡᠷᠢᠯᠡᠪᠡ
9 ᠳ᠋ᠦ᠍ᠭᠡᠷ ᠰᠠᠷ᠎ᠠ ᠵᠢᠨ 28᠎ᠤ ᠡᠳᠦᠷ ᠶᠡᠷᠦᠩᠬᠡᠢ ᠪᠡᠯᠡ ᠣᠷᠣᠭᠤᠯᠤᠯᠲᠠ᠎ᠨᠢ 157 ᠳ᠋ᠦᠩᠰᠢᠭᠤᠷ ᠲᠥᠭᠦᠷᠢᠭ᠎ᠤᠨ ᠰᠠᠨ ᠰᠢᠶᠠ ᠪᠦᠯᠦᠭᠯᠡᠯ᠎ᠤᠨ ᠬᠥᠪᠴᠢ ᠵᠢᠨ ᠳᠤᠮᠳᠠ ᠬᠤᠶ᠋ᠢᠲᠤ ᠬᠡᠰᠡᠭ᠎ᠤᠨ ᠰᠢᠨ᠎ᠡ ᠡᠨᠧᠷᠭᠢ ᠵᠢᠨ ᠰᠠᠭᠤᠷᠢᠨ ᠭᠠᠵᠠᠷ᠎ᠤᠨ ᠢᠵᠢ ᠪᠦᠷᠢᠳᠦᠭᠦᠯᠦᠭᠰᠡᠨ ᠨᠡᠭᠦᠷᠡᠰᠦ ᠴᠠᠬᠢᠯᠭ᠋ᠠᠨ᠎ᠤ ᠲᠥᠷᠥᠯ ᠵᠦᠢ᠍ᠯ ᠠᠵᠢᠯ ᠡᠬᠢᠯᠡᠪᠡ
ᠲᠦᠷᠦᠭᠦᠦ ᠭᠤᠷᠪᠠᠨ ᠤᠯᠠᠷᠢᠯ᠎ᠳᠤ ᠥᠪᠥᠷ ᠮᠣᠩᠭᠤᠯ᠎ᠤᠨ ᠡᠨᠧᠷᠬᠢ ᠵᠢᠨ ᠪᠦᠯᠦᠭᠯᠡᠯ 10.3 ᠳ᠋ᠦᠩᠰᠢᠭᠤᠷ ᠲᠥᠭᠦᠷᠢᠭ᠎ᠤᠨ ᠠᠰᠢᠭ ᠣᠯᠵᠠᠪᠤᠷᠢ ᠣᠯᠪᠠ
10 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠲᠣᠪᠴᠢ ᠮᠡᠳᠡᠭᠡ
2023 ᠣᠨ᠎ᠳᠤ ᠪᠥᠬᠦ ᠣᠷᠣᠨ᠎ᠤ R&D᠎ᠤᠨ ᠵᠠᠷᠤᠳᠠᠯ 228.1 ᠳ᠋ᠦᠩᠰᠢᠭᠤᠷ ᠲᠥᠭᠦᠷᠢᠭ᠎ᠲᠤ ᠬᠦᠷᠴᠦ ᠠᠳᠠᠯᠢ ᠬᠤᠭᠤᠴᠠᠭ᠋ᠠᠨ᠎ᠤ᠎ᠬᠢ᠎ᠠᠴᠠ 8. 9%᠎ᠪᠠᠷ ᠨᠡᠮᠡᠭᠳᠡᠪᠡ
 
            