ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠢᠩᠬᠢᠮ (ᠲᠣᠪᠴᠢᠶ᠎ᠠ)᠂ ᠥᠪᠥᠷ ᠮᠣᠩᠭᠣᠯ᠎ᠤᠨ ᠰᠣᠶᠣᠯ ᠪᠡᠶ᠎ᠡ ᠵᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ᠎ᠤᠨ ᠲᠣᠪᠴᠢᠶ᠎ᠠ᠎ᠳᠤ᠄
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠢᠭᠤᠯᠴᠢᠯᠠᠯ᠎ᠤᠨ ᠬᠠᠤᠯᠢ》᠂ 《ᠵᠢᠭᠤᠯᠴᠢᠯᠠᠯ᠎ᠤᠨ ᠬᠥᠲᠥᠴᠢ ᠵᠢᠨ ᠬᠠᠮᠢᠶᠠᠷᠤᠯᠲᠠ ᠵᠢᠨ ᠳᠦᠷᠢᠮ》 ᠪᠣᠯᠤᠨ 《〈ᠵᠢᠭᠤᠯᠴᠢᠯᠠᠯ᠎ᠤᠨ ᠬᠥᠲᠥᠴᠢ ᠵᠢᠨ ᠠᠵᠢᠯ ᠡᠷᠬᠢᠯᠡᠬᠦ ᠬᠢᠷᠢ ᠭᠡᠮ᠎ᠤᠨ ᠦᠨᠡᠮᠯᠡᠯ᠎ᠢ ᠬᠠᠷᠭᠤᠭᠤᠯᠤᠨ ᠣᠯᠭᠣᠬᠤ〉 ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠤᠨ ᠬᠣᠯᠪᠣᠭᠳᠠᠯ ᠪᠦᠬᠦᠢ ᠠᠵᠢᠯ᠎ᠢ ᠲᠡᠭᠦᠯᠳᠡᠷᠵᠢᠭᠦᠯᠬᠦ ᠲᠤᠬᠠᠶ ᠮᠡᠳᠡᠭᠳᠡᠯ》 ( ᠵᠢᠭᠤᠯᠴᠢᠯᠠᠯ᠎ᠤᠨ ᠠᠯᠪᠠᠨ ᠭᠠᠵᠠᠷ ᠲᠠᠷᠬᠠᠭ᠋ᠠᠭᠰᠠᠨ [2015] 202 ᠳ᠋ᠤᠭ᠋ᠠᠷ ᠲᠣᠭ᠋ᠠᠲᠤ) ᠮᠠᠲᠸᠷᠢᠶᠠᠯ᠎ᠢ ᠦᠨᠳᠦᠰᠦᠯᠡᠵᠦ᠂ 2019 ᠣᠨ᠎ᠤ ᠪᠥᠬᠥ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ ᠵᠢ 2019 ᠣᠨ᠎ᠤ 11 ᠳ᠋ᠣᠭᠡᠷ ᠰᠠᠷ᠎ᠠ᠎ᠠᠴᠠ 12 ᠳ᠋ᠤᠭ᠋ᠠᠷ ᠰᠠᠷ᠎ᠠ ᠵᠢᠨ ᠬᠤᠭᠤᠷᠤᠨᠳᠤ ᠬᠢᠬᠦ᠎ᠪᠠᠷ ᠲᠣᠭᠲᠠᠪᠠ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠨᠡᠷ᠎ᠡ ᠮᠡᠳᠡᠭᠦᠯᠬᠦ ᠨᠥᠬᠥᠴᠡᠯ
(ᠨᠢᠭᠡ) ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠷᠬᠡᠲᠦ ᠠᠷᠠᠳ᠃
(ᠬᠣᠶᠠᠷ) ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠤᠮᠳᠠᠳᠤ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠪᠤᠶᠤ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ ᠪᠠᠢ᠌ᠬᠤ᠃
(ᠭᠤᠷᠪᠠ) ᠪᠡᠶ᠎ᠡ ᠮᠠᠬᠠᠪᠣᠳ ᠡᠷᠡᠭᠦᠯ ᠴᠢᠭᠢᠷᠠᠭ ᠪᠠᠢ᠌ᠬᠤ᠃
(ᠳᠦᠷᠪᠡ) ᠵᠢᠭᠤᠯᠴᠢᠯᠠᠯ᠎ᠤᠨ ᠬᠥᠲᠥᠴᠢ ᠵᠢᠨ ᠬᠡᠷᠡᠭᠴᠡᠭᠡ᠎ᠳᠤ ᠲᠣᠬᠢᠷᠠᠭᠰᠠᠨ ᠦᠨᠳᠦᠰᠦᠨ ᠮᠡᠳᠡᠯᠭᠡ ᠪᠠ ᠦᠭᠡ ᠬᠡᠯᠡᠨ᠎ᠤ ᠢᠯᠡᠳᠬᠡᠬᠦ ᠴᠢᠳᠠᠪᠤᠷᠢ᠎ᠲᠠᠢ ᠪᠠᠢ᠌ᠬᠤ᠃
ᠬᠣᠶᠠᠷ᠂ ᠨᠡᠷ᠎ᠡ ᠮᠡᠳᠡᠭᠦᠯᠬᠦ ᠳᠡᠰ ᠳᠠᠷᠠᠭ᠋ᠠᠯᠠᠯ
ᠪᠥᠬᠥ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠵᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠬᠡᠯᠪᠡᠷᠢ᠎ᠪᠠᠷ ᠶᠠᠪᠤᠭᠳᠠᠭᠤᠯᠤᠨ᠎ᠠ᠂ ᠨᠡᠷ᠎ᠡ ᠮᠡᠳᠡᠭᠦᠯᠬᠦ ᠳᠡᠰ ᠳᠠᠷᠠᠭ᠋ᠠᠯᠠᠯ᠎ᠳᠤ ᠨᠡᠷ᠎ᠡ ᠮᠡᠳᠡᠭᠦᠯᠬᠦ ᠮᠡᠳᠡᠭᠡ ᠵᠠᠩᠭᠢ᠂ ᠨᠡᠷ᠎ᠡ ᠮᠡᠳᠡᠭᠦᠯᠬᠦ ᠮᠡᠳᠡᠭᠡ ᠵᠠᠩᠭᠢ ᠵᠢ ᠬᠢᠨᠠᠨ ᠬᠠᠷᠭᠤᠭᠤᠯᠬᠤ᠂ ᠰᠦᠢ᠍ᠳᠬᠡᠯ ᠲᠤᠰᠢᠶᠠᠬᠤ ᠪᠠ ᠰᠢᠯᠭ᠋ᠠᠬᠤ ᠵᠢ ᠵᠥᠪᠰᠢᠶᠡᠷᠡᠬᠦ ᠦᠨᠡᠮᠯᠡᠯ᠎ᠢ ᠳᠠᠷᠤᠮᠠᠯᠯᠠᠬᠤ ᠵᠡᠷᠭᠡ 4 ᠳᠡᠰ ᠳᠠᠷᠠᠭ᠎ᠠ ᠪᠠᠭᠲᠠᠨ᠎ᠠ᠃
(ᠨᠢᠭᠡ) ᠨᠡᠷ᠎ᠡ ᠮᠡᠳᠡᠭᠦᠯᠬᠦ ᠮᠡᠳᠡᠭᠡ ᠵᠠᠩᠭᠢ᠎ᠪᠠᠨ ᠲᠤᠰᠢᠶᠠᠬᠤ
2019 ᠣᠨ᠎ᠤ 8 ᠰᠠᠷ᠎ᠠ ᠵᠢᠨ 20᠎ᠤ ᠡᠳᠦᠷ᠎ᠤᠨ 9 : 00᠎ᠠᠴᠠ 9 ᠰᠠᠷ᠎ᠠ ᠵᠢᠨ 20᠎ᠤ ᠡᠳᠦᠷ᠎ᠤᠨ 17 : 00 ᠪᠣᠯᠲᠠᠯ᠎ᠠ᠂ ᠰᠢᠯᠭ᠋ᠠᠭᠤᠯᠤᠭᠴᠢ ᠪᠥᠬᠥ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ ᠵᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠵᠶ᠋ᠠᠷ ᠳᠠᠮᠵᠢᠭᠤᠯᠤᠨ ᠨᠡᠷ᠎ᠡ ᠮᠡᠳᠡᠭᠦᠯᠬᠦ ᠮᠡᠳᠡᠭᠡ ᠵᠠᠩᠭᠢ᠎ᠪᠠᠨ ᠲᠤᠰᠢᠶᠠᠵᠤ ᠪᠣᠯᠤᠨ᠎ᠠ᠂ ᠰᠦᠯᠵᠢᠶᠡᠨ᠎ᠤ ᠬᠠᠶᠢᠭ᠄ http://jianguan.12301.cn/ (ᠪᠥᠬᠥ ᠤᠯᠤᠰ᠎ᠤᠨ ᠵᠢᠭᠤᠯᠴᠢᠯᠠᠯ᠎ᠤᠨ ᠬᠢᠨᠠᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ — ᠪᠥᠬᠥ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ ᠵᠢᠨ ᠨᠡᠷ᠎ᠡ ᠮᠡᠳᠡᠭᠦᠯᠬᠦ ᠴᠤᠩᠬᠤ)᠃ ᠰᠢᠯᠭ᠋ᠠᠭᠤᠯᠤᠭᠴᠢ ᠡᠷᠬᠡᠪᠰᠢ ᠱᠠᠭ᠋ᠠᠷᠳᠠᠯᠭ᠎ᠠ᠎ᠳᠤ ᠨᠡᠢ᠌ᠴᠡᠬᠦ ᠬᠤᠪᠢ ᠬᠥᠮᠦᠨ᠎ᠤ ᠣᠢ᠌ᠷ᠎ᠠ ᠵᠢᠨ ᠬᠤᠭᠤᠴᠠᠭ᠋ᠠᠨ᠎ᠤ 1 ᠢᠮᠠᠬᠤ ᠵᠢᠨ ᠴᠠᠭ᠋ᠠᠨ ᠳᠡᠪᠢᠰᠭᠡᠷ᠎ᠲᠠᠢ ᠮᠠᠯᠠᠭ᠋ᠠᠶ ᠥᠬᠡᠶ ᠲᠦᠪ ᠭᠡᠷᠡᠯ ᠵᠢᠷᠤᠭ᠂ ᠪᠡᠶ᠎ᠡ ᠵᠢᠨ ᠦᠨᠡᠮᠯᠡᠯ᠎ᠤᠨ ᠰᠢᠷᠪᠢᠯᠲᠡ (ᠨᠢᠭᠤᠷ᠂ ᠡᠰᠡᠷᠭᠦ ᠲᠠᠯ᠎ᠠ᠂ ᠪᠡᠶ᠎ᠡ ᠵᠢᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠰᠢᠯᠭ᠋ᠠᠯᠲᠠ ᠵᠢᠨ ᠡᠳᠦᠷ ᠬᠤᠭᠤᠴᠠᠭ᠎ᠠ ᠵᠢ ᠬᠠᠮᠤᠷᠤᠭᠰᠠᠨ ᠪᠠᠢ᠌ᠬᠤ ᠬᠡᠷᠡᠭᠲᠡᠶ)᠂ ᠰᠤᠷᠤᠯᠭ᠎ᠠ ᠵᠢᠨ ᠨᠠᠮᠲᠠᠷ᠎ᠤᠨ ᠦᠨᠡᠮᠯᠡᠯ᠎ᠤᠨ ᠰᠢᠷᠪᠢᠯᠲᠡ ᠵᠢ ᠳᠡᠭᠡᠭᠰᠢ ᠳᠠᠮᠵᠢᠭᠤᠯᠬᠤ ᠮᠦᠷᠲᠡᠭᠡᠨ ᠮᠡᠳᠡᠭᠡ ᠵᠠᠩᠭᠢ ᠵᠢ ᠲᠠᠭᠯᠠᠬᠤ ᠬᠡᠷᠡᠭᠲᠡᠢ᠂ ᠳᠡᠭᠡᠭᠰᠢ ᠳᠠᠮᠵᠢᠭᠤᠯᠬᠤ ᠮᠠᠲ᠋ᠧᠷᠢᠶᠠᠯ᠎ᠤᠨ ᠪᠣᠳᠠᠲᠠᠶ ᠱᠠᠭ᠋ᠠᠷᠳᠠᠯᠭ᠎ᠠ ᠵᠢ ᠪᠥᠬᠥ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ ᠵᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮᠲᠤ ᠯᠠᠪᠯᠠᠨ ᠦᠵᠡ᠃ ᠰᠢᠯᠭ᠋ᠠᠭᠤᠯᠤᠭᠴᠢ ᠣᠯᠠᠨ ᠭᠠᠵᠠᠷ᠎ᠲᠤ ᠳᠠᠬᠢᠨ ᠳᠠᠪᠲᠠᠨ ᠨᠡᠷ᠎ᠡ ᠮᠡᠳᠡᠭᠦᠯᠪᠡᠯ ᠨᠡᠷ᠎ᠡ ᠮᠡᠳᠡᠭᠦᠯᠦᠭᠰᠡᠨ᠎ᠨᠢ ᠬᠦᠴᠦᠨ ᠥᠬᠡᠶ ᠪᠤᠯᠤᠨ᠎ᠠ᠃
(ᠬᠣᠶᠠᠷ) ᠨᠡᠷ᠎ᠡ ᠮᠡᠳᠡᠭᠦᠯᠬᠦ ᠮᠡᠳᠡᠭᠡ ᠵᠠᠩᠭᠢ ᠵᠢ ᠬᠢᠨᠠᠨ ᠬᠠᠷᠭᠤᠭᠤᠯᠬᠤ
2019 ᠣᠨ᠎ᠤ 8 ᠰᠠᠷ᠎ᠠ ᠵᠢᠨ 20᠎ᠤ ᠡᠳᠦᠷ᠎ᠤᠨ 9 : 00᠎ᠠᠴᠠ 9 ᠰᠠᠷ᠎ᠠ ᠵᠢᠨ 30᠎ᠤ ᠡᠳᠦᠷ᠎ᠤᠨ 17 : 00 ᠪᠣᠯᠲᠠᠯ᠎ᠠ᠂ ᠡᠯ᠎ᠡ ᠮᠤᠵᠢ ᠵᠢᠨ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠰᠢᠯᠭ᠋ᠠᠭᠤᠯᠤᠭᠴᠢ ᠵᠢᠨ ᠲᠤᠰᠢᠶᠠᠭᠰᠠᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠵᠢ ᠬᠢᠨᠠᠨ ᠬᠠᠷᠭᠤᠭᠤᠯᠤᠨ᠎ᠠ᠃ ᠨᠡᠷ᠎ᠡ ᠮᠡᠳᠡᠭᠦᠯᠬᠦ ᠮᠡᠳᠡᠭᠡ ᠵᠠᠩᠭᠢ ᠵᠢ ᠬᠢᠨᠠᠨ ᠬᠠᠷᠭᠤᠭᠤᠯᠵᠤ ᠪᠠᠲᠤᠯᠠᠭᠰᠠᠨ᠎ᠤ ᠳᠠᠷᠠᠭ᠎ᠠ᠂ ᠰᠢᠯᠭ᠋ᠠᠭᠤᠯᠤᠭᠴᠢ ᠵᠢᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠵᠢ ᠳᠠᠬᠢᠵᠤ ᠬᠤᠪᠢᠷᠠᠭᠤᠯᠬᠤ ᠥᠬᠡᠶ᠃
(ᠭᠤᠷᠪᠠ) ᠰᠦᠢ᠍ᠳᠭᠡᠯ ᠲᠤᠰᠢᠶᠠᠬᠤ
ᠰᠢᠯᠭ᠋ᠠᠭᠤᠯᠤᠭᠴᠢ ᠨᠡᠷ᠎ᠡ ᠮᠡᠳᠡᠭᠦᠯᠬᠦ ᠮᠡᠳᠡᠭᠡ ᠵᠠᠩᠭᠢ ᠵᠢ ᠬᠢᠨᠠᠨ ᠬᠠᠷᠭᠤᠭᠤᠯᠤᠭᠰᠠᠨ᠎ᠤ ᠳᠠᠷᠠᠭ᠎ᠠ 2019 ᠣᠨ᠎ᠤ 10 ᠰᠠᠷ᠎ᠠ ᠵᠢᠨ 8᠎ᠤ ᠡᠳᠦᠷ᠎ᠤᠨ 17᠄ 00 ᠴᠠᠭ ᠬᠦᠷᠲᠡᠯ᠎ᠡ ᠰᠦᠢ᠍ᠳᠬᠡᠯ ᠲᠤᠰᠢᠶᠠᠵᠤ ᠪᠣᠯᠤᠨ᠎ᠠ᠃ ᠰᠦᠢ᠍ᠳᠭᠡᠯ ᠲᠤᠰᠢᠶᠠᠭᠰᠠᠨ᠎ᠤ ᠳᠠᠷᠠᠭ᠎ᠠ᠂ ᠰᠦᠢ᠍ᠳᠭᠡᠯ᠎ᠢ ᠪᠤᠴᠠᠭ᠋ᠠᠬᠤ ᠦᠭᠡᠢ᠃
(ᠲᠦᠷᠪᠡ) ᠰᠢᠯᠭ᠋ᠠᠬᠤ ᠵᠢ ᠵᠥᠪᠰᠢᠶᠡᠷᠡᠬᠦ ᠦᠨᠡᠮᠯᠡᠯ᠎ᠢ ᠳᠠᠷᠤᠮᠠᠯᠯᠠᠬᠤ
2019 ᠣᠨ᠎ᠤ 11 ᠰᠠᠷ᠎ᠠ ᠵᠢᠨ 22᠎ᠤᠨ ᠡᠳᠦᠷ᠎ᠤᠨ 9 : 00ᠳᠤᠠᠴᠠ ᠰᠢᠯᠭ᠋ᠠᠭᠤᠯᠤᠭᠴᠢ ᠪᠥᠬᠥ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ ᠵᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠵᠶ᠋ᠠᠷ ᠰᠢᠯᠭ᠋ᠠᠬᠤ ᠵᠢ ᠵᠦᠪᠰᠢᠶᠡᠷᠡᠬᠦ ᠦᠨᠡᠮᠯᠡᠯ᠎ᠢ ᠪᠠᠭᠤᠯᠭ᠋ᠠᠵᠤ᠂ ᠦᠪᠡᠰᠦᠪᠡᠨ ᠳᠠᠷᠤᠮᠠᠯᠯᠠᠵᠤ ᠪᠣᠯᠤᠨ᠎ᠠ᠃
ᠭᠤᠷᠪᠠ᠂ ᠰᠢᠯᠭ᠋ᠠᠯᠲᠠ ᠵᠢᠨ ᠬᠢᠴᠢᠶᠡᠯ ᠲᠥᠷᠥᠯ ᠪᠠ ᠰᠢᠯᠭ᠋ᠠᠯᠲᠠ ᠵᠢᠨ ᠬᠥᠲᠥᠯᠪᠦᠷᠢ
ᠰᠢᠯᠭ᠋ᠠᠭᠤᠯᠤᠭᠴᠢ ᠪᠥᠬᠥ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ᠎ᠳᠤ ᠣᠷᠣᠯᠴᠠᠬᠤ᠎ᠳᠤ ᠡᠷᠬᠡᠪᠰᠢ ᠪᠢᠷ᠎ᠤᠨ ᠰᠢᠯᠭ᠋ᠠᠯᠲᠠ ᠪᠠ ᠲᠤᠬᠠᠶ ᠵᠢᠨ ᠲᠠᠯᠠᠪᠠᠢ ᠵᠢᠨ ᠰᠢᠯᠭ᠋ᠠᠯᠲᠠ (ᠨᠢᠭᠤᠷᠳᠠᠨ ᠰᠢᠯᠭ᠋ᠠᠯᠲᠠ)᠎ᠳᠤ ᠬᠠᠮᠲᠤᠳᠤᠨᠢ ᠣᠷᠣᠯᠴᠠᠬᠤ ᠬᠡᠷᠡᠭᠲᠡᠶ᠃ ᠬᠢᠲᠠᠳ ᠬᠡᠯᠡᠨ᠎ᠤ 《ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠦᠨᠡᠮᠯᠡᠯ》᠎ᠢ ᠨᠢᠭᠡᠨᠲᠡ ᠣᠯᠵᠤ᠂ ᠭᠠᠳᠠᠭ᠋ᠠᠳᠤ ᠬᠡᠯᠡᠨᠤᠬᠢᠪᠠᠷ ᠰᠣᠯᠢᠬᠤ ᠴᠢᠬᠤᠯᠠᠲᠠᠶ ᠰᠢᠯᠭ᠋ᠠᠭᠤᠯᠤᠭᠴᠢ (ᠳᠣᠷᠣᠭᠰᠢ 《ᠨᠡᠮᠡᠵᠦ ᠰᠢᠯᠭ᠋ᠠᠬᠤ ᠰᠢᠯᠭ᠋ᠠᠭᠤᠯᠤᠭᠴᠢ》 ᠭᠡᠵᠦ ᠲᠣᠪᠴᠢᠯᠠᠨ᠎ᠠ)᠎ᠨᠢ ᠵᠥᠪᠬᠡᠨ ᠲᠤᠬᠠᠶ ᠵᠢᠨ ᠲᠠᠯᠠᠪᠤᠷ᠎ᠤᠨ ᠰᠢᠯᠭ᠋ᠠᠯᠲᠠ (ᠨᠢᠭᠤᠷᠳᠠᠨ ᠰᠢᠯᠭ᠋ᠠᠯᠲᠠ)᠎ᠳᠤ ᠣᠷᠤᠯᠴᠠᠨ᠎ᠠ᠃ ᠪᠢᠷ᠎ᠤᠨ ᠰᠢᠯᠭ᠋ᠠᠯᠲᠠ ᠵᠢ ᠮᠠᠰᠢᠨ ᠳᠡᠭᠡᠷ᠎ᠡ ᠰᠢᠯᠭ᠋ᠠᠬᠤ ᠬᠡᠯᠪᠡᠷᠢ᠎ᠪᠠᠷ ᠶᠠᠪᠤᠭᠳᠠᠭᠤᠯᠤᠨ᠎ᠠ᠂ ᠰᠢᠯᠭ᠋ᠠᠯᠲᠠ ᠵᠢᠨ ᠲᠥᠷᠥᠯ ᠵᠦᠢ᠍ᠯ᠎ᠨᠢ ᠲᠥᠷᠥ ᠵᠢᠨ ᠪᠣᠳᠣᠯᠭ᠎ᠠ ᠬᠢᠭᠡᠳ ᠬᠠᠤᠯᠢ ᠴᠠᠭ᠋ᠠᠵᠠ ᠬᠠᠤᠯᠢ ᠲᠣᠭᠲᠠᠭ᠋ᠠᠯ (ᠬᠢᠴᠢᠶᠡᠯ ᠲᠥᠷᠥᠯ ᠨᠢᠭᠡ)᠂ ᠵᠢᠭᠤᠯᠴᠢᠯᠠᠯ᠎ᠤᠨ ᠬᠥᠲᠥᠴᠢ ᠵᠢᠨ ᠲᠤᠬᠠᠶ᠋ᠢᠯᠠᠭᠰᠠᠨ ᠠᠵᠢᠯ (ᠬᠢᠴᠢᠶᠡᠯ ᠲᠥᠷᠥᠯ ᠬᠣᠶᠠᠷ)᠂ ᠪᠦᠬᠦ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠰᠠᠭᠤᠷᠢ ᠮᠡᠳᠡᠯᠭᠡ (ᠬᠢᠴᠢᠶᠡᠯ ᠲᠥᠷᠥᠯ ᠭᠤᠷᠪᠠ)᠂ ᠣᠷᠣᠨ ᠨᠤᠲᠤᠭ᠎ᠤᠨ ᠵᠢᠭᠤᠯᠴᠢᠯᠠᠯ᠎ᠤᠨ ᠬᠥᠲᠥᠴᠢ ᠵᠢᠨ ᠰᠠᠭᠤᠷᠢ ᠮᠡᠳᠡᠯᠭᠡ (ᠬᠢᠴᠢᠶᠡᠯ ᠲᠥᠷᠥᠯ ᠲᠦᠷᠪᠡ)᠂ ᠲᠤᠬᠠᠶ ᠵᠢᠨ ᠲᠠᠯᠠᠪᠠᠢ ᠵᠢᠨ ᠰᠢᠯᠭ᠋ᠠᠯᠲᠠ (ᠨᠢᠭᠤᠷᠳᠠᠨ ᠰᠢᠯᠭ᠋ᠠᠯᠲᠠ) ᠵᠢᠨ ᠲᠥᠷᠥᠯ ᠵᠦᠢ᠍ᠯ᠎ᠨᠢ ᠵᠢᠭᠤᠯᠴᠢᠯᠠᠯ᠎ᠤᠨ ᠬᠥᠲᠥᠴᠢ ᠵᠢᠨ ᠦᠢ᠍ᠯᠡᠴᠢᠯᠡᠭᠡᠨ᠎ᠤ ᠴᠢᠳᠠᠪᠤᠷᠢ (ᠰᠢᠯᠭ᠋ᠠᠯᠲᠠ ᠵᠢᠨ ᠲᠥᠷᠥᠯ ᠵᠦᠢ᠍ᠯ ᠲᠠᠪᠤ) ᠪᠣᠯᠤᠨ᠎ᠠ᠃ ᠡᠭᠦᠨ᠎ᠳᠤ᠂ ᠨᠢᠭᠡᠳᠦᠭᠡᠷ᠂ ᠬᠣᠶᠠᠳᠤᠭ᠋ᠠᠷ ᠬᠢᠴᠢᠶᠡᠯ ᠲᠥᠷᠥᠯ᠎ᠢ ᠨᠡᠶ᠋ᠢᠯᠡᠭᠦᠯᠦᠭᠡᠳ 1 ᠰᠢᠯᠭ᠋ᠠᠯᠲᠠ ᠵᠢᠨ ᠬᠠᠭᠤᠳᠠᠰᠤᠨ᠎ᠳᠤ ᠲᠤᠷᠰᠢᠨ ᠰᠢᠯᠭ᠋ᠠᠯᠲᠠ ᠬᠢᠵᠦ᠂ ᠭᠤᠷᠪᠠᠳᠤᠭ᠋ᠠᠷ᠂ ᠳᠥᠷᠪᠡᠳᠦᠭᠡᠷ ᠬᠢᠴᠢᠶᠡᠯ ᠲᠥᠷᠥᠯ᠎ᠢ ᠨᠡᠶ᠋ᠢᠯᠡᠭᠦᠯᠦᠭᠡᠳ 1 ᠰᠢᠯᠭ᠋ᠠᠯᠲᠠ ᠵᠢᠨ ᠬᠠᠭᠤᠳᠠᠰᠤᠨ᠎ᠳᠤ ᠲᠤᠷᠰᠢᠨ ᠰᠢᠯᠭ᠋ᠠᠯᠲᠠ ᠬᠢᠵᠦ᠂ ᠰᠢᠯᠭ᠋ᠠᠯᠲᠠ ᠵᠢᠨ ᠬᠠᠭᠤᠳᠠᠰᠤ ᠪᠦᠷᠢ ᠵᠢᠨ ᠪᠦᠷᠢᠨ ᠬᠤᠪᠢ᠎ᠨᠢ 100 ᠬᠤᠪᠢ᠂ ᠰᠢᠯᠭ᠋ᠠᠬᠤ ᠴᠠᠭ᠎ᠨᠢ ᠴᠥᠮ 90 ᠮᠢᠨᠦ᠋ᠲ ᠪᠣᠯᠤᠨ᠎ᠠ᠃ ᠲᠤᠬᠠᠶ ᠵᠢᠨ ᠲᠠᠯᠠᠪᠠᠢ ᠵᠢᠨ ᠰᠢᠯᠭ᠋ᠠᠯᠲᠠ (ᠨᠢᠭᠤᠷᠳᠠᠨ ᠰᠢᠯᠭ᠋ᠠᠯᠲᠠ) ᠵᠢ 《ᠪᠥᠬᠥ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ ᠵᠢᠨ ᠲᠤᠬᠠᠶ ᠵᠢᠨ ᠲᠠᠯᠠᠪᠠᠢ ᠵᠢᠨ ᠰᠢᠯᠭ᠋ᠠᠯᠲᠠ ᠵᠢᠨ ᠠᠵᠢᠯ᠎ᠤᠨ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ 2019 ᠣᠨ᠎ᠤ ᠪᠥᠬᠥ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ ᠵᠢᠨ ᠬᠥᠲᠥᠯᠪᠦᠷᠢ ᠵᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠵᠠᠰᠠᠭ᠎ᠤᠨ ᠣᠷᠳᠣᠨ᠎ᠤ ᠫᠣᠷᠲ᠋ᠠᠯ ᠰᠦᠯᠵᠢᠶ᠎ᠡ (http://www.mct.gov.cn)᠎ᠠᠴᠠ ᠪᠠᠢ᠌ᠴᠠᠭ᠋ᠠᠨ ᠦᠵᠡᠵᠦ ᠪᠠᠭᠤᠯᠭ᠋ᠠᠵᠤ ᠪᠤᠯᠤᠨ᠎ᠠ᠃
ᠲᠦᠷᠪᠡ᠂ ᠰᠢᠯᠭ᠋ᠠᠬᠤ ᠴᠠᠭ
ᠬᠢᠴᠢᠶᠡᠯ ᠲᠥᠷᠥᠯ᠎ᠤᠨ ᠨᠢᠭᠡ᠂ ᠬᠣᠶᠠᠷ᠎ᠤᠨ ᠰᠢᠯᠭ᠋ᠠᠬᠤ ᠴᠠᠭ᠄ 2019 ᠣᠨ᠎ᠤ 11 ᠳ᠋ᠣᠭᠡᠷ ᠰᠠᠷ᠎ᠠ ᠵᠢᠨ 30᠎ᠤ ᠡᠳᠦᠷ᠎ᠤᠨ 9᠄ 00 — 10᠄ 30 ᠴᠠᠭ
ᠬᠢᠴᠢᠶᠡᠯ ᠲᠥᠷᠥᠯ᠎ᠤᠨ ᠭᠤᠷᠪᠠ᠂ ᠳᠦᠷᠪᠡ ᠵᠢᠨ ᠰᠢᠯᠭ᠋ᠠᠬᠤ ᠴᠠᠭ᠄ 2019 ᠣᠨ᠎ᠤ 11 ᠳ᠋ᠣᠭᠡᠷ ᠰᠠᠷ᠎ᠠ ᠵᠢᠨ 30᠎ᠤ ᠡᠳᠦᠷ᠎ᠤᠨ 10᠄ 30 — 12᠄ 00 ᠴᠠᠭ
ᠬᠢᠴᠢᠶᠡᠯ ᠲᠦᠷᠦᠯ ᠲᠠᠪᠤ ᠵᠢᠨ ᠰᠢᠯᠭ᠋ᠠᠬᠤ ᠴᠠᠭ᠄ ᠡᠯ᠎ᠡ ᠮᠤᠵᠢ ᠵᠢᠨ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ 2019 ᠣᠨ᠎ᠤ 12 ᠰᠠᠷ᠎ᠠ ᠵᠢᠨ 30᠎ᠤ ᠡᠳᠦᠷ᠎ᠠᠴᠠ ᠡᠮᠦᠨ᠎ᠡ ᠵᠣᠬᠢᠶᠠᠨ ᠪᠠᠶ᠋ᠢᠭᠤᠯᠵᠤ ᠪᠡᠶᠡᠯᠡᠭᠦᠯᠦᠨ᠎ᠡ᠃
ᠲᠠᠪᠤ᠂ ᠰᠦᠢ᠍ᠳᠭᠡᠯ ᠬᠤᠷᠢᠶᠠᠬᠤ
ᠰᠢᠯᠭ᠋ᠠᠯᠲᠠ ᠵᠢᠨ ᠰᠦᠢ᠍ᠳᠭᠡᠯ ᠬᠤᠷᠢᠶᠠᠬᠤ ᠪᠠᠷᠢᠮᠵᠢᠶ᠎ᠠ ᠵᠢ ᠡᠯ᠎ᠡ ᠮᠤᠵᠢ ᠵᠢᠨ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠡᠳ᠋᠎ᠤᠨ ᠵᠠᠰᠠᠭ ᠪᠠ ᠦᠨ᠎ᠡ ᠬᠠᠩᠰᠢ ᠵᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠵᠢᠷᠭᠤᠭ᠎ᠠ᠂ ᠰᠢᠯᠭ᠋ᠠᠯᠲᠠ ᠵᠢᠨ ᠦᠷ᠎ᠡ ᠳ᠋ᠦᠩ᠎ᠢ ᠨᠡᠶ᠋ᠢᠲᠡᠯᠡᠬᠦ
ᠰᠢᠯᠭ᠋ᠠᠭᠤᠯᠤᠭᠴᠢ ᠵᠢᠨ ᠰᠢᠯᠭ᠋ᠠᠯᠲᠠ ᠵᠢᠨ ᠦᠷ᠎ᠡ ᠳ᠋ᠦᠩ᠎ᠨᠢ ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ᠂ ᠲᠤᠬᠠᠶ ᠵᠢᠨ ᠲᠠᠯᠠᠪᠠᠢ ᠵᠢᠨ ᠰᠢᠯᠭ᠋ᠠᠯᠲᠠ (ᠨᠢᠭᠤᠷᠳᠠᠨ ᠰᠢᠯᠭ᠋ᠠᠯᠲᠠ) ᠵᠢᠨ ᠬᠢᠷᠢ ᠪᠦᠲᠦᠮᠵᠢ ᠪᠠ ᠶᠡᠷᠦᠩᠬᠡᠶ ᠬᠢᠷᠢ ᠪᠦᠲᠦᠮᠵᠢ᠎ᠨᠢ ᠴᠥᠮ ᠬᠢᠷᠢ ᠲᠡᠩᠴᠡᠬᠦ ᠱᠤᠭᠤᠮ᠎ᠳᠤ ᠬᠦᠷᠪᠡᠯ ᠬᠢᠷᠢ ᠲᠡᠩᠴᠡᠭᠰᠡᠨ ᠵᠶ᠋ᠠᠷ ᠪᠤᠳᠤᠨ᠎ᠠ᠃ ᠨᠡᠮᠡᠵᠦ ᠰᠢᠯᠭ᠋ᠠᠬᠤ ᠰᠢᠯᠭ᠋ᠠᠭᠤᠯᠤᠭᠴᠢ ᠵᠢᠨ ᠰᠢᠯᠭ᠋ᠠᠯᠲᠠ ᠵᠢᠨ ᠳ᠋ᠦᠩ᠎ᠨᠢ ᠲᠤᠬᠠᠶ ᠵᠢᠨ ᠲᠠᠯᠠᠪᠠᠢ ᠵᠢᠨ ᠰᠢᠯᠭ᠋ᠠᠯᠲᠠ (ᠨᠢᠭᠤᠷᠳᠠᠨ ᠰᠢᠯᠭ᠋ᠠᠯᠲᠠ) ᠵᠢᠨ ᠬᠢᠷᠢ ᠲᠡᠩᠴᠡᠬᠦ ᠱᠤᠭᠤᠮ᠎ᠳᠤ ᠬᠦᠷᠦᠭᠰᠡᠨ ᠪᠤᠯ ᠬᠢᠷᠢ ᠲᠡᠩᠴᠡᠭᠰᠡᠨ ᠵᠶ᠋ᠠᠷ ᠪᠤᠳᠤᠨ᠎ᠠ᠃ ᠰᠢᠯᠭ᠋ᠠᠭᠤᠯᠤᠭᠴᠢ ᠵᠢᠨ ᠬᠢᠷᠢ ᠪᠦᠲᠦᠮᠵᠢ᠎ᠨᠢ ᠲᠤᠬᠠᠶ ᠵᠢᠨ ᠵᠢᠯ᠎ᠳᠤ᠎ᠪᠠᠨ ᠬᠦᠴᠦᠨ᠎ᠲᠠᠢ᠃
2020 ᠣᠨ᠎ᠤ 2 ᠰᠠᠷ᠎ᠠ ᠵᠢᠨ 21᠎ᠤ ᠡᠳᠦᠷ᠎ᠤᠨ 9᠄ 00 ᠴᠠᠭ᠎ᠠᠴᠠ ᠰᠢᠯᠭ᠋ᠠᠭᠤᠯᠤᠭᠴᠢ ᠪᠥᠬᠥ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ ᠵᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠵᠶ᠋ᠠᠷ ᠰᠢᠯᠭ᠋ᠠᠯᠲᠠ ᠵᠢᠨ ᠳ᠋ᠦᠩ᠎ᠢ ᠪᠠᠶ᠋ᠢᠴᠠᠭ᠋ᠠᠨ ᠯᠠᠪᠯᠠᠵᠤ ᠪᠣᠯᠤᠨ᠎ᠠ᠃
ᠳᠣᠯᠣᠭ᠎ᠠ᠂ ᠰᠢᠯᠭ᠋ᠠᠯᠲᠠ ᠵᠢᠨ ᠦᠷ᠎ᠡ ᠳ᠋ᠦᠩ᠎ᠢ ᠳᠠᠬᠢᠨ ᠬᠢᠨᠠᠬᠤ
ᠰᠢᠯᠭ᠋ᠠᠭᠤᠯᠤᠭᠴᠢ ᠬᠤᠪᠢ ᠬᠥᠮᠦᠨ᠎ᠤ ᠰᠢᠯᠭ᠋ᠠᠯᠲᠠ ᠵᠢᠨ ᠦᠷ᠎ᠡ ᠳ᠋ᠦᠩ᠎ᠳᠤ ᠳᠠᠬᠢᠨ ᠬᠢᠨᠠᠯᠲᠠ ᠬᠢᠬᠦ ᠴᠢᠬᠤᠯᠠᠲᠠᠶ ᠪᠠᠢ᠌ᠪᠠᠯ᠂ ᠰᠢᠯᠭ᠋ᠠᠯᠲᠠ ᠵᠢᠨ ᠦᠷ᠎ᠡ ᠳ᠋ᠦᠩ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠨ 5 ᠠᠵᠢᠯᠯᠠᠬᠤ ᠡᠳᠦᠷ᠎ᠤᠨ ᠳᠣᠲᠣᠷ᠎ᠠ ᠮᠤᠵᠢ ᠵᠢᠨ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠳᠠᠬᠢᠨ ᠬᠢᠨᠠᠭᠤᠯᠬᠤ ᠭᠤᠶᠤᠴᠢᠯᠠᠯ ᠭᠠᠷᠭ᠋ᠠᠵᠤ ᠪᠣᠯᠤᠨ᠎ᠠ᠂ ᠳᠠᠬᠢᠨ ᠬᠢᠨᠠᠭᠰᠠᠨ ᠦᠷ᠎ᠡ ᠳ᠋ᠦᠩ᠎ᠨᠢ ᠡᠴᠦᠰ᠎ᠤᠨ ᠦᠷ᠎ᠡ ᠳ᠋ᠦᠩ ᠪᠣᠯᠬᠤ ᠲᠤᠯᠠ ᠳᠠᠬᠢᠵᠤ ᠳᠠᠬᠢᠨ ᠬᠢᠨᠠᠭᠤᠯᠬᠤ ᠦᠭᠡᠢ᠃ ᠰᠢᠯᠭ᠋ᠠᠯᠲᠠ ᠵᠢᠨ ᠦᠷ᠎ᠡ ᠳ᠋ᠦᠩ᠎ᠢ ᠳᠠᠬᠢᠨ ᠬᠢᠨᠠᠬᠤ ᠠᠵᠢᠯ᠎ᠢ 《ᠪᠥᠬᠥ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠦᠢ᠍ᠴᠡᠳᠭᠡᠨ᠎ᠡ᠃
ᠨᠠᠢ᠍ᠮᠠ᠂ ᠦᠨᠡᠮᠯᠡᠯ ᠣᠯᠭᠣᠬᠤ
ᠰᠣᠶᠣᠯ ᠪᠠ ᠵᠢᠭᠤᠯᠴᠢᠯᠠᠯ᠎ᠤᠨ ᠶᠠᠮᠤᠨ᠎ᠠᠴᠠ ᠮᠤᠵᠢ ᠵᠢᠨ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠨᠠᠶ᠋ᠢᠳᠠᠵᠤ᠂ ᠰᠢᠯᠭ᠋ᠠᠯᠲᠠ᠎ᠳᠤ ᠬᠢᠷᠢ ᠲᠡᠩᠴᠡᠭᠰᠡᠨ ᠰᠢᠯᠭ᠋ᠠᠭᠤᠯᠤᠭᠴᠢ᠎ᠳᠤ 《ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠦᠨᠡᠮᠯᠡᠯ》 ᠣᠯᠭᠣᠨ᠎ᠠ᠃
ᠶᠢᠰᠦ᠂ ᠪᠤᠰᠤᠳ ᠵᠦᠢ᠍ᠯ
(ᠨᠢᠭᠡ) ᠰᠢᠶᠠᠩᠭ᠋ᠠᠩ᠂ ᠣᠣᠮᠧᠨ᠎ᠤ ᠡᠭᠦᠷᠢᠳᠡ ᠵᠢᠨ ᠰᠠᠭᠤᠭ᠋ᠠᠯᠢ ᠠᠷᠠᠳ᠎ᠤᠨ ᠳᠣᠲᠣᠷᠠᠬᠢ ᠳᠤᠮᠳᠠᠳᠤ ᠤᠯᠤᠰ᠎ᠤᠨ ᠠᠷᠠᠳ ᠢᠷᠭᠡᠨ ᠪᠦᠬᠦ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠬᠦ᠎ᠳᠤ 《ᠰᠢᠶᠠᠩᠭ᠋ᠠᠩ᠂ ᠣᠣᠮᠧᠨ᠎ᠤ ᠡᠭᠦᠷᠢᠳᠡ ᠵᠢᠨ ᠰᠠᠭᠤᠭ᠋ᠠᠯᠢ ᠠᠷᠠᠳ᠎ᠤᠨ ᠳᠣᠲᠣᠷᠠᠬᠢ ᠳᠤᠮᠳᠠᠳᠤ ᠤᠯᠤᠰ᠎ᠤᠨ ᠠᠷᠠᠳ ᠢᠷᠭᠡᠨ ᠪᠦᠬᠦ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠬᠣᠯᠪᠣᠭᠳᠠᠯ ᠪᠦᠬᠦᠢ ᠵᠦᠢ᠍ᠯᠡᠰ᠎ᠤᠨ ᠲᠤᠬᠠᠶ ᠮᠡᠳᠡᠭᠳᠡᠯ》 (ᠵᠢᠭᠤᠯᠴᠢᠯᠠᠯ᠎ᠤᠨ ᠠᠯᠪᠠᠨ ᠭᠠᠵᠠᠷ᠎ᠠᠴᠠ ᠲᠠᠷᠬᠠᠭ᠋ᠠᠭᠰᠠᠨ [2008] 174 ᠳ᠋ᠣᠭᠡᠷ ᠲᠣᠭ᠋ᠠᠲᠤ)᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠂ ᠨᠡᠷ᠎ᠡ ᠮᠡᠳᠡᠭᠦᠯᠬᠦ ᠶᠠᠪᠤᠴᠠ᠎ᠳᠤ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠢᠶᠠᠩᠭ᠋ᠠᠩ ᠣᠣᠮᠧᠨ᠎ᠤ ᠰᠠᠭᠤᠭ᠋ᠠᠯᠢ ᠠᠷᠠᠳ᠎ᠤᠨ ᠣᠷᠣᠰᠢᠨ ᠰᠠᠭᠤᠬᠤ ᠦᠨᠡᠮᠯᠡᠯ ᠵᠶ᠋ᠠᠨ ᠬᠢᠷᠢ ᠬᠡᠮ᠎ᠢ ᠬᠢᠨᠠᠨ ᠬᠠᠷᠭᠤᠭᠤᠯᠬᠤ᠎ᠳᠤ ᠬᠠᠩᠭ᠋ᠠᠵᠤ ᠪᠣᠯᠤᠨ᠎ᠠ᠃
(ᠬᠣᠶᠠᠷ) ᠲᠠᠶ᠋ᠢᠸᠠᠨ᠎ᠤ ᠰᠠᠭᠤᠭ᠋ᠠᠯᠢ ᠠᠷᠠᠳ ᠪᠦᠬᠦ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠦᠨ ᠣᠷᠣᠯᠴᠠᠬᠤ᠎ᠳᠤ ᠡᠷᠬᠡᠪᠰᠢ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠶ᠋ᠢᠸᠠᠨ᠎ᠤ ᠰᠠᠭᠤᠭ᠋ᠠᠯᠢ ᠠᠷᠠᠳ᠎ᠤᠨ ᠣᠷᠣᠰᠢᠨ ᠰᠠᠭᠤᠬᠤ ᠦᠨᠡᠮᠯᠡᠯ ᠪᠤᠶᠤ ᠲᠠᠶ᠋ᠢᠸᠠᠨ᠎ᠤ ᠰᠠᠭᠤᠭ᠋ᠠᠯᠢ ᠠᠷᠠᠳ᠎ᠤᠨ ᠡᠬᠡ ᠬᠠᠭᠤᠷᠠᠶ᠎ᠳᠤ ᠢᠷᠡᠵᠦ ᠶᠠᠪᠤᠬᠤ ᠨᠡᠪᠲᠡᠷᠡᠬᠦ ᠦᠨᠡᠮᠯᠡᠯ᠎ᠢ ᠲᠤᠰᠢᠶᠠᠵᠤ ᠬᠢᠷᠢ ᠭᠡᠮ᠎ᠤᠨ ᠬᠢᠨᠠᠨ ᠬᠠᠷᠭᠤᠭᠤᠯᠤᠯᠲᠠ ᠬᠢᠬᠦ ᠬᠡᠷᠡᠭᠲᠡᠶ᠃ ᠲᠠᠶ᠋ᠢᠸᠠᠨ᠎ᠤ ᠰᠠᠭᠤᠭ᠋ᠠᠯᠢ ᠠᠷᠠᠳ ᠪᠥᠬᠥ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ᠎ᠳᠤ ᠣᠷᠣᠯᠴᠠᠬᠤ ᠪᠤᠰᠤᠳ ᠱᠠᠭ᠋ᠠᠷᠳᠠᠯᠭ᠎ᠠ᠎ᠨᠢ ᠡᠬᠡ ᠬᠠᠭᠤᠷᠠᠶ ᠵᠢᠨ ᠭᠠᠵᠠᠷ ᠣᠷᠣᠨ᠎ᠤ ᠰᠢᠯᠭ᠋ᠠᠭᠤᠯᠤᠭᠴᠢ᠎ᠲᠠᠢ ᠠᠳᠠᠯᠢ᠃
(ᠭᠤᠷᠪᠠ) ᠳᠤᠮᠳᠠᠲᠤ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠵᠢᠭᠤᠯᠴᠢᠯᠠᠯ᠎ᠤᠨ ᠲᠥᠷᠥᠯ᠎ᠤᠨ ᠲᠤᠰᠬᠠᠶ ᠮᠡᠷᠭᠡᠵᠢᠯ᠎ᠤᠨ 2020 ᠣᠨ᠎ᠳᠤ ᠲᠡᠭᠦᠰᠬᠦ ᠰᠤᠷᠤᠭᠴᠢ ᠨᠡᠷ᠎ᠡ ᠮᠡᠳᠡᠭᠦᠯᠦᠨ ᠰᠢᠯᠭ᠋ᠠᠭᠤᠯᠵᠤ ᠪᠣᠯᠤᠨ᠎ᠠ᠂ ᠰᠢᠯᠭ᠋ᠠᠯᠲᠠ᠎ᠳᠤ ᠬᠢᠷᠢ ᠲᠡᠩᠴᠡᠭᠰᠡᠨ ᠪᠥᠭᠡᠳ ᠲᠡᠭᠦᠰᠬᠦ ᠦᠨᠡᠮᠯᠡᠯ ᠣᠯᠪᠠᠯ 《ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠦᠨᠡᠮᠯᠡᠯ》 ᠠᠪᠴᠤ ᠪᠣᠯᠤᠨ᠎ᠠ᠃
ᠠᠷᠪᠠ᠂ ᠬᠣᠯᠪᠣᠭᠳᠠᠯ ᠪᠦᠬᠦᠢ ᠱᠠᠭ᠋ᠠᠷᠳᠠᠯᠭ᠎ᠠ
ᠡᠯ᠎ᠡ ᠮᠤᠵᠢ ᠵᠢᠨ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠰᠢᠯᠭ᠋ᠠᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠠᠮᠢᠶᠠᠷᠤᠯᠲᠠ᠎ᠪᠠᠨ ᠴᠢᠩᠭ᠋ᠠᠳᠬᠠᠨ ᠬᠠᠷᠢᠭᠤᠴᠠᠯᠭ᠎ᠠ᠎ᠪᠠᠨ ᠨᠠᠢ᠌ᠳᠠᠪᠦᠷᠢᠵᠢᠭᠤᠯᠵᠤ᠂ ᠰᠠᠬᠢᠯᠭ᠎ᠠ ᠪᠠᠲᠤ ᠵᠢ ᠴᠢᠩᠳᠠᠯᠠᠨ 2019 ᠣᠨ᠎ᠤ ᠪᠥᠬᠥ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ ᠵᠢᠨ ᠤᠷᠤᠭᠰᠢᠲᠠᠶ ᠶᠠᠪᠤᠭᠳᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
(ᠨᠢᠭᠡ) ᠰᠢᠯᠭ᠋ᠠᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠡᠯ᠎ᠡ ᠮᠤᠵᠢ ᠵᠢᠨ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠰᠢᠯᠭ᠋ᠠᠯᠲᠠ ᠵᠢᠨ ᠠᠵᠢᠯ᠎ᠤᠨ ᠪᠦᠬᠦ ᠶᠠᠪᠤᠴᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠰᠢᠯᠭ᠋ᠠᠯᠲᠠ ᠵᠢᠨ ᠬᠠᠮᠢᠶᠠᠷᠤᠯᠲᠠ ᠵᠢᠨ ᠠᠷᠭ᠎ᠠ ᠵᠢ ᠴᠢᠩᠭ᠎ᠠ ᠨᠠᠢ᠍ᠳᠠᠪᠤᠷᠢᠵᠢᠭᠤᠯᠬᠤ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠢᠷᠤᠮ᠎ᠢ ᠵᠢᠷᠤᠮᠵᠢᠭᠤᠯᠵᠤ᠂ ᠰᠢᠯᠭ᠋ᠠᠯᠲᠠ ᠵᠢᠨ ᠡᠷᠬᠡ ᠲᠡᠭᠰᠢ ᠴᠢᠨᠠᠷ᠂ ᠲᠥᠪ ᠭᠣᠤᠯᠴᠢ ᠴᠢᠨᠠᠷ ᠪᠠ ᠡᠷᠬᠡ ᠬᠦᠨᠳᠦᠲᠦ ᠴᠢᠨᠠᠷ᠎ᠢ ᠰᠠᠶ᠋ᠢᠲᠤᠷ ᠬᠠᠮᠠᠭ᠋ᠠᠯᠠᠬᠤ ᠬᠡᠷᠡᠭᠲᠡᠶ᠃
(ᠬᠣᠶᠠᠷ) ᠰᠢᠯᠭ᠋ᠠᠯᠲᠠ ᠵᠢᠨ ᠶᠠᠪᠤᠳᠠᠯ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠡᠯ᠎ᠡ ᠮᠤᠵᠢ ᠵᠢᠨ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠰᠢᠯᠭ᠋ᠠᠯᠲᠠ ᠵᠢᠨ ᠶᠠᠪᠤᠳᠠᠯ᠎ᠤᠨ ᠬᠠᠷᠢᠭᠤᠴᠠᠯᠭ᠎ᠠ᠎ᠪᠠᠨ ᠤᠯᠠᠮ ᠨᠢᠭᠡ ᠠᠯᠬᠤᠮ ᠨᠠᠢ᠌ᠳᠠᠪᠦᠷᠢᠵᠢᠭᠤᠯᠵᠤ᠂ ᠰᠢᠯᠭ᠋ᠠᠯᠲᠠ ᠵᠢᠨ ᠶᠠᠪᠤᠳᠠᠯ᠎ᠤᠨ ᠠᠵᠢᠯᠲᠠᠨ᠎ᠢ ᠵᠣᠬᠢᠶᠠᠨ ᠪᠠᠶ᠋ᠢᠭᠤᠯᠤᠨ ᠰᠢᠯᠭ᠋ᠠᠯᠲᠠ ᠵᠢᠨ ᠠᠵᠢᠯ᠎ᠤᠨ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠲᠣᠭᠲᠠᠭ᠋ᠠᠯ᠎ᠤᠨ ᠰᠤᠷᠤᠯᠴᠠᠯᠭ᠎ᠠ᠎ᠪᠠᠨ ᠴᠢᠩᠭ᠋ᠠᠳᠬᠠᠵᠤ᠂ ᠬᠠᠷᠢᠭᠤᠴᠠᠯᠭ᠎ᠠ᠎ᠪᠠᠨ ᠭᠦᠢ᠍ᠴᠡᠳᠭᠡᠬᠦ ᠤᠬᠠᠮᠰᠠᠷ ᠵᠶ᠋ᠠᠨ ᠴᠢᠩᠭ᠋ᠠᠳᠬᠠᠨ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠬᠦ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠶ᠃
(ᠭᠤᠷᠪᠠ) ᠰᠢᠯᠭ᠋ᠠᠯᠲᠠ ᠵᠢᠨ ᠰᠤᠷᠲᠠᠯ ᠰᠢᠯᠭ᠋ᠠᠯᠲᠠ ᠵᠢᠨ ᠰᠠᠬᠢᠯᠭ᠎ᠠ ᠵᠢ ᠴᠢᠩᠳᠠᠯᠠᠨ᠎ᠠ᠃ ᠡᠯ᠎ᠡ ᠮᠤᠵᠢ ᠵᠢᠨ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠰᠢᠯᠭ᠋ᠠᠯᠲᠠ ᠵᠢᠨ ᠳᠦᠷᠢᠮ ᠲᠣᠭᠲᠠᠭ᠋ᠠᠯ ᠰᠠᠬᠢᠯᠭ᠎ᠠ ᠪᠠᠲᠤ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠡᠭᠦᠰᠬᠦ ᠵᠢ ᠰᠡᠷᠭᠡᠶ᠋ᠢᠯᠡᠵᠦ᠂ ᠰᠢᠯᠭ᠋ᠠᠯᠲᠠ ᠵᠢᠨ ᠠᠵᠢᠯ᠎ᠤᠨ ᠳᠤᠮᠳᠠ ᠭᠠᠷᠤᠭᠰᠠᠨ ᠳᠦᠷᠢᠮ ᠲᠣᠭᠲᠠᠭ᠋ᠠᠯ ᠰᠠᠬᠢᠯᠭ᠎ᠠ ᠪᠠᠲᠤ᠎ᠠᠴᠠ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠲᠣᠳᠣᠯᠠᠮᠠᠭᠴᠠ ᠲᠣᠭᠲᠠᠭ᠋ᠠᠯ ᠶᠣᠰᠣᠭ᠋ᠠᠷ ᠴᠢᠩᠭ᠎ᠠ ᠰᠢᠢ᠍ᠳᠪᠦᠷᠢᠯᠡᠬᠦ ᠬᠡᠷᠡᠭᠲᠡᠶ᠃
ᠡᠭᠦᠨ᠎ᠤ ᠲᠤᠯᠠ ᠣᠨᠴᠠᠭ᠋ᠠᠶ᠋ᠢᠯᠠᠨ ᠮᠡᠳᠡᠭᠳᠡᠪᠡ᠃
ᠰᠣᠶᠣᠯ ᠵᠢᠭᠤᠯᠴᠢᠯᠠᠯ᠎ᠤᠨ ᠶᠠᠮᠤᠨ᠎ᠤ ᠠᠯᠪᠠᠨ ᠲᠢᠩᠬᠢᠮ
2019᠎ᠤᠨ 8 ᠰᠠᠷ᠎ᠠ ᠵᠢᠨ 13᠎ᠤ ᠡᠳᠦᠷ