ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠪᠠᠷᠢᠮᠵᠢᠶ᠎ᠠ 《ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠶᠠᠰᠤ ᠴᠢᠨᠠᠷ᠎ᠤᠨ ᠵᠡᠷᠭᠡ ᠳᠡᠰ᠎ᠢ ᠬᠤᠪᠢᠶᠠᠷᠢᠯᠠᠬᠤ ᠪᠠ ᠦᠨᠡᠯᠡᠨ ᠲᠣᠭᠲᠠᠭ᠋ᠠᠬᠤ》 《ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠶᠠᠰᠤ ᠴᠢᠨᠠᠷ᠎ᠤᠨ ᠵᠡᠷᠭᠡ ᠲᠡᠰ᠎ᠤᠨ ᠬᠠᠮᠢᠶᠠᠷᠤᠯᠲᠠ ᠵᠢᠨ ᠠᠷᠭ᠎ᠠ》 ᠵᠢ ᠪᠠᠷᠢᠮᠵᠢᠶᠠᠯᠠᠵᠤ᠂ 2019 ᠣᠨ᠎ᠤ ᠪᠥᠬᠥ ᠣᠷᠣᠨ᠎ᠤ A ᠲᠡᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠳᠠᠬᠢᠨ ᠬᠢᠨᠠᠭᠰᠠᠨ ᠦᠷ᠎ᠡ ᠳ᠋ᠦᠩ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠵᠶ᠋ᠠᠷ ᠰᠤᠳᠤᠯᠤᠭ᠋ᠠᠳ ᠨᠠᠢ᠍ᠮᠠᠨ 4A᠂ 3A ᠲᠡᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠶᠠᠰᠤ ᠴᠢᠨᠠᠷ᠎ᠤᠨ ᠵᠡᠷᠭᠡ ᠳᠡᠰ᠎ᠢ ᠬᠦᠴᠦᠨ ᠥᠬᠡᠶ ᠪᠣᠯᠭ᠋ᠠᠵᠤ᠂ ᠭᠤᠷᠪᠠᠨ 3A ᠲᠡᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠶᠠᠰᠤ ᠴᠢᠨᠠᠷ᠎ᠤᠨ ᠵᠡᠷᠭᠡ ᠳᠡᠰ᠎ᠢ 2A ᠳᠡᠰ ᠪᠣᠯᠭ᠋ᠠᠨ ᠪᠠᠭᠤᠷᠠᠭᠤᠯᠬᠤ᠎ᠪᠠᠷ ᠲᠤᠭᠲᠠᠭ᠋ᠠᠭᠰᠠᠨᠢ ᠵᠠᠷᠯᠠᠨ ᠨᠡᠢ᠌ᠲᠡᠯᠡᠵᠦ ᠪᠠᠢ᠌ᠨ᠎ᠠ᠃ ᠪᠣᠳᠠᠲᠠᠶ ᠨᠡᠷᠡᠰ᠎ᠨᠢ ᠳᠣᠤᠷᠠᠬᠢ ᠮᠡᠲᠦ᠄
ᠨᠢᠭᠡ᠂ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠶᠠᠰᠤ ᠴᠢᠨᠠᠷ᠎ᠤᠨ ᠵᠡᠷᠭᠡ ᠳᠡᠰ᠎ᠢ ᠬᠦᠴᠦᠨ ᠥᠬᠡᠶ ᠪᠣᠯᠭ᠋ᠠᠭᠰᠠᠨ᠎ᠨᠢ᠄
1. ᠪᠤᠭᠤᠲᠤ ᠬᠣᠲᠠ ᠵᠢᠨ ᠵᠢᠦ ᠶᠤᠸᠠᠨ ᠲᠣᠭᠣᠷᠢᠭ᠎ᠤᠨ ᠬᠥᠬᠡ ᠰᠢᠪᠠᠭᠤ ᠲᠡᠵᠢᠭᠡᠬᠦ ᠡᠳ᠋ᠯᠡᠩ (4A)
2. ᠬᠦᠬᠡᠬᠤᠲᠠ ᠵᠢᠨ ᠰᠢᠨ᠎ᠡ ᠬᠣᠲᠠ ᠲᠣᠭᠣᠷᠢᠭ᠎ᠤᠨ ᠳᠠᠯᠠᠨ ᠬᠠᠷ᠎ᠠ ᠠᠭᠤᠯᠠ ᠵᠢᠨ ᠣᠢ ᠵᠢᠨ ᠳᠣᠤᠷᠠᠬᠢ ᠠᠵᠤ ᠠᠬᠤᠢ ᠵᠢᠨ ᠭᠣᠤᠯ ᠰᠡᠳᠦᠪᠲᠦ ᠴᠡᠴᠡᠷᠯᠢᠭ (3A)
3. ᠪᠤᠭᠤᠲᠤ ᠬᠣᠲᠠ ᠵᠢᠨ ᠳᠠᠷᠬᠠᠨ ᠮᠤᠤᠮᠢᠩᠭ᠋ᠠᠨ ᠬᠣᠰᠢᠭᠤᠨ᠎ᠤ ᠬᠠᠰᠠᠷ᠎ᠤᠨ ᠲᠠᠬᠢᠯᠭ᠎ᠠ ᠵᠢᠨ ᠲᠠᠩᠬᠢᠮ᠎ᠤᠨ ᠦᠵᠡᠮᠵᠢ ᠵᠢᠨ ᠣᠷᠣᠨ (3A)
4. ᠲᠦᠩᠯᠢᠶᠣᠤ ᠬᠣᠲᠠ ᠵᠢᠨ ᠬᠣᠷᠴᠢᠨ ᠲᠣᠭᠣᠷᠢᠭ᠎ᠤᠨ ᠥᠯᠵᠡᠶ ᠪᠡᠯᠭᠡ᠎ᠲᠠᠢ ᠨᠢᠭᠤᠴᠠ ᠬᠥᠯᠭᠡᠨ ᠶᠡᠬᠡ ᠵᠢᠷᠭ᠋ᠠᠯᠠᠩᠲᠤ ᠰᠦᠮ᠎ᠡ (3A)
5. ᠤᠯᠠᠭ᠋ᠠᠨᠬᠠᠳᠠ ᠬᠣᠲᠠ ᠵᠢᠨ ᠨᠢᠩᠴᠧᠩ ᠰᠢᠶᠠᠨ᠎ᠤ ᠽᠠᠩ ᠯᠦᠩ ᠬᠥ᠋ ᠪᠠᠶ᠋ᠢᠭ᠋ᠠᠯᠢ ᠵᠢᠨ ᠦᠵᠡᠮᠵᠢᠲᠦ ᠣᠷᠣᠨ (3A)
6. ᠣᠷᠳᠣᠰ ᠬᠣᠲᠠ ᠵᠢᠨ ᠳ᠋ᠦᠩᠱ᠌ᠧᠩ ᠲᠣᠭᠣᠷᠢᠭ᠎ᠤᠨ ᠠᠮᠢ ᠠᠬᠤᠢ ᠵᠢᠨ ᠰᠣᠶᠣᠯ᠎ᠤᠨ ᠦᠵᠡᠰᠬᠦᠯᠡᠩ᠎ᠤᠨ ᠣᠷᠳᠣᠨ (3A)
7. ᠣᠷᠳᠣᠰ ᠬᠣᠲᠠ ᠵᠢᠨ ᠳ᠋ᠦᠩᠱ᠌ᠧᠩ ᠲᠣᠭᠣᠷᠢᠭ᠎ᠤᠨ ᠭᠤᠸᠠᠩ ᠵᠢᠶ ᠲᠠᠷᠢᠶᠠᠯᠠᠩ᠎ᠤᠨ ᠮᠦᠽᠧᠶ (3A)
8. ᠪᠠᠶᠠᠨᠨᠠᠭᠤᠷ ᠬᠣᠲᠠ ᠵᠢᠨ ᠯᠢᠨ ᠾᠸ ᠲᠣᠭᠣᠷᠢᠭ᠎ᠤᠨ ᠭᠠᠨᠳᠠᠷᠢ ᠵᠢᠨ ᠰᠦᠮ᠎ᠡ (3A)
ᠬᠣᠶᠠᠷ᠂ 3A ᠲᠡᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠶᠠᠰᠤ ᠴᠢᠨᠠᠷ᠎ᠤᠨ ᠵᠡᠷᠭᠡ ᠳᠡᠰ᠎ᠢ 2A ᠳᠡᠰ ᠪᠣᠯᠭ᠋ᠠᠨ ᠪᠠᠭᠤᠷᠠᠭᠤᠯᠤᠭᠰᠠᠨ᠎ᠨᠢ᠄
1. ᠬᠥᠯᠥᠨ ᠪᠣᠶ᠋ᠢᠷ ᠬᠣᠲᠠ ᠵᠢᠨ ᠭᠡᠭᠡᠨ ᠭᠣᠤᠯ ᠬᠣᠲᠠ ᠵᠢᠨ ᠶᠡᠬᠡ ᠰᠠᠮᠠ ᠤᠯᠤᠰ᠎ᠤᠨ ᠣᠢ ᠰᠢᠭᠤᠶ ᠵᠢᠨ ᠴᠡᠴᠡᠷᠯᠢᠭ
2. ᠣᠷᠳᠣᠰ ᠬᠣᠲᠠ ᠵᠢᠨ ᠦᠤᠰᠢᠨ ᠬᠣᠰᠢᠭᠤᠨ᠎ᠤ ᠲᠣᠭᠣᠷᠢᠮ ᠰᠦᠮ᠎ᠡ
3. ᠪᠠᠶᠠᠨᠨᠠᠭᠤᠷ ᠬᠣᠲᠠ ᠵᠢᠨ ᠳ᠋ᠸᠩ ᠺᠸᠦ ᠰᠢᠶᠠᠨ᠎ᠤ ᠸᠠᠨ ᠴᠢᠤᠸᠠᠨ ᠬᠤ᠌ ᠨᠠᠭᠤᠷ᠎ᠤᠨ ᠠᠮᠢ ᠠᠬᠤᠢ ᠵᠢᠨ ᠵᠢᠭᠤᠯᠴᠢᠯᠠᠯ ᠠᠮᠠᠷᠠᠯᠲᠠ ᠵᠢᠨ ᠣᠷᠣᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠰᠣᠶᠣᠯ ᠪᠠ ᠵᠢᠭᠤᠯᠴᠢᠯᠠᠯ᠎ᠤᠨ ᠲᠢᠩᠬᠢᠮ
2019 ᠣᠨ᠎ᠤ 11 ᠳ᠋ᠣᠭᠡᠷ ᠰᠠᠷ᠎ᠠ ᠵᠢᠨ 4᠎ᠤ ᠡᠳᠦᠷ