8 ᠳ᠋ᠤᠭ᠋ᠠᠷ ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠬᠥᠬᠡᠬᠤᠲᠠ᠎ᠳᠤ ᠲᠠᠪᠤᠳᠤᠭ᠋ᠠᠷ ᠲᠠᠯᠠᠪᠤᠷ ᠵᠠᠰᠠᠭ ᠠᠵᠤ ᠠᠬᠤᠶ᠋ᠢᠯᠠᠯ᠎ᠤᠨ ᠶᠠᠷᠢᠯᠴᠠᠬᠤ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠢᠶ ᠰᠢᠶᠣᠤ ᠴᠢᠩ ᠬᠤᠷᠠᠯ᠎ᠢ ᠡᠷᠭᠢᠯᠡᠵᠦ᠂ ᠦᠵᠡᠮᠵᠢ ᠵᠢᠨ ᠣᠷᠣᠨ᠎ᠠᠴᠠ ᠢᠷᠡᠭᠰᠡᠨ 9 ᠵᠢᠭᠤᠯᠴᠢᠯᠠᠯ᠎ᠤᠨ ᠭᠠᠵᠠᠷ᠎ᠤᠨ ᠲᠥᠯᠥᠭᠡᠯᠡᠭᠴᠢᠳ᠎ᠲᠠᠢ ᠨᠢᠭᠡ ᠲᠠᠩᠬᠢᠮ᠎ᠳᠤ ᠰᠠᠭᠤᠵᠤ᠂ 《ᠬᠠᠯᠠᠭᠤᠨ ᠳᠤᠯᠠᠭ᠋ᠠᠨ᠂ ᠬᠠᠨᠳᠤᠯᠭ᠋ᠠᠲᠤ ᠠᠭᠤᠯᠭ᠎ᠠ᠎ᠲᠠᠢ》 ᠶᠠᠷᠢᠯᠴᠠᠭ᠎ᠠ ᠵᠢ ᠡᠬᠢᠯᠡᠭᠦᠯᠪᠡ᠃

ᠠᠵᠤ ᠠᠬᠤᠶ᠋ᠢᠯᠠᠯ᠎ᠤᠨ ᠲᠥᠯᠥᠭᠡᠯᠡᠭᠴᠢᠳ᠎ᠲᠤ ᠤᠯᠠᠭ᠋ᠠᠨᠴᠠᠪ᠎ᠤᠨ ᠬᠤᠩᠬᠤᠷ ᠭᠤᠤ ᠵᠢᠨ ᠦᠵᠡᠮᠵᠢ ᠵᠢᠨ ᠣᠷᠣᠨ᠂ ᠤᠯᠠᠭ᠋ᠠᠨᠬᠠᠳᠠ ᠭᠠᠯᠲᠤ ᠠᠭᠤᠯᠠ ᠵᠢᠨ ᠦᠵᠡᠮᠵᠢ ᠵᠢᠨ ᠣᠷᠣᠨ᠂ ᠯᠢᠨ ᠬᠤ᠌ ᠵᠢᠨ ᠡᠷᠲᠡᠨ᠎ᠤ ᠴᠠᠶ᠋ᠢᠵᠠ ᠵᠢᠨ ᠦᠵᠡᠮᠵᠢ ᠵᠢᠨ ᠣᠷᠣᠨ᠂ ᠢᠩᠭᠡᠨ ᠲᠠᠯ᠎ᠠ ᠵᠢᠨ ᠡᠯᠡᠰᠦᠨ ᠴᠦᠯ᠎ᠤᠨ ᠠᠮᠢ ᠠᠬᠤᠶ ᠵᠢᠨ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠬᠥᠬᠡᠬᠤᠲᠠ ᠵᠢᠨ ᠢ ᠯᠢ ᠡᠷᠡᠭᠦᠯ ᠮᠡᠨᠳᠦ ᠵᠢᠨ ᠬᠥᠨᠳᠡᠶ ᠵᠢᠴᠢ ᠥᠪᠥᠷ ᠮᠣᠩᠭᠤᠯ᠎ᠤᠨ ᠱᠧᠩ ᠰᠢᠶᠠᠩ ᠣᠯᠠᠨ ᠤᠯᠤᠰ᠎ᠤᠨ ᠵᠢᠭᠤᠯᠴᠢᠯᠠᠯ᠎ᠤᠨ ᠬᠤᠷᠢᠶ᠎ᠠ᠂ ᠭᠦᠸᠧ᠎ᠲᠠᠢ ᠵᠢᠭᠤᠯᠴᠢᠯᠠᠯ᠎ᠤᠨ ᠬᠤᠷᠢᠶ᠎ᠠ᠂ ᠵᠥᠩ ᠱ᠌ᠢ ᠣᠯᠠᠨ ᠤᠯᠤᠰ᠎ᠤᠨ ᠵᠢᠭᠤᠯᠴᠢᠯᠠᠯ᠎ᠤᠨ ᠬᠤᠷᠢᠶ᠎ᠠ᠂ ᠮᠤᠨᠢ ᠠᠭᠤᠯᠠ ᠵᠢᠨ ᠠᠷᠤ ᠲᠠᠯ᠎ᠠ ᠵᠢᠨ ᠨᠡᠭᠦᠳᠡᠯ ᠵᠢᠭᠤᠯᠴᠢᠯᠠᠯ᠎ᠤᠨ ᠬᠤᠷᠢᠶ᠎ᠠ ᠪᠠᠭᠲᠠᠨ᠎ᠠ᠃
ᠠᠵᠤ ᠠᠬᠤᠶ᠋ᠢᠯᠠᠯ᠎ᠤᠨ ᠲᠥᠯᠥᠭᠡᠯᠡᠭᠴᠢᠳ ᠶᠠᠷᠢᠯᠴᠠᠬᠤ ᠬᠤᠷᠠᠯ᠎ᠢ ᠳᠡᠭᠡᠳᠦ ᠬᠡᠮᠵᠢᠶ᠎ᠡ᠎ᠪᠠᠷ ᠦᠨᠡᠯᠡᠵᠦ᠂ ᠲᠤᠰ ᠤᠳᠠᠭ᠋ᠠᠨ᠎ᠤ ᠶᠠᠷᠢᠯᠴᠠᠬᠤ ᠬᠤᠷᠠᠯ ᠥᠨᠳᠥᠷ ᠪᠦᠲᠦᠮᠵᠢᠲᠡᠢ᠂ ᠪᠣᠳᠠᠲᠠᠢ ᠵᠢ ᠡᠷᠬᠢᠮᠯᠡᠵᠦ᠂ ᠠᠰᠠᠭᠤᠳᠠᠯ᠎ᠳᠤ ᠰᠢᠭᠤᠳ ᠬᠠᠨᠳᠤᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠵᠤ ᠠᠬᠤᠶ᠋ᠢᠯᠠᠯ᠎ᠤᠨ ᠰᠡᠳᠬᠢᠯ᠎ᠤᠨ ᠦᠭᠡ ᠵᠢ ᠰᠣᠨᠣᠰᠬᠤ᠂ ᠠᠵᠤ ᠦᠢ᠍ᠯᠡᠰ᠎ᠤᠨ ᠬᠥᠭᠵᠢᠯᠲᠡ᠎ᠳᠤ ᠬᠦᠴᠦᠨ ᠨᠡᠮᠡᠷᠢᠯᠡᠬᠦ ᠵᠣᠷᠢᠭ᠎ᠢ ᠭᠦᠢ᠍ᠴᠡᠳ ᠢᠯᠡᠷᠡᠭᠦᠯᠵᠦ᠂ ᠠᠵᠤ ᠠᠬᠤᠶ᠋ᠢᠯᠠᠯ᠎ᠤᠨ ᠬᠦᠴᠢᠷᠳᠡᠯ᠎ᠢ ᠰᠢᠢ᠍ᠳᠪᠦᠷᠢᠯᠡᠬᠦ᠎ᠳᠤ ᠵᠢᠯᠤᠭᠤᠳᠤᠯᠭ᠎ᠠ ᠬᠠᠩᠭ᠋ᠠᠭᠰᠠᠨ ᠵᠶ᠋ᠠᠷ ᠪᠠᠷᠠᠬᠤ ᠦᠭᠡᠢ᠂ ᠥᠪᠥᠷ ᠮᠣᠩᠭᠤᠯ᠎ᠤᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠲᠤ ᠬᠦᠨᠵᠡᠬᠡᠶ᠋ᠢᠷᠡᠬᠦ ᠮᠠᠨ᠎ᠤ ᠢᠲᠡᠭᠡᠯ ᠵᠣᠷᠢᠭ᠎ᠢ ᠨᠡᠩ ᠨᠡᠮᠡᠭᠳᠡᠭᠦᠯᠵᠡᠢ ᠭᠡᠵᠦ ᠰᠠᠨᠠᠯ ᠨᠢᠭᠡᠲᠡᠢ ᠦᠵᠡᠪᠡ᠃ ᠤᠯᠠᠨ ᠵᠶ᠋ᠠᠷ ᠵᠶ᠋ᠠᠨ᠂ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠢ᠍ᠯᠡᠳᠬᠦᠨ ᠪᠣᠯᠤᠨ ᠦᠢ᠍ᠯᠡᠴᠢᠯᠡᠭᠡ᠎ᠪᠠᠨ ᠦᠷᠭᠦᠯᠵᠢᠯᠡᠨ ᠰᠢᠯᠢᠳᠡᠭᠵᠢᠭᠦᠯᠵᠦ᠂ ᠥᠪᠥᠷ ᠮᠣᠩᠭᠤᠯ᠎ᠤᠨ ᠵᠢᠭᠤᠯᠴᠢᠯᠠᠯ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠬᠠᠮᠲᠤ᠎ᠪᠠᠷ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠥᠪᠥᠷ ᠮᠣᠩᠭᠤᠯ᠎ᠤᠨ ᠵᠢᠭᠤᠯᠴᠢᠯᠠᠯ᠎ᠤᠨ ᠤᠯᠠᠨ᠎ᠳᠤ ᠮᠡᠳᠡᠷᠡᠭᠳᠡᠬᠦ᠎ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠵᠡᠭᠡᠪᠡ᠃