ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠤᠯ᠎ᠤᠨ 《ᠠᠩᠬᠠᠳᠤᠭ᠋ᠠᠷ ᠬᠤᠭᠤᠴᠠᠭ᠋ᠠᠨ᠎ᠤ ᠬᠠᠲᠤᠨ ᠭᠤᠤᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠮᠲᠠᠲᠤ ᠢᠳᠡᠭᠡᠨ᠎ᠤ ᠰᠠᠷ᠎ᠠ》᠎ᠨᠢ ᠤᠯᠤᠰ᠎ᠤᠨ ᠲᠠᠰ᠎ᠤᠨ ᠢᠷᠠᠭᠤ ᠠᠯᠳᠠᠷ᠎ᠢ ᠭᠥᠷᠳᠡᠪᠡ
ᠨᠡᠶᠢᠲᠡᠯᠡᠭᠰᠡᠨ ᠴᠠᠭ᠄ 2025-09-27

ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 《ᠠᠩᠬᠠᠳᠤᠭ᠋ᠠᠷ ᠬᠤᠭᠤᠴᠠᠭ᠋ᠠᠨ᠎ᠤ ᠬᠠᠲᠤᠨ ᠭᠤᠤᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠮᠲᠠᠲᠤ ᠢᠳᠡᠭᠡᠨ᠎ᠤ ᠰᠠᠷ᠎ᠠ》᠎ᠨᠢ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠡᠶ᠋ᠢᠭᠡᠮᠯᠢᠭ᠎ᠤᠨ ᠵᠢᠯ᠎ᠤᠨ ᠬᠠᠮᠤᠭ᠎ᠤᠨ ᠤᠯᠠᠮᠵᠢᠯᠠᠨ ᠲᠠᠷᠬᠠᠭ᠋ᠠᠬᠤ ᠨᠥᠯᠥᠭᠡᠯᠡᠬᠦ ᠬᠦᠴᠦᠨ᠎ᠲᠠᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠵᠢᠯᠯᠠᠭ᠎ᠠ᠎ᠪᠠᠷ ᠦᠨᠡᠯᠡᠭᠳᠡᠪᠡ᠃

9 ᠳ᠋ᠤᠭᠡᠷ ᠰᠠᠷ᠎ᠠ ᠵᠢᠨ 16᠎ᠤ ᠡᠳᠦᠷ᠂ 《ᠣᠳᠣ ᠦᠶ᠎ᠡ ᠵᠢᠨ ᠠᠮᠢᠳᠤᠷᠠᠯ᠎ᠳᠤ ᠠᠭᠤᠰᠴᠤ · ᠪᠣᠳᠠᠰ᠎ᠤᠨ ᠪᠤᠰᠤ ᠰᠣᠶᠣᠯ᠎ᠤᠨ ᠥᠪ ᠪᠣᠯᠤᠨ ᠴᠠᠭ ᠦᠶ᠎ᠡ ᠬᠠᠮᠲᠤ᠎ᠪᠠᠷ ᠤᠷᠤᠭᠰᠢᠯᠠᠬᠤ》᠎ᠪᠠᠷ ᠭᠣᠣᠯ ᠰᠡᠳᠦᠪ ᠪᠣᠯᠭ᠋ᠠᠭᠰᠠᠨ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠣᠨ᠎ᠤ ᠬᠤᠷᠠᠯ ᠵᠢᠴᠢ ᠳᠥᠷᠪᠡᠳᠦᠭᠡᠷ ᠬᠤᠭᠤᠴᠠᠭ᠋ᠠᠨ᠎ᠤ ᠳ᠋ᠠᠨ ᠵᠠᠢ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠭᠠᠷᠠᠭ᠎ᠨᠢ ᠭᠦᠢ᠍ᠵᠧᠦ ᠮᠣᠵᠢ ᠵᠢᠨ ᠴᠢᠶᠠᠨ ᠳ᠋ᠦᠩ ᠨᠠᠨ ᠵᠧᠦ ᠵᠢᠨ ᠳ᠋ᠠᠨ ᠵᠠᠢ ᠸᠠᠨ ᠳ᠋ᠠ ᠵᠢᠵᠢᠭ ᠪᠠᠯᠭ᠋ᠠᠰᠤᠨ᠎ᠳᠤ ᠦᠪᠡᠳᠡᠭᠰᠢ ᠶᠡᠬᠡ᠎ᠪᠠᠷ ᠡᠬᠢᠯᠡᠪᠡ᠃ ᠲᠣᠰ ᠤᠳᠠᠭ᠋ᠠᠨ᠎ᠤ ᠠᠵᠢᠯᠯᠠᠭ᠎ᠠ ᠵᠢ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠨᠡᠶ᠋ᠢᠭᠡᠮᠯᠢᠭ᠂ ᠭᠦᠢ᠍ᠵᠸᠤ ᠮᠤᠵᠢ ᠵᠢᠨ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠴᠢᠶᠠᠨ ᠳ᠋ᠦᠩ ᠨᠠᠨ ᠵᠧᠤ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠯᠠᠨ ᠡᠷᠭᠢᠯᠡᠵᠦ᠂ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ ᠡᠷᠡᠭᠦᠯ ᠬᠠᠮᠠᠭ᠋ᠠᠯᠠᠯ᠎ᠤᠨ ᠵᠥᠪᠯᠡᠯ᠂ ᠡᠯ᠎ᠡ ᠮᠤᠵᠢ᠂ ᠣᠷᠣᠨ᠂ ᠬᠤᠲᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠵᠢᠯ᠎ᠤᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠵᠢᠴᠢ ᠲᠤᠰᠬᠠᠶ ᠮᠡᠷᠭᠡᠵᠢᠯᠲᠡᠨ ᠡᠷᠳᠡᠮᠲᠡᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠨ ᠵᠠᠯᠭ᠋ᠠᠮᠵᠢᠯᠠᠭᠴᠢ ᠪᠠ ᠣᠯᠠᠨ ᠵᠠᠭᠤᠴᠢᠯᠠᠭᠤᠷ ᠣᠷᠣᠯᠴᠠᠵᠠᠶ᠃

ᠡᠬᠢᠯᠡᠯᠲᠡ ᠵᠢᠨ ᠶᠣᠰᠣᠯᠠᠯ ᠳᠡᠭᠡᠷ᠎ᠡ᠂ ᠠᠯᠢ ᠣᠯᠠᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠭᠰᠠᠨ ᠴᠢᠬᠤᠯᠠ ᠦᠷ᠎ᠡ ᠪᠦᠲᠦᠭᠡᠯ᠎ᠢ ᠨᠡᠢ᠌ᠲᠡᠯᠡᠭᠰᠡᠨ᠎ᠨᠢ ᠲᠥᠪᠯᠡᠷᠡᠯ᠎ᠤᠨ ᠴᠡᠭ ᠪᠣᠯᠪᠠ᠃ ᠡᠭᠦᠨ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2024 ᠣᠨ᠎ᠳᠤ ᠡᠷᠭᠢᠯᠡᠭᠰᠡᠨ 《ᠠᠩᠬᠠᠳᠤᠭ᠋ᠠᠷ ᠬᠤᠭᠤᠴᠠᠭ᠋ᠠᠨ᠎ᠤ ᠬᠠᠲᠤᠨ ᠭᠤᠤᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠮᠲᠠᠲᠤ ᠢᠳᠡᠭᠡᠨ᠎ᠤ ᠰᠠᠷ᠎ᠠ》 ᠵᠢᠨ ᠠᠵᠢᠯᠯᠠᠭ᠎ᠠ ᠴᠣᠯᠭᠤᠷᠠᠨ ᠭᠠᠷᠴᠤ᠂ 《ᠬᠠᠮᠤᠭ᠎ᠤᠨ ᠤᠯᠠᠮᠵᠢᠯᠠᠨ ᠲᠠᠷᠬᠠᠭ᠋ᠠᠬᠤ ᠨᠥᠯᠥᠭᠡᠯᠡᠬᠦ ᠬᠦᠴᠦᠨ᠎ᠲᠠᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠵᠢᠯᠯᠠᠭ᠎ᠠ》 ᠵᠢᠨ ᠱᠠᠩᠨᠠᠯ᠎ᠢ ᠭᠥᠷᠳᠡᠪᠡ᠃

ᠲᠣᠰ ᠤᠳᠠᠭ᠋ᠠᠨ᠎ᠤ 《ᠠᠩᠬᠠᠳᠤᠭ᠋ᠠᠷ ᠬᠤᠭᠤᠴᠠᠭ᠋ᠠᠨ᠎ᠤ ᠬᠠᠲᠤᠨ ᠭᠤᠤᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠮᠲᠠᠲᠤ ᠢᠳᠡᠭᠡᠨ᠎ᠤ ᠰᠠᠷ᠎ᠠ》᠎ᠨᠢ 《ᠬᠠᠮᠤᠭ᠎ᠤᠨ ᠤᠯᠠᠮᠵᠢᠯᠠᠨ ᠲᠠᠷᠬᠠᠭ᠋ᠠᠬᠤ ᠨᠥᠯᠥᠭᠡᠯᠡᠬᠦ ᠬᠦᠴᠦᠨ᠎ᠲᠠᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠵᠢᠯᠯᠠᠭ᠎ᠠ》 ᠵᠢᠨ ᠱᠠᠩᠨᠠᠯ᠎ᠢ ᠬᠦᠷᠲᠡᠭᠰᠡᠨ᠎ᠨᠢ ᠥᠪᠥᠷ ᠮᠣᠩᠭᠤᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠪᠠ ᠳᠠᠮᠵᠢᠭᠤᠯᠭ᠎ᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠮᠡᠳᠡᠷᠡᠵᠦ ᠪᠠᠢ᠌ᠭ᠎ᠠ ᠶᠠᠪᠤᠳᠠᠯ ᠶᠤᠮ᠃ ᠳᠠᠷᠠᠭ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠦᠷᠭᠦᠯᠵᠢᠯᠡᠨ ᠬᠠᠶ᠋ᠢᠨ ᠰᠦᠪᠡᠭᠴᠢᠯᠡᠵᠦ ᠰᠢᠨ᠎ᠡ ᠵᠢ ᠡᠭᠦᠳᠴᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠵᠢᠭᠤᠯᠴᠢᠯᠠᠯ᠂ ᠰᠣᠶᠣᠯ᠎ᠤᠨ ᠠᠵᠤ ᠦᠢ᠍ᠯᠡᠰ ᠵᠡᠷᠭᠡ᠎ᠲᠠᠢ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠵᠤ᠂ ᠨᠡᠩ ᠤᠯᠠᠨ ᠬᠥᠮᠦᠨ᠎ᠳᠤ ᠪᠣᠳᠠᠰ᠎ᠤᠨ ᠪᠤᠰᠤ ᠰᠣᠶᠣᠯ᠎ᠤᠨ ᠥᠪ᠎ᠢ ᠣᠶ᠋ᠢᠯᠠᠭ᠋ᠠᠭᠤᠯᠬᠤ ᠪᠠ ᠬᠠᠢ᠌ᠷᠠᠯᠠᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠪᠣᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            