ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠣᠷᠣᠨ ᠪᠥᠬᠦ ᠤᠯᠤᠰ᠎ᠤᠨ ᠪᠤᠳᠤᠯᠲᠠ ᠵᠢᠨ ᠴᠢᠳᠠᠪᠤᠷᠢ ᠬᠢᠭᠡᠳ ᠴᠠᠬᠢᠯᠭ᠋ᠠᠨ ᠬᠦᠴᠦ ᠵᠢ ᠬᠠᠮᠵᠢᠯᠴᠠᠨ ᠬᠦᠭᠵᠢᠭᠦᠯᠬᠦ ᠠᠩᠬᠠᠳᠠᠭᠴᠢ ᠲᠥᠰᠦᠯ᠎ᠢ ᠳᠠᠷᠤᠮᠠᠯᠯᠠᠨ ᠲᠠᠷᠬᠠᠭ᠋ᠠᠪᠠ
ᠨᠡᠶᠢᠲᠡᠯᠡᠭᠰᠡᠨ ᠴᠠᠭ᠄ 2024-10-18


    ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠡᠶ᠋ᠢᠲ᠋ᠠ ᠵᠢᠨ ᠬᠠᠮᠢᠶᠠᠷᠤᠯᠲᠠ ᠵᠢᠨ ᠲᠤᠪᠴᠢᠶ᠎ᠠ ᠡᠨᠧᠷᠭᠢ ᠵᠢᠨ ᠲᠣᠪᠴᠢᠶ᠎ᠠ ᠬᠤᠯᠪᠤᠭ᠋ᠠᠯᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠤᠳᠤᠯᠲᠠ ᠵᠢᠨ ᠴᠢᠳᠠᠪᠤᠷᠢ ᠬᠢᠭᠡᠳ ᠴᠠᠬᠢᠯᠭ᠋ᠠᠨ ᠬᠦᠴᠦ ᠵᠢ ᠬᠠᠮᠵᠢᠯᠴᠠᠭᠤᠯᠬᠤ ᠡᠭᠦᠷᠭᠡ ᠵᠢᠨ ᠨᠠᠶ᠋ᠢᠳᠠᠪᠤᠷᠢᠵᠢᠭᠤᠯᠬᠤ ᠲᠥᠰᠦᠯ》᠎ᠢ ᠳᠠᠷᠤᠮᠠᠯᠯᠠᠨ ᠲᠠᠷᠬᠠᠭ᠋ᠠᠪᠠ᠃ ᠪᠥᠬᠦ ᠤᠯᠤᠰ᠎ᠤᠨ ᠪᠤᠳᠤᠯᠲᠠ ᠵᠢᠨ ᠴᠢᠳᠠᠪᠤᠷᠢ ᠬᠢᠭᠡᠳ ᠴᠠᠬᠢᠯᠭ᠋ᠠᠨ ᠬᠦᠴᠦ ᠵᠢ ᠬᠠᠮᠵᠢᠯᠴᠠᠨ ᠬᠦᠭᠵᠢᠭᠦᠯᠬᠦ ᠠᠩᠬᠠᠳᠠᠭᠴᠢ ᠲᠥᠰᠦᠯ ᠪᠣᠯᠤᠭᠰᠠᠨ᠎ᠤ ᠬᠤᠪᠢ᠎ᠳᠤ᠂ ᠨᠡᠶ᠋ᠢᠲᠡ 5 ᠶᠡᠭᠡ ᠲᠠᠯ᠎ᠠ ᠵᠢᠨ 16 ᠵᠦᠢ᠍ᠯ᠎ᠤᠨ ᠭᠤᠤᠯᠳᠠᠯᠭ᠎ᠠ ᠪᠣᠯᠬᠤ ᠡᠭᠦᠷᠭᠡ ᠵᠢ ᠳᠤᠷᠠᠳᠪᠠ᠂ ᠪᠥᠬᠦ ᠣᠷᠣᠨ᠎ᠤ ᠦᠢ᠍ᠯᠡᠴᠢᠯᠡᠭᠦᠷ᠎ᠤᠨ ᠳᠠᠭ᠋ᠠᠭ᠋ᠠᠴᠠ᠂ ᠴᠠᠬᠢᠯᠭ᠋ᠠᠨ ᠬᠡᠷᠡᠭᠯᠡᠬᠦ ᠶᠡᠷᠦᠩᠬᠡᠶ ᠬᠡᠮᠵᠢᠶ᠎ᠡ᠂ ᠴᠠᠬᠢᠯᠭ᠋ᠠᠨ ᠬᠡᠷᠡᠭᠯᠡᠬᠦ ᠪᠠᠲᠤᠯᠠᠭ᠎ᠠ᠂ ᠴᠠᠬᠢᠯᠭ᠋ᠠᠨ ᠬᠡᠷᠡᠭᠯᠡᠬᠦ ᠦᠷ᠎ᠡ ᠪᠦᠲᠦᠮᠵᠢ ᠪᠠ ᠠᠵᠤ ᠠᠬᠤᠶ ᠵᠢᠨ ᠦᠷ᠎ᠡ ᠠᠰᠢᠭ᠎ᠢ ᠭᠦᠢ᠍ᠴᠡᠳ ᠰᠤᠳᠤᠯᠤᠨ ᠮᠠᠭ᠋ᠠᠳᠯᠠᠭᠰᠠᠨ ᠰᠠᠭᠤᠷᠢᠨ ᠳᠡᠭᠡᠷ᠎ᠡ᠂ 2025᠂ 2027᠂ 2030 ᠣᠨ ᠡᠨᠡ ᠭᠤᠷᠪᠠᠨ ᠱᠠᠲᠤ ᠦᠶ᠎ᠡ᠎ᠳᠤ ᠰᠢᠨ᠎ᠡ᠎ᠪᠠᠷ ᠨᠡᠮᠡᠭᠳᠡᠬᠦ ᠴᠠᠬᠢᠯᠭ᠋ᠠᠨ ᠬᠦᠴᠦᠨ᠎ᠤ ᠲᠣᠬᠢᠷᠠᠭᠤᠯᠤᠯᠲᠠ ᠵᠢᠨ ᠪᠠᠲᠤᠯᠠᠭ᠎ᠠ ᠵᠢᠨ ᠬᠠᠷᠠᠯᠲᠠ ᠵᠢ ᠲᠣᠭᠲᠠᠭ᠋ᠠᠵᠤ᠂ ᠪᠤᠳᠤᠯᠲᠠ ᠵᠢᠨ ᠴᠢᠳᠠᠪᠤᠷᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ᠎ᠪᠠᠨ ᠰᠢᠨ᠎ᠡ ᠡᠨᠧᠷᠭᠢ ᠵᠢᠨ ᠬᠥᠭᠵᠢᠯᠲᠡ ᠵᠢᠨ ᠲᠥᠯᠥᠪᠵᠢᠭᠦᠯᠭᠡ᠎ᠯᠦᠭᠡ ᠵᠤᠯᠭ᠋ᠠᠯᠳᠣᠭᠤᠯᠬᠤ ᠵᠢ ᠪᠥᠬᠦ ᠲᠠᠯ᠎ᠠ᠎ᠪᠠᠷ ᠠᠬᠢᠭᠤᠯᠵᠤ᠂ ᠰᠢᠨ᠎ᠡ᠎ᠪᠠᠷ ᠪᠠᠶ᠋ᠢᠭᠤᠯᠤᠭᠰᠠᠨ ᠳ᠋ᠠᠶ᠋ᠢᠲ᠋ᠠ ᠵᠢᠨ ᠲᠥᠪ᠎ᠢ ᠳᠠᠬᠢᠯᠲᠠ ᠡᠨᠧᠷᠭᠢ ᠵᠢᠨ ᠴᠠᠬᠢᠯᠭ᠋ᠠᠨ ᠭᠠᠷᠭ᠋ᠠᠬᠤ᠎ᠯᠤᠭ᠎ᠠ ᠬᠠᠮᠵᠢᠯᠴᠠᠨ ᠪᠠᠶ᠋ᠢᠷᠢᠰᠢᠭᠤᠯᠬᠤ ᠵᠢ ᠬᠥᠲᠥᠯᠦᠨ ᠵᠢᠯᠣᠭᠤᠳᠴᠤ᠂ ᠪᠤᠳᠤᠯᠲᠠ ᠵᠢᠨ ᠴᠢᠳᠠᠪᠤᠷᠢ ᠬᠢᠭᠡᠳ ᠴᠠᠬᠢᠯᠭ᠋ᠠᠨ ᠬᠦᠴᠦᠨ᠎ᠤ ᠬᠤᠤᠰ ᠴᠢᠭᠯᠡᠯ ᠵᠶ᠋ᠠᠷ ᠬᠠᠮᠵᠢᠯᠴᠠᠨ ᠬᠥᠭᠵᠢᠬᠦ ᠲᠦᠯᠦᠪ ᠪᠠᠶ᠋ᠢᠳᠠᠯ᠎ᠢ ᠪᠣᠶ ᠪᠣᠯᠭ᠋ᠠᠨ᠎ᠠ᠃ (ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠡᠶ᠋ᠢᠲ᠋ᠠ ᠵᠢᠨ ᠬᠠᠮᠢᠶᠠᠷᠤᠯᠲᠠ ᠵᠢᠨ ᠲᠤᠪᠴᠢᠶ᠎ᠠ)

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠡᠷᠲᠡᠬᠡᠨ ᠪᠠᠶ᠋ᠢᠷᠢᠯᠠᠭᠤᠯᠵᠤ ᠡᠪᠦᠯ ᠬᠠᠪᠤᠷ᠎ᠤᠨ ᠠᠪᠤᠷᠠᠨ ᠲᠤᠰᠠᠯᠠᠬᠤ ᠠᠵᠢᠯ᠎ᠢ ᠴᠢᠩᠭ᠋ᠠᠳᠬᠠᠪᠠ
ᠡᠳ᠋᠎ᠤᠨ ᠵᠠᠰᠠᠭ᠎ᠤᠨ ᠶᠠᠮᠤᠨ᠄ ᠲᠤᠰᠬᠠᠢ ᠵᠦᠢ᠍ᠯ᠎ᠤᠨ ᠦᠭᠴᠡᠭᠡ᠎ᠪᠠᠷ ᠦᠯᠡᠳᠡᠭᠡᠯ ᠲᠠᠸᠠᠷ᠎ᠤᠨ ᠤᠷᠤᠨ ᠰᠠᠭᠤᠴᠠ ᠬᠤᠳᠠᠯᠳᠤᠨ ᠠᠪᠬᠤ ᠵᠢ ᠣᠷᠣᠨ ᠨᠤᠲᠤᠭ ᠦᠪᠡᠰᠦᠪᠡᠨ ᠡᠵᠡᠨ ᠮᠡᠳᠡᠵᠦ ᠰᠠᠶ᠋ᠢᠨ ᠳᠤᠷ᠎ᠠ᠎ᠠᠴᠠ᠎ᠪᠠᠨ ᠬᠡᠷᠡᠭᠵᠢᠭᠦᠯᠦᠨ᠎ᠡ
ᠲᠦᠩᠯᠢᠶᠣᠤ ᠬᠤᠲᠠ 《ᠲᠠᠪᠤᠨ ᠲᠥᠪᠯᠡᠷᠡᠭᠦᠯᠬᠦ》 ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠰᠢᠯᠢᠳᠡᠭᠵᠢᠭᠦᠯᠦᠨ ᠪᠣᠳᠠᠲᠠᠶ᠋ᠢᠵᠢᠭᠤᠯᠪᠠ
ᠦᠪᠦᠷ ᠮᠤᠩᠭᠤᠯ ᠤᠷᠤᠨ᠎ᠳᠠᠬᠢ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠰᠢ ᠵᠢᠨ ᠫᠢᠩ᠎ᠤᠨ 《ᠱᠧᠨᠵᠧᠨ᠎ᠤ ᠠᠵᠤ ᠠᠬᠤᠢ ᠵᠢᠨ ᠣᠨᠴᠠᠭ᠋ᠠᠢ ᠣᠷᠣᠨ ᠪᠠᠶ᠋ᠢᠭᠤᠯᠤᠭᠳᠠᠭᠰᠠᠨ 40 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠠᠷᠢᠶ᠎ᠠ》 ᠵᠢᠨ ᠲᠤᠰᠬᠠᠢ ᠳᠡᠪᠲᠡᠷ ᠬᠡᠪᠯᠡᠭᠳᠡᠪᠡ
 
            