ᠪᠥᠬᠦ ᠮᠦᠽᠧᠶ ᠵᠢᠨ ᠺᠠᠳ᠋ᠷ ᠠᠵᠢᠯᠲᠠᠨ ᠠᠵᠢᠯᠴᠢᠨ᠎ᠤ ᠣᠨᠣᠯ᠎ᠤᠨ ᠬᠡᠪ ᠪᠣᠯᠪᠠᠰᠤᠷᠠᠯ ᠪᠠ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠨᠳᠥᠷ ᠬᠡᠪ ᠴᠢᠨᠠᠷ ᠪᠥᠬᠦᠶ ᠰᠣᠶᠣᠯ᠎ᠤᠨ ᠦᠵᠡᠰᠬᠦᠯᠡᠩ᠎ᠤᠨ ᠡᠩᠨᠡᠭᠡ ᠵᠢ ᠳᠠᠪᠲᠠᠨ ᠪᠣᠯᠪᠠᠰᠤᠷᠠᠭᠤᠯᠬᠤ ᠵᠢᠨ ᠲᠥᠯᠥᠭᠡ᠂ 8 ᠳ᠋ᠤᠭ᠋ᠠᠷ ᠰᠠᠷ᠎ᠠ ᠵᠢᠨ 11᠎ᠤ ᠡᠳᠦᠷ᠎ᠠᠴᠠ 13᠎ᠤ ᠡᠳᠦᠷ ᠪᠣᠯᠲᠠᠯ᠎ᠠ᠂ ᠥᠪᠥᠷ ᠮᠣᠩᠭᠤᠯ᠎ᠤᠨ ᠮᠦᠽᠧᠶ 2025 ᠣᠨ᠎ᠤ ᠪᠥᠬᠦ ᠠᠵᠢᠯᠲᠠᠨ᠎ᠢ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠲᠣᠰ ᠤᠳᠠᠭ᠋ᠠᠨ᠎ᠤ ᠪᠤᠯᠪᠠᠰᠤᠷᠠᠯ᠎ᠨᠢ ᠮᠦᠽᠧᠶ ᠵᠢᠨ ᠠᠵᠢᠯ᠎ᠤᠨ ᠪᠣᠳᠠᠲᠤ ᠪᠠᠶ᠋ᠢᠳᠠᠯ ᠪᠠ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠨᠢᠭᠲᠠ ᠤᠶᠠᠯᠳᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠵᠤ᠂ ᠤᠮᠠᠷᠠᠲᠤ ᠬᠢᠵᠠᠭ᠋ᠠᠷ᠎ᠤᠨ ᠰᠣᠶᠣᠯ᠂ ᠦᠵᠡᠯ ᠤᠬᠠᠮᠰᠠᠷ᠎ᠤᠨ ᠬᠡᠯᠪᠡᠷᠢ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ᠂ ᠬᠠᠤᠯᠢ᠎ᠪᠠᠷ ᠵᠠᠰᠠᠬᠤ ᠪᠠᠶ᠋ᠢᠭᠤᠯᠤᠯᠲᠠ᠂ ᠨᠢᠭᠤᠴᠠ ᠵᠢ ᠬᠠᠮᠠᠭ᠋ᠠᠯᠠᠬᠤ ᠰᠡᠷᠡᠮᠵᠢᠯᠡᠭᠦᠯᠬᠦ ᠬᠥᠮᠦᠵᠢᠯ ᠵᠡᠷᠭᠡ ᠲᠤᠰᠬᠠᠶ ᠰᠡᠳᠦᠪᠲᠦ ᠬᠢᠴᠢᠶᠡᠯ᠎ᠢ ᠬᠠᠮᠤᠷᠪᠠ᠃
ᠲᠣᠰ ᠤᠳᠠᠭ᠋ᠠᠨ᠎ᠤ ᠪᠤᠯᠪᠠᠰᠤᠷᠠᠯ᠎ᠤᠨ ᠬᠢᠴᠢᠶᠡᠯ᠎ᠨᠢ ᠪᠠᠶᠠᠯᠢᠭ᠂ ᠠᠭᠤᠯᠭ᠎ᠠ᠎ᠨᠢ ᠲᠡᠭᠦᠯᠳᠡᠷ ᠪᠠᠶ᠋ᠢᠵᠤ᠂ ᠲᠤᠰᠬᠠᠶ ᠮᠡᠷᠭᠡᠵᠢᠯᠲᠡᠨ᠎ᠤ ᠣᠨᠣᠯ᠎ᠤᠨ ᠬᠢᠴᠢᠶᠡᠯᠯᠡᠭᠡ᠎ᠲᠠᠢ ᠮᠥᠷᠲᠡᠭᠡᠨ ᠪᠠᠰᠠ ᠬᠡᠷᠡᠭ᠎ᠤᠨ ᠵᠢᠱ᠌ᠢᠶ᠎ᠡ ᠵᠢ ᠵᠠᠳᠠᠯᠤᠨ ᠶᠠᠷᠢᠯᠴᠠᠵᠤ᠂ ᠰᠡᠷᠡᠮᠵᠢᠯᠡᠭᠦᠯᠬᠦ ᠬᠥᠮᠦᠵᠢᠯ᠎ᠤᠨ ᠰᠢᠭᠤᠳ ᠲᠥᠷᠥᠭᠳᠡᠯ᠎ᠲᠠᠢ ᠪᠠᠶ᠋ᠢᠵᠤ᠂ ᠺᠠᠳ᠋ᠷ ᠠᠵᠢᠯᠲᠠᠨ ᠠᠵᠢᠯᠴᠢᠨ ᠪᠥᠬᠦ ᠶᠠᠪᠤᠴᠠ᠎ᠳᠤ ᠣᠷᠣᠯᠴᠠᠵᠤ᠂ ᠰᠤᠷᠤᠯᠴᠠᠬᠤ ᠠᠭᠤᠷ ᠠᠮᠢᠰᠬᠤᠯ ᠭᠦᠨ ᠵᠤᠵᠠᠭ᠋ᠠᠨ ᠪᠠᠢ᠌ᠨ᠎ᠠ᠃
ᠪᠤᠯᠪᠠᠰᠤᠷᠠᠯ ᠵᠶ᠋ᠠᠷ ᠳᠡᠮᠵᠢᠨ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠦᠵᠡᠯ ᠰᠠᠨᠠᠭ᠋ᠠᠨ᠎ᠤ ᠰᠠᠭᠤᠷᠢ᠎ᠪᠠᠨ ᠤᠯᠠᠮ ᠨᠢᠭᠡ ᠠᠯᠬᠤᠮ ᠪᠠᠬᠢᠵᠢᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠬᠦᠢ᠍ᠴᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠵᠢᠨ ᠰᠣᠶᠣᠯ᠎ᠤᠨ ᠦᠵᠡᠰᠬᠦᠯᠡᠩ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢᠨ ᠲᠤᠬᠠᠶ ᠲᠠᠨᠢᠯᠲᠠ᠎ᠪᠠᠨ ᠭᠦᠨᠵᠡᠭᠡᠶ᠋ᠢᠷᠡᠭᠦᠯᠪᠡ᠃ ᠤᠯᠠᠨ ᠵᠶ᠋ᠠᠷ ᠵᠶ᠋ᠠᠨ᠂ ᠲᠤᠰ ᠤᠳᠠᠭ᠋ᠠᠨ ᠤ ᠪᠣᠯᠪᠠᠰᠤᠷᠠᠯ ᠪᠣᠯ ᠥᠨᠳᠥᠷ ᠪᠦᠲᠦᠮᠵᠢᠲᠡᠢ 《ᠴᠠᠬᠢᠯᠭ᠋ᠠᠨ ᠴᠡᠨᠡᠭᠯᠡᠯᠲᠡ ᠡᠨᠧᠷᠭᠢ ᠬᠠᠳᠠᠭ᠋ᠠᠯᠠᠯᠲᠠ》 ᠪᠣᠯᠤᠨ᠎ᠠ᠂ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠰᠡᠳᠬᠢᠯ᠎ᠳᠤ᠎ᠪᠠᠨ ᠰᠢᠩᠭᠡᠭᠡᠵᠦ᠂ ᠠᠵᠢᠯᠯᠠᠭ᠎ᠠ ᠳᠤ᠎ᠪᠠᠨ ᠰᠢᠩᠭᠡᠭᠡᠵᠦ᠂ ᠮᠦᠽᠧᠢ ᠵᠢᠨ ᠡᠯ᠎ᠡ ᠵᠦᠢ᠍ᠯ᠎ᠤᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠬᠤ ᠪᠣᠯᠤᠨ᠎ᠠ ᠭᠡᠵᠦ ᠢᠯᠡᠳᠬᠡᠵᠡᠭᠡᠪᠡ᠃