ᠡᠯ᠎ᠡ ᠠᠶ᠋ᠢᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠎ᠳᠤ᠄
ᠮᠠᠨ᠎ᠤ ᠣᠷᠣᠨ᠎ᠤ ᠮᠣᠩᠭᠣᠯ ᠦᠨᠳᠦᠰᠦᠲᠡᠨ᠎ᠤ ᠬᠠᠳᠬᠤᠮᠠᠯ᠎ᠤᠨ ᠦᠨᠳᠦᠰᠦᠲᠡᠨ᠎ᠤ ᠣᠨᠴᠠᠯᠢᠭ᠂ ᠤᠷᠠᠯᠢᠭ᠎ᠤᠨ ᠬᠡᠪ ᠨᠠᠮᠪᠠ ᠪᠠ ᠥᠪᠡᠷᠮᠢᠴᠡ ᠷᠢᠳᠢ ᠰᠢᠳᠢ ᠵᠢ ᠬᠦᠢ᠍ᠴᠡᠳ ᠳᠡᠯᠭᠡᠨ ᠦᠵᠡᠭᠦᠯᠵᠦ᠂ ᠤᠯᠤᠰ᠎ᠤᠨ ᠳᠣᠲᠣᠭ᠋ᠠᠳᠤ ᠵᠢᠨ ᠬᠠᠳᠬᠤᠮᠠᠯᠯᠤᠭᠠ ᠰᠣᠯᠢᠯᠴᠠᠭ᠎ᠠ ᠬᠠᠮᠲᠤᠷᠠᠯᠴᠠᠭ᠎ᠠ ᠵᠢ᠎ᠨᠢ ᠴᠢᠩᠭ᠋ᠠᠳᠬᠠᠵᠤ᠂ ᠮᠣᠩᠭᠣᠯ ᠦᠨᠳᠦᠰᠦᠲᠡᠨ᠎ᠤ ᠬᠠᠳᠬᠤᠮᠠᠯ᠎ᠤᠨ ᠪᠦᠲᠦᠭᠡᠯᠴᠢ᠎ᠪᠠᠷ ᠲᠦᠯᠦᠪᠯᠡᠬᠦ ᠪᠠ ᠦᠢ᠍ᠯᠡᠳᠬᠦ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠠᠳᠬᠤᠮᠠᠯ᠎ᠤᠨ ᠪᠦᠲᠦᠭᠡᠭᠳᠡᠬᠦᠨ᠎ᠢ ᠣᠳᠣ ᠦᠶ᠎ᠡ ᠵᠢᠨ ᠠᠮᠢᠳᠤᠷᠠᠯ᠎ᠳᠤ ᠨᠠᠩ ᠰᠠᠶ᠋ᠢᠲᠤᠷ ᠠᠭᠤᠰᠤᠯᠴᠠᠭᠤᠯᠵᠤ᠂ ᠮᠠᠯᠴᠢᠨ ᠲᠠᠷᠢᠶᠠᠴᠢᠨ᠎ᠤ ᠶᠠᠳᠠᠭᠤ᠎ᠠᠴᠠ ᠠᠡᠭᠬᠢᠵᠢᠷᠠᠨ ᠴᠢᠨᠡᠭᠡᠯᠢᠭᠵᠢᠬᠦ ᠵᠢ ᠤᠯᠠᠮ ᠴᠢᠨᠠᠭᠰᠢᠳᠠ ᠳᠠᠢ᠌ᠴᠢᠯᠠᠨ᠂ ᠥᠪᠥᠷ ᠮᠣᠩᠭᠣᠯ᠎ᠤᠨ ᠬᠠᠳᠬᠤᠮᠠᠯ᠎ᠤᠨ ᠰᠣᠶᠣᠯ᠎ᠤᠨ ᠦᠯᠢᠭᠡᠷ᠎ᠢ ᠰᠠᠶ᠋ᠢᠲᠤᠷ ᠶᠠᠷᠢᠵᠤ᠂ ᠰᠢᠨ᠎ᠡ ᠴᠠᠭ ᠦᠶ᠎ᠡ ᠵᠢ ᠮᠠᠭᠲᠠᠨ ᠳᠠᠭᠤᠯᠠᠵᠦ᠂ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠪᠡᠯᠭᠡᠯᠡᠬᠦ ᠵᠢᠨ ᠲᠥᠯᠥᠭᠡ ᠥᠪᠡᠷᠲᠡᠭᠡᠨ ᠵᠠᠰᠠᠬᠤ ᠣᠷᠣᠨ ᠡᠨᠡ ᠵᠢᠯ᠎ᠤᠨ 8 ᠰᠠᠷ᠎ᠠ᠎ᠳᠤ ᠬᠢᠩᠭ᠋ᠠᠨ ᠠᠶ᠋ᠢᠮᠠᠭ᠎ᠲᠤ 《ᠳᠤᠮᠳᠠᠳᠤ ᠤᠯᠤᠰ ᠤᠨ ᠬᠠᠳᠬᠤᠮᠠᠯᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠶᠡᠬᠡ ᠬᠤᠷᠠᠯ》 ᠬᠢᠬᠦ᠎ᠪᠠᠷ ᠲᠣᠭᠲᠠᠪᠠ᠃ ᠪᠡᠯᠡᠳᠬᠡᠯ ᠠᠵᠢᠯ᠎ᠢ ᠰᠠᠶ᠋ᠢᠲᠤᠷ ᠬᠢᠬᠦ ᠵᠢᠨ ᠲᠤᠰᠠᠳᠠ ᠠᠵᠢᠯᠯᠠᠭ᠋ᠠᠨ᠎ᠤ ᠡᠬᠢᠨ᠎ᠳᠤ 《ᠪᠥᠬᠥ ᠣᠷᠣᠨ᠎ᠤ ᠮᠣᠩᠭᠣᠯ ᠦᠨᠳᠦᠰᠦᠲᠡᠨ᠎ᠤ ᠬᠠᠳᠬᠤᠮᠠᠯ᠎ᠤᠨ ᠤᠷᠤᠯᠳᠤᠭ᠋ᠠᠨ》᠎ᠢ ᠡᠷᠬᠢᠯᠡᠨ᠎ᠡ᠂ ᠡᠳᠦᠭᠡ ᠬᠣᠯᠪᠣᠭᠳᠠᠯ ᠪᠦᠬᠦᠢ ᠵᠦᠢ᠍ᠯ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠤᠷᠤᠯᠳᠤᠭ᠋ᠠᠨ᠎ᠤ ᠭᠣᠤᠯ ᠰᠡᠳᠦᠪ
ᠬᠦᠴᠦᠯᠡᠨ ᠲᠡᠮᠡᠴᠡᠵᠦ ᠬᠦᠰᠡᠯ ᠵᠶ᠋ᠠᠨ ᠪᠡᠶᠡᠯᠡᠭᠦᠯᠬᠦ ᠦᠵᠡᠰᠬᠦᠯᠡᠩᠲᠦ ᠰᠠᠢ᠌ᠬᠠᠨ ᠠᠭᠤᠯᠠ ᠤᠰᠤ
ᠬᠣᠶᠠᠷ᠂ ᠤᠷᠤᠯᠳᠤᠭ᠋ᠠᠨ᠎ᠤ ᠴᠠᠭ
2019 ᠤᠨ᠎ᠤ 7 ᠰᠠᠷ᠎ᠠ ᠵᠢᠨ 1— 7 ᠰᠠᠷ᠎ᠠ ᠵᠢᠨ 21
ᠭᠤᠷᠪᠠ᠂ ᠵᠣᠬᠢᠶᠠᠨ ᠪᠠᠢ᠌ᠭᠤᠯᠬᠤ ᠪᠠᠶ᠋ᠢᠭᠤᠯᠤᠮᠵᠢ
ᠭᠣᠤᠯᠯᠠᠨ ᠡᠷᠬᠢᠯᠡᠭᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
ᠳᠠᠭ᠋ᠠᠭ᠋ᠠᠴᠢᠯᠠᠨ ᠡᠷᠬᠢᠯᠡᠭᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠤᠨ ᠣᠷᠳᠣᠨ
ᠬᠠᠪᠰᠤᠷᠤᠨ ᠬᠦᠢ᠍ᠴᠡᠳᠭᠡᠭᠴᠢ᠄ ᠡᠯ᠎ᠡ ᠠᠶ᠋ᠢᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ
ᠳᠦᠷᠪᠡ᠂ ᠤᠷᠤᠯᠳᠤᠭ᠋ᠠᠨ᠎ᠳᠤ ᠤᠷᠤᠯᠴᠠᠭᠰᠠᠳ᠎ᠤᠨ ᠬᠦᠷᠢᠶ᠎ᠡ ᠬᠡᠪᠴᠢᠶ᠎ᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠣᠯ ᠦᠨᠳᠦᠰᠦᠲᠡᠨ᠎ᠤ ᠬᠠᠳᠬᠤᠮᠠᠯ᠎ᠤᠨ ᠤᠯᠠᠮᠵᠢᠯᠠᠨ ᠵᠠᠯᠭ᠋ᠠᠮᠵᠢᠯᠠᠭᠴᠢᠳ ᠵᠢᠴᠢ ᠠᠵᠢᠯ ᠡᠷᠬᠢᠯᠡᠭᠰᠡᠳ᠃
ᠲᠠᠪᠤ᠂ ᠤᠷᠤᠯᠳᠤᠭ᠋ᠠᠨ᠎ᠳᠤ ᠤᠷᠤᠯᠴᠠᠬᠤ ᠪᠦᠲᠦᠭᠡᠯ᠎ᠤᠨ ᠲᠥᠷᠥᠯ ᠵᠦᠢ᠍ᠯ
ᠮᠣᠩᠭᠣᠯ ᠦᠨᠳᠦᠰᠦᠲᠡᠨ᠎ᠤ ᠬᠠᠳᠬᠤᠮᠠᠯ᠎ᠤᠨ ᠪᠦᠲᠦᠭᠡᠯ᠂ ᠡᠬᠦᠨ᠎ᠳᠤ ᠭᠠᠷ ᠤᠷᠠᠯᠠᠯ᠎ᠤᠨ ᠪᠦᠲᠦᠭᠡᠭᠳᠡᠬᠦᠨ᠂ ᠬᠤᠪᠴᠠᠰᠤ ᠬᠤᠨᠠᠷ᠂ ᠡᠳᠦᠷ ᠲᠤᠲᠤᠮ᠎ᠤᠨ ᠡᠳ᠋ᠯᠡᠯ ᠬᠡᠷᠡᠭᠰᠡᠯ᠂ ᠵᠠᠰᠠᠯ ᠵᠢᠮᠰᠡᠭ ᠵᠡᠷᠭᠡ ᠪᠠᠭᠲᠠᠨ᠎ᠠ᠃
ᠵᠢᠷᠭᠤᠭ᠎ᠠ᠂ ᠪᠦᠲᠦᠭᠡᠯ᠎ᠤᠨ ᠱᠠᠭ᠋ᠠᠷᠳᠠᠯᠭ᠎ᠠ
(ᠨᠢᠭᠡ) ᠪᠣᠳᠠᠲᠤ ᠪᠦᠲᠦᠭᠡᠯ ᠵᠶ᠋ᠠᠨ ᠬᠠᠡᠭᠭ᠋ᠠᠵᠤ ᠤᠷᠤᠯᠳᠤᠭ᠋ᠠᠨ᠎ᠳᠤ ᠤᠷᠤᠯᠴᠠᠬᠤ ᠬᠡᠷᠡᠭᠲᠡᠶ᠂ ᠪᠦᠲᠦᠭᠡᠯ ᠳᠡᠭᠡᠷ᠎ᠡ ᠬᠤᠪᠢ ᠬᠥᠮᠦᠨ᠎ᠤ ᠮᠡᠳᠡᠭᠡ ᠵᠠᠩᠭᠢ ᠵᠢ ᠢᠯᠡᠷᠡᠭᠦᠯᠵᠦ ᠪᠣᠯᠬᠤ ᠦᠭᠡᠢ;
(ᠬᠣᠶᠠᠷ) ᠪᠦᠲᠦᠭᠡᠯ᠎ᠤᠨ ᠠᠭᠤᠯᠭ᠎ᠠ᠎ᠨᠢ ᠡᠷᠬᠡᠪᠰᠢ ᠡᠯ᠎ᠡ ᠭᠠᠵᠠᠷ᠎ᠤᠨ ᠬᠥᠭᠵᠢᠯᠲᠡ ᠬᠤᠪᠢᠷᠠᠯᠲᠠ ᠵᠢᠨ ᠦᠢ᠍ᠯᠡᠳᠦᠯᠭᠡ ᠵᠢ ᠲᠤᠰᠬᠠᠵᠤ᠂ ᠠᠷᠠᠳ ᠣᠯᠠᠨ᠎ᠤ ᠰᠠᠶ᠋ᠢᠨ ᠰᠠᠶ᠋ᠢᠬᠠᠨ ᠠᠮᠢᠳᠤᠷᠠᠯ ᠪᠠ ᠢᠳᠡᠪᠬᠢ ᠥᠭᠡᠳᠡᠷᠬᠡᠭ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠢᠯᠡᠷᠡᠭᠦᠯᠦᠨ᠂ ᠰᠢᠨ᠎ᠡ ᠴᠠᠭ ᠦᠶ᠎ᠡ ᠵᠢ ᠮᠠᠭᠲᠠᠨ ᠳᠠᠭᠤᠯᠠᠵᠦ᠂ ᠰᠢᠨ᠎ᠡ ᠴᠠᠭ ᠦᠶ᠎ᠡ ᠵᠢ ᠳᠦᠷᠰᠦᠯᠡᠨ ᠵᠢᠷᠤᠭᠯᠠᠭᠰᠠᠨ᠂ ᠦᠵᠡᠯ ᠰᠠᠨᠠᠭ᠎ᠠ᠎ᠨᠢ ᠡᠷᠡᠭᠦᠯ᠂ ᠢᠳᠡᠪᠬᠢ ᠥᠭᠡᠳᠡᠷᠬᠡᠭ ᠪᠠᠢ᠌ᠬᠤ ᠬᠡᠷᠡᠭᠲᠡᠶ;
(ᠭᠤᠷᠪᠠ) ᠪᠦᠲᠦᠭᠡᠯ᠎ᠨᠢ ᠣᠷᠣᠨ ᠨᠤᠲᠤᠭ᠎ᠤᠨ ᠣᠨᠴᠠᠯᠢᠭ᠎ᠲᠠᠢ ᠪᠠᠶ᠋ᠢᠵᠤ᠂ ᠦᠨᠳᠦᠰᠦᠲᠡᠨ᠎ᠤ ᠰᠣᠶᠣᠯ᠎ᠤᠨ ᠠᠭᠤᠯᠤᠭᠳᠠᠬᠤᠨ᠎ᠢ ᠢᠯᠡᠷᠡᠭᠦᠯᠬᠦ ᠬᠡᠷᠡᠭᠲᠡᠢ;
( ᠳᠦᠷᠪᠡ) ᠤᠯᠠᠮᠵᠢᠯᠠᠯ ᠪᠠ ᠴᠠᠭ᠎ᠤᠨ ᠤᠷᠤᠰᠬᠠᠯ᠎ᠢ ᠤᠶᠠᠯᠳᠤᠭᠤᠯᠤᠭᠰᠠᠨ ᠭᠠᠷ ᠤᠷᠠᠯᠠᠯ᠎ᠤᠨ ᠪᠦᠲᠦᠭᠡᠯ ᠪᠠᠢ᠌ᠬᠤ ᠬᠡᠷᠡᠭᠲᠡᠢ᠂ ᠵᠢᠷᠤᠭ ᠲᠥᠯᠥᠪᠯᠡᠭᠡ᠎ᠨᠢ ᠰᠢᠨ᠎ᠡ ᠰᠡᠪᠡᠭᠦᠨ᠂ ᠭᠤᠶᠤ ᠰᠠᠶ᠋ᠢᠬᠠᠨ᠂ ᠤᠷᠠᠯᠢᠭ᠎ᠤᠨ ᠴᠢᠨᠠᠷ ᠵᠶ᠋ᠠᠷ ᠪᠠᠶᠠᠯᠢᠭ ᠪᠠᠢ᠌ᠬᠤ ᠬᠡᠷᠡᠭᠲᠠᠢ;
(ᠲᠠᠪᠤ) ᠪᠦᠲᠦᠭᠡᠯ᠎ᠤᠨ ᠪᠦᠷᠢᠨ ᠪᠦᠲᠦᠨ ᠪᠠᠶ᠋ᠢᠬᠤ ᠵᠢ ᠪᠠᠲᠤᠯᠠᠬᠤ ᠬᠡᠷᠡᠭᠲᠠᠢ᠂ ᠬᠠᠭ᠋ᠠᠰ ᠪᠦᠲᠦᠭᠡᠭᠳᠡᠬᠦᠨ᠎ᠢ ᠭᠥᠯᠢᠶᠡᠨ ᠠᠪᠬᠤ ᠥᠬᠡᠶ᠂ ᠰᠤᠡᠭᠭᠤᠭᠳᠠᠭᠰᠠᠨᠤ ᠳᠠᠷᠠᠭ᠎ᠠ 《ᠳᠤᠮᠳᠠᠳᠤ ᠤᠯᠤᠰ᠎ᠤᠨ ᠬᠠᠳᠬᠤᠮᠠᠯᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠶᠡᠬᠡ ᠬᠤᠷᠠᠯ》᠎ᠤᠨ ᠵᠣᠬᠢᠶᠠᠨ ᠪᠠᠶ᠋ᠢᠭᠤᠯᠬᠤ ᠺᠣᠮᠢᠰ᠎ᠠᠴᠠ ᠲᠥᠪᠯᠡᠷᠡᠭᠦᠯᠦᠨ ᠳᠡᠯᠭᠡᠨ ᠦᠵᠡᠭᠦᠯᠦᠨ᠎ᠡ;
(ᠵᠢᠷᠭᠤᠭ᠎ᠠ) ᠤᠷᠤᠯᠳᠤᠭ᠋ᠠᠨ᠎ᠳᠤ ᠤᠷᠤᠯᠴᠠᠬᠤ ᠪᠦᠲᠦᠭᠡᠯ᠎ᠤᠨ ᠲᠣᠭ᠎ᠠ ᠵᠢ ᠬᠢᠵᠠᠭ᠋ᠠᠷᠯᠠᠬᠤ ᠥᠬᠡᠶ᠂ ᠡᠷᠬᠡᠪᠰᠢ ᠲᠣᠰ ᠬᠥᠮᠥᠨ᠎ᠤ ᠤᠭ ᠪᠦᠲᠦᠭᠡᠯ ᠪᠠᠢ᠌ᠬᠤ ᠬᠡᠷᠡᠭᠲᠡᠢ᠂ ᠪᠤᠰᠤᠳ᠎ᠤᠨ ᠬᠡᠪᠯᠡᠯ᠎ᠤᠨ ᠡᠷᠬᠡ ᠵᠢ ᠬᠠᠭᠤᠯᠵᠤ ᠪᠤᠯᠬᠤ ᠦᠭᠡᠢ᠂ ᠪᠤᠰᠤᠳ᠎ᠤᠨ ᠬᠡᠪᠯᠡᠯ᠎ᠤᠨ ᠡᠷᠬᠡ᠎ᠲᠠᠢ ᠬᠠᠯᠳᠠᠵᠤ ᠪᠣᠯᠬᠤ ᠥᠬᠡᠶ; ᠬᠡᠷᠪᠡ ᠪᠤᠰᠤᠳ᠎ᠤᠨ ᠪᠦᠲᠦᠭᠡᠯ᠎ᠢ ᠬᠠᠭᠤᠯᠬᠤ᠂ ᠨᠡᠢ᠌ᠯᠡᠬᠦᠯᠦᠨ ᠨᠠᠭ᠋ᠠᠬᠤ ᠦᠢ᠍ᠯᠡ ᠠᠵᠢᠯᠯᠠᠭ᠎ᠠ ᠭᠠᠷᠤᠭ᠋ᠠᠳ ᠰᠢᠯᠭ᠋ᠠᠨ ᠲᠤᠲᠤᠯᠠᠪᠠᠯ ᠰᠢᠯᠭ᠋ᠠᠨ ᠦᠨᠡᠯᠡᠬᠦ ᠳᠤ ᠣᠷᠣᠯᠴᠠᠬᠤ ᠬᠢᠷᠢ ᠬᠡᠮ᠎ᠢ᠎ᠨᠢ ᠬᠦᠴᠦᠨ ᠥᠬᠡᠶ ᠪᠣᠯᠭ᠋ᠠᠨ᠎ᠠ; ᠬᠤᠯᠪᠤᠭᠳᠠᠯ ᠪᠦᠬᠦᠢ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠤᠯᠢ ᠵᠢᠨ ᠵᠢᠭᠤᠷᠠᠯᠳᠤᠭ᠋ᠠᠨ ᠵᠢᠴᠢ ᠬᠠᠷᠢᠭᠤᠴᠠᠯᠭ᠎ᠠ ᠵᠢ ᠴᠥᠮ ᠲᠣᠰ ᠬᠥᠮᠦᠨ ᠥᠪᠡᠷ ᠵᠶ᠋ᠠᠨ ᠡᠭᠦᠷᠭᠡᠯᠡᠨ᠎ᠡ᠃
ᠳᠣᠯᠣᠭ᠎ᠠ᠂ ᠨᠡᠷ᠎ᠡ ᠮᠡᠳᠡᠭᠦᠯᠬᠦ ᠴᠠᠭ ᠵᠢᠴᠢ ᠤᠷᠤᠯᠳᠤᠭ᠋ᠠᠨ᠎ᠤ ᠴᠠᠭ᠄
1. ᠨᠡᠷ᠎ᠡ ᠮᠡᠳᠡᠭᠦᠯᠬᠦ ᠴᠠᠭ᠄ ᠲᠣᠰ ᠡᠳᠦᠷ᠎ᠠᠴᠠ 2019 ᠤᠨ᠎ᠤ 7 ᠳ᠋ᠤᠭ᠋ᠠᠷ ᠰᠠᠷ᠎ᠠ ᠵᠢᠨ 15᠎ᠤ ᠡᠳᠦᠷ ᠪᠣᠯᠲᠠᠯ᠎ᠠ
2. ᠰᠢᠯᠭ᠋ᠠᠷᠠᠭᠤᠯᠬᠤ ᠴᠠᠭ᠄ 7 ᠳ᠋ᠤᠭ᠋ᠠᠷ ᠰᠠᠷ᠎ᠠ ᠵᠢᠨ 19᠎ᠤ ᠡᠳᠦᠷ — 21᠎ᠤ ᠡᠳᠦᠷ
3. ᠦᠵᠡᠭᠦᠯᠦᠯᠭᠡ ᠵᠢᠨ ᠴᠠᠭ᠄ 《ᠳᠤᠮᠳᠠᠳᠤ ᠤᠯᠤᠰ ᠤᠨ ᠬᠠᠳᠬᠤᠮᠠᠯᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠶᠡᠬᠡ ᠬᠤᠷᠠᠯ》᠎ᠤᠨ ᠬᠤᠭᠤᠴᠠᠭ᠋ᠠᠨ᠎ᠳᠤ
ᠨᠠᠢ᠍ᠮᠠ᠂ ᠰᠢᠯᠭ᠋ᠠᠷᠠᠭᠤᠯᠬᠤ ᠠᠷᠭ᠎ᠠ
(ᠨᠢᠭᠡ) ᠰᠢᠯᠭ᠋ᠠᠷᠠᠭᠤᠯᠬᠤ ᠠᠷᠭ᠎ᠠ
1. ᠰᠢᠯᠭ᠋ᠠᠷᠠᠭᠤᠯᠬᠤ ᠺᠣᠮᠢᠰ᠎ᠤᠨ ᠭᠡᠰᠢᠭᠦᠨ᠄ ᠮᠣᠩᠭᠣᠯ ᠦᠨᠳᠦᠰᠦᠲᠡᠨ᠎ᠤ ᠬᠠᠳᠬᠤᠮᠠᠯ᠎ᠤᠨ ᠬᠠᠮᠢᠶ᠎ᠠ ᠪᠦᠬᠦᠢ ᠲᠥᠯᠥᠭᠡᠯᠡᠬᠦ ᠴᠢᠨᠠᠷᠲᠠᠶ ᠵᠠᠯᠭ᠋ᠠᠮᠵᠢᠯᠠᠭᠴᠢ ᠵᠢᠴᠢ ᠰᠤᠳᠤᠯᠭ᠋ᠠᠲᠠᠨ ᠵᠶ᠋ᠠᠷ ᠪᠦᠷᠢᠯᠳᠦᠨ᠎ᠡ᠃
2. ᠰᠢᠯᠭ᠋ᠠᠷᠠᠭᠤᠯᠬᠤ ᠠᠷᠭ᠎ᠠ ᠮᠠᠶᠢᠭ᠄
(1) ᠪᠦᠲᠦᠭᠡᠯ᠎ᠨᠢ ᠤᠷᠤᠯᠳᠤᠭ᠋ᠠᠨ᠎ᠤ ᠭᠣᠤᠯ ᠰᠡᠳᠦᠪ᠎ᠲᠠᠢ ᠠᠪᠴᠠᠯᠳᠤᠬᠤ ᠡᠰᠡᠬᠦ ᠵᠢᠴᠢ ᠪᠦᠲᠦᠭᠡᠯ᠎ᠤᠨ ᠦᠵᠡᠯ ᠤᠬᠠᠮᠰᠠᠷ᠎ᠤᠨ ᠬᠡᠯᠪᠡᠷᠢ᠂ ᠤᠷ᠎ᠠ ᠮᠡᠷᠭᠡᠵᠢᠯ᠂ ᠥᠩᠭᠡ ᠲᠤᠬᠢᠷᠠᠭᠤᠯᠤᠯᠲᠠ᠂ ᠵᠢᠷᠤᠭ᠎ᠤᠨ ᠪᠦᠲᠦᠴᠡ ᠵᠡᠷᠭᠡ ᠵᠢ ᠦᠨᠳᠦᠰᠦᠯᠡᠨ᠂ ᠭᠠᠵᠠᠷ ᠣᠷᠣᠨ᠎ᠤ ᠣᠨᠴᠠᠯᠢᠭ᠎ᠢ ᠳᠣᠪᠣᠶ᠋ᠢᠯᠭ᠋ᠠᠬᠤ᠂ ᠦᠨᠳᠦᠰᠦᠲᠡᠨ᠎ᠤ ᠰᠣᠶᠣᠯ᠎ᠤᠨ ᠠᠭᠤᠯᠤᠭᠳᠠᠬᠤᠨ᠎ᠢ ᠢᠯᠡᠷᠡᠭᠦᠯᠬᠦ ᠵᠡᠷᠭᠡ ᠲᠠᠯ᠎ᠠ᠎ᠪᠠᠷ ᠰᠢᠯᠭ᠋ᠠᠷᠠᠭᠤᠯᠤᠨ᠎ᠠ᠂ ᠳᠦᠷᠢᠮ ᠢ ᠠᠰᠲᠠᠭ᠋ᠠᠨ ᠲᠣᠭᠲᠠᠭ᠋ᠠᠨ᠎ᠠ᠃
(2) 2019 ᠤᠨ᠎ᠤ 《ᠥᠪᠥᠷ ᠮᠣᠩᠭᠣᠯ᠎ᠤᠨ ᠬᠠᠮᠤᠭ᠎ᠤᠨ ᠭᠤᠶᠤ ᠤᠷᠠᠨ ᠬᠠᠳᠬᠤᠮᠠᠯᠴᠢᠨ ᠠᠪᠠᠬᠠᠢ》 ᠵᠢ ᠰᠢᠯᠭ᠋ᠠᠷᠠᠭᠤᠯᠬᠤ ᠤᠷᠤᠯᠳᠤᠭ᠋ᠠᠨ᠎ᠳᠤ ᠰᠤᠡᠭᠭᠤᠭᠳᠠᠭᠰᠠᠨ ᠪᠦᠲᠦᠭᠡᠯ᠎ᠢ ᠤᠷᠢᠳᠠᠪᠠᠷ ᠰᠢᠯᠭ᠋ᠠᠷᠠᠭᠤᠯᠤᠨ᠎ᠠ᠃
3. ᠰᠢᠯᠭ᠋ᠠᠷᠠᠭᠤᠯᠤᠭᠰᠠᠨ ᠦᠷ᠎ᠡ ᠳ᠋ᠦᠩ᠄
(1) ᠱᠠᠩᠨᠠᠯ ᠬᠦᠷᠲᠡᠭᠰᠡᠨ ᠪᠦᠲᠦᠭᠡᠯ᠎ᠢ ᠨᠢᠭᠡᠳᠦᠯᠲᠡᠶ ᠴᠠᠷᠳᠠᠵᠤ 《ᠳᠤᠮᠳᠠᠳᠤ ᠤᠯᠤᠰ ᠤᠨ ᠬᠠᠳᠬᠤᠮᠠᠯ ᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠶᠡᠬᠡ ᠬᠤᠷᠠᠯ》᠎ᠤᠨ ᠬᠤᠭᠤᠴᠠᠭ᠋ᠠᠨ᠎ᠳᠤ ᠲᠥᠪᠯᠡᠷᠡᠭᠦᠯᠦᠨ ᠦᠵᠡᠬᠦᠯᠦᠨ᠎ᠡ;
(2) ᠬᠡᠰᠡᠭ ᠰᠢᠯᠢᠳᠡᠭ ᠵᠢᠷᠤᠭᠯᠠᠨ ᠲᠦᠯᠦᠪᠯᠡᠵᠦ᠂ ᠦᠢ᠍ᠯᠡᠳᠦᠨ ᠬᠢᠭᠰᠡᠨ ᠬᠥᠮᠦᠰ᠎ᠢ ᠤᠷᠢᠵᠤ ᠲᠤᠬᠠᠶ ᠵᠢᠨ ᠲᠠᠯᠠᠪᠠᠢ ᠵᠢᠨ ᠳᠡᠯᠭᠡᠨ ᠦᠵᠡᠭᠦᠯᠦᠯᠭᠡ᠎ᠳᠤ ᠣᠷᠣᠯᠴᠠᠭᠤᠯᠵᠤ᠂ ᠣᠷᠣᠨ᠎ᠤ ᠳᠣᠲᠣᠷ᠎ᠠ ᠭᠠᠳᠠᠨᠠᠬᠢ ᠲᠡᠷᠢᠭᠦᠨ᠎ᠤ ᠵᠢᠷᠤᠭᠯᠠᠨ ᠲᠥᠯᠥᠪᠯᠡᠬᠦ᠂ ᠪᠣᠷᠣᠯᠠᠭᠤᠯᠬᠤ ᠪᠦᠯᠬᠦᠮ᠎ᠲᠠᠢ ᠬᠠᠪᠰᠤᠷᠤᠨ ᠵᠣᠯᠭ᠋ᠠᠭᠤᠯᠵᠤ᠂ ᠬᠥᠭᠵᠢᠨ ᠪᠤᠵᠠᠭ᠋ᠠᠶ᠋ᠢᠷᠠᠬᠤ ᠵᠢ ᠠᠬᠢᠭᠤᠯᠤᠨ᠎ᠠ᠃
(ᠬᠣᠶᠠᠷ) ᠬᠦᠬᠢᠬᠦᠯᠦᠨ ᠱᠠᠩᠨᠠᠬᠤ ᠠᠷᠭ᠎ᠠ
1. ᠱᠠᠩᠨᠠᠯ᠎ᠤᠨ ᠵᠦᠢ᠍ᠯ᠎ᠤᠨ ᠪᠠᠶ᠋ᠢᠷᠢᠯᠠᠭᠤᠯᠤᠯᠲᠠ᠄ ᠤᠷᠤᠯᠳᠤᠭ᠋ᠠᠨ᠎ᠳᠤ ᠵᠢᠷᠤᠭᠯᠠᠨ ᠲᠦᠯᠦᠪᠯᠡᠬᠦ ᠠᠷᠭ᠎ᠠ᠂ ᠪᠤᠳᠤᠭ ᠲᠣᠬᠢᠷᠠᠭᠤᠯᠬᠤ᠂ ᠵᠢᠷᠤᠭ ᠲᠥᠰᠦᠪᠯᠡᠬᠦ ᠬᠡᠬᠦ ᠭᠤᠷᠪᠠᠨ ᠰᠢᠯᠭ᠋ᠠᠷᠠᠭᠤᠯᠤᠯᠲᠠ ᠵᠢᠨ ᠲᠥᠷᠥᠯ᠎ᠢ ᠲᠣᠬᠢᠷᠠᠭᠤᠯᠵᠤ᠂ ᠲᠦᠷᠦᠯ ᠪᠦᠷᠢ᠎ᠳᠤ ᠨᠢᠭᠡᠳᠦᠭᠡᠷ ᠲᠡᠰ᠎ᠤᠨ ᠱᠠᠩᠨᠠᠯ᠎ᠢ ᠲᠣᠰ ᠪᠦᠷᠢ 3 ᠨᠡᠷ᠎ᠡ (ᠨᠡᠶ᠋ᠢᠲᠡ 9 ᠨᠡᠷ᠎ᠡ)᠂ ᠬᠣᠶᠠᠳᠤᠭ᠋ᠠᠷ ᠲᠡᠰ᠎ᠤᠨ ᠱᠠᠩᠨᠠᠯ᠎ᠢ ᠲᠣᠰ ᠪᠦᠷᠢ 6 ᠨᠡᠷ᠎ᠡ (ᠨᠡᠶ᠋ᠢᠲᠡ 18 ᠨᠡᠷ᠎ᠡ)᠂ ᠭᠤᠷᠪᠠᠳᠤᠭ᠋ᠠᠷ ᠲᠡᠰ᠎ᠤᠨ ᠱᠠᠩᠨᠠᠯ᠎ᠢ ᠲᠣᠰ ᠪᠦᠷᠢ 9 ᠨᠡᠷ᠎ᠡ (ᠨᠡᠶ᠋ᠢᠲᠡ 27 ᠨᠡᠷ᠎ᠡ) ᠲᠣᠬᠢᠷᠠᠭᠤᠯᠤᠨ᠎ᠠ᠃ ᠡᠭᠦᠨ᠎ᠤ ᠬᠠᠮᠲᠤ ᠰᠢᠯᠢᠳᠡᠭ ᠪᠦᠲᠦᠭᠡᠯ᠎ᠤᠨ ᠱᠠᠩᠨᠠᠯ (ᠨᠡᠶ᠋ᠢᠲᠡ 36 ᠬᠥᠮᠦᠨ)᠂ ᠰᠢᠯᠢᠳᠡᠭ ᠵᠣᠬᠢᠶᠠᠨ ᠪᠠᠶ᠋ᠢᠭᠤᠯᠤᠯᠲᠠ ᠵᠢᠨ ᠱᠠᠩᠨᠠᠯ᠎ᠢ ᠡᠳᠦᠶ ᠲᠡᠳᠦᠶ ᠲᠣᠬᠢᠷᠠᠭᠤᠯᠵᠠᠢ᠃ 2. ᠬᠦᠬᠢᠬᠦᠯᠦᠨ ᠱᠠᠩᠨᠠᠬᠤ ᠠᠷᠭ᠎ᠠ᠄ ᠣᠶᠤᠨ ᠰᠠᠨᠠᠭ᠋ᠠᠨ᠎ᠤ ᠵᠣᠷᠢᠭᠵᠢᠭᠤᠯᠤᠯ ᠵᠶ᠋ᠠᠷ ᠭᠣᠤᠯ ᠪᠣᠯᠭ᠋ᠠᠬᠤ᠂ ᠡᠳ᠋ ᠪᠣᠳᠠᠰ ᠵᠶ᠋ᠠᠷ ᠱᠠᠩᠨᠠᠬᠤ᠎ᠪᠠᠷ ᠬᠠᠪᠰᠤᠷᠤᠮᠵᠢ ᠪᠣᠯᠭ᠋ᠠᠬᠤ ᠵᠠᠷᠴᠢᠮ᠎ᠢ ᠪᠠᠷᠢᠮᠲᠠᠯᠠᠵᠤ᠂ ᠨᠢᠭᠡᠳᠦᠭᠡᠷ ᠲᠡᠰ᠎ᠤᠨ ᠱᠠᠩᠨᠠᠯ᠎ᠳᠤ 1000 ᠲᠥᠭᠥᠷᠢᠭ᠎ᠤᠨ ᠥᠷᠲᠡᠭ᠎ᠲᠠᠢ ᠱᠠᠩᠨᠠᠯ᠂ ᠬᠣᠶᠠᠳᠤᠭ᠋ᠠᠷ ᠲᠡᠰ᠎ᠤᠨ ᠱᠠᠩᠨᠠᠯ᠎ᠳᠤ 800 ᠲᠥᠭᠥᠷᠢᠭ᠎ᠤᠨ ᠥᠷᠲᠡᠭ᠎ᠲᠠᠢ ᠱᠠᠩᠨᠠᠯ᠂ ᠭᠤᠷᠪᠠᠳᠤᠭ᠋ᠠᠷ ᠲᠡᠰ᠎ᠤᠨ ᠱᠠᠩᠨᠠᠯ᠎ᠳᠤ 500 ᠲᠥᠭᠥᠷᠢᠭ᠎ᠤᠨ ᠥᠷᠲᠡᠭ᠎ᠲᠠᠢ ᠱᠠᠩᠨᠠᠯ᠂ ᠰᠢᠯᠢᠳᠡᠭ ᠪᠦᠲᠦᠭᠡᠯ᠎ᠤᠨ ᠱᠠᠩᠨᠠᠯ᠎ᠳᠤ 300 ᠲᠥᠭᠥᠷᠢᠭ᠎ᠤᠨ ᠥᠷᠲᠡᠭ᠎ᠲᠠᠢ ᠱᠠᠩᠨᠠᠯ ᠣᠯᠭᠣᠬᠤ ᠵᠢᠨ ᠬᠠᠮᠲᠤ ᠱᠠᠡᠭᠨᠠᠯ ᠬᠦᠷᠲᠡᠭᠰᠡᠨ ᠬᠤᠪᠢ ᠬᠥᠮᠦᠨ ᠵᠢᠴᠢ ᠬᠠᠮᠲᠤ ᠨᠢᠭᠡᠴᠢ᠎ᠳᠤ ᠢᠷᠠᠭᠤ ᠠᠯᠳᠠᠷ᠎ᠤᠨ ᠦᠨᠡᠮᠯᠡᠯ ᠣᠯᠭᠣᠨ᠎ᠠ᠃
ᠶᠢᠰᠦ᠂ ᠬᠣᠯᠪᠣᠭᠳᠠᠯ ᠪᠦᠬᠦᠢ ᠵᠦᠢ᠍ᠯᠡᠰ
(ᠨᠢᠭᠡ) ᠨᠡᠷ᠎ᠡ ᠮᠡᠳᠡᠭᠦᠯᠬᠦ ᠮᠠᠲ᠋ᠧᠷᠢᠶᠠᠯ᠄ ᠪᠦᠲᠦᠭᠡᠯ᠎ᠤᠨ ᠨᠡᠷ᠎ᠡ ᠮᠡᠳᠡᠭᠦᠯᠬᠦ ᠬᠦᠰᠦᠨᠦᠭᠲᠦ᠂ ᠪᠣᠳᠠᠲᠤ ᠡᠳ᠋᠎ᠤᠨ ᠤᠭ ᠮᠠᠲ᠋ᠧᠷᠢᠶᠠᠯ ᠵᠡᠷᠭᠡ;
(ᠬᠣᠶᠠᠷ) ᠨᠡᠷ᠎ᠡ ᠮᠡᠳᠡᠭᠦᠯᠬᠦ ᠠᠷᠭ᠎ᠠ ᠮᠠᠶᠢᠭ᠄
1. ᠡᠯ᠎ᠡ ᠠᠶ᠋ᠢᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠎ᠠᠴᠠ ᠬᠤᠷᠢᠶᠠᠩᠭᠤᠶ᠋ᠢᠯᠠᠭᠰᠠᠨ᠎ᠤ ᠳᠠᠷᠠᠭ᠎ᠠ ᠨᠢᠭᠡᠳᠦᠯᠲᠡᠶ ᠮᠡᠳᠡᠭᠦᠯᠦᠨ ᠬᠦᠷᠭᠡᠨ᠎ᠡ;
2. ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠡᠯᠸᠺᠲᠷᠤᠨ ᠬᠡᠪᠯᠡᠯ᠎ᠢ ᠨᠡᠢ᠌ᠯᠡᠬᠦᠯᠦᠭᠰᠡᠨᠤ ᠳᠠᠷᠠᠭ᠎ᠠ ᠳᠤᠤᠷᠠᠬᠢ ᠢᠮᠸᠯ᠎ᠤᠨ ᠬᠠᠢ᠌ᠷᠴᠠᠭ᠎ᠲᠤ ᠨᠢᠭᠡᠳᠦᠯᠲᠠᠢ ᠶᠠᠪᠤᠭᠤᠯᠤᠨ᠎ᠠ᠄ mgzcxds@163.com;
3. ᠤᠷᠤᠯᠳᠤᠭ᠋ᠠᠨ᠎ᠳᠤ ᠤᠷᠤᠯᠴᠠᠭᠰᠠᠨ ᠪᠣᠳᠠᠲᠤ ᠶᠠᠭᠤᠮ᠎ᠠ ᠵᠢ ᠡᠯ᠎ᠡ ᠠᠶ᠋ᠢᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠎ᠠᠴᠠ ᠬᠤᠷᠢᠶᠠᠩᠭᠤᠶ᠋ᠢᠯᠠᠭᠰᠠᠨ᠎ᠤ ᠳᠠᠷᠠᠭ᠎ᠠ 7 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠮᠦᠨ᠎ᠡ ᠳᠤᠤᠷᠠᠬᠢ ᠬᠠᠶᠢᠭ ᠵᠶ᠋ᠠᠷ ᠰᠢᠤᠳᠠᠨ ᠵᠶ᠋ᠠᠷ ᠢᠯᠡᠭᠡᠨ᠎ᠡ᠄ ᠬᠦᠬᠡᠬᠤᠲᠠ ᠵᠢᠨ ᠰᠠᠶ᠋ᠢᠬᠠᠨ ᠲᠣᠭᠣᠷᠢᠭ᠎ᠤᠨ ᠵᠠᠨ ᠳ᠋ᠦᠩ ᠵᠠᠮ᠎ᠤᠨ 31 ᠳ᠋ᠤᠭᠡᠷ ᠨᠣᠮᠧᠷᠲᠤ᠎ᠬᠢ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠤ ᠶᠡᠷᠦᠩᠬᠡᠶ᠋ᠢᠯᠡᠭᠰᠡᠨ ᠠᠯᠪᠠᠨ ᠠᠰᠠᠷ᠂ ᠬᠠᠷᠢᠯᠴᠠᠬᠤ ᠬᠥᠮᠦᠨ᠄ ᠱ᠌ᠢ ᠬᠤᠢ᠂ ᠬᠠᠷᠢᠯᠴᠠᠬᠤ ᠤᠲᠠᠰᠤ᠄ 0471 — 4910109᠂ 18686022860᠃
(ᠭᠤᠷᠪᠠ) ᠰᠤᠡᠭᠭᠤᠭᠳᠠᠭᠰᠠᠨ ᠪᠦᠲᠦᠭᠡᠯ᠎ᠤᠨ 《ᠳᠤᠮᠳᠠᠳᠤ ᠤᠯᠤᠰ ᠤᠨ ᠬᠠᠳᠬᠤᠮᠠᠯᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠶᠡᠬᠡ ᠬᠤᠷᠠᠯ》᠎ᠳᠤ ᠣᠷᠣᠯᠴᠠᠬᠤ ᠬᠠᠮᠢᠶ᠎ᠠ ᠪᠦᠬᠦᠢ ᠶᠠᠪᠤᠳᠠᠯ᠎ᠢ ᠠᠰ ᠲᠤᠨᠢ ᠮᠡᠳᠡᠭᠳᠡᠨ᠎ᠡ᠃
(ᠳᠦᠷᠪᠡ) ᠤᠷᠤᠯᠳᠤᠭ᠋ᠠᠨ᠎ᠳᠤ ᠤᠷᠤᠯᠴᠠᠭᠰᠠᠨ ᠪᠦᠲᠦᠭᠡᠯ᠎ᠤᠳ᠎ᠢ 8 ᠳ᠋ᠤᠭ᠋ᠠᠷ ᠰᠠᠷ᠎ᠠ ᠵᠢᠨ ᠳᠤᠮᠳᠠᠴᠢ᠎ᠪᠠᠷ ᠬᠦᠳᠡᠯᠭᠡᠭᠡᠨ ᠳᠠᠭᠤᠰᠤᠭᠰᠠᠨ᠎ᠤ ᠳᠠᠷᠠᠭ᠎ᠠ ᠮᠡᠳᠡᠭᠦᠯᠦᠨ ᠬᠦᠷᠭᠡᠭᠰᠡᠨ ᠨᠢᠭᠡᠴᠢ᠎ᠳᠤ ᠰᠢᠤᠳᠠᠨ ᠵᠶ᠋ᠠᠷ ᠨᠢᠭᠡᠳᠦᠯᠲᠡᠶ ᠪᠤᠴᠠᠭ᠋ᠠᠵᠤ ᠢᠯᠡᠭᠡᠬᠦ ᠵᠢᠨ ᠬᠠᠮᠲᠤ ᠤᠷᠤᠯᠳᠤᠭ᠋ᠠᠨ᠎ᠳᠤ ᠤᠷᠤᠯᠴᠠᠭᠰᠠᠳ᠎ᠤᠨ ᠪᠦᠲᠦᠭᠡᠯ ᠵᠶ᠋ᠠᠨ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠪᠡᠯᠡᠭᠯᠡᠨ ᠬᠦᠷᠭᠡᠬᠦ ᠵᠢ ᠵᠤᠷᠢᠭᠵᠢᠭᠤᠯᠤᠨ᠎ᠠ᠃ ᠪᠡᠯᠡᠭᠯᠡᠭᠰᠡᠨ ᠪᠦᠲᠦᠭᠡᠯ᠎ᠢ ᠬᠣᠯᠪᠣᠭᠳᠠᠯ ᠪᠦᠬᠦᠢ ᠭᠠᠳᠠᠭ᠋ᠠᠳᠤ ᠦᠵᠡᠭᠦᠯᠦᠯᠭᠡ ᠵᠢᠨ ᠬᠦᠳᠡᠯᠭᠡᠭᠡᠨ ᠳᠤᠮᠳᠠ ᠨᠡᠷ᠎ᠡ ᠵᠢ᠎ᠨᠢ ᠬᠠᠳᠠᠵᠤ ᠳᠡᠯᠬᠡᠨ ᠦᠵᠡᠬᠦᠯᠦᠨ᠎ᠡ᠃
(ᠲᠠᠪᠤ) ᠤᠷᠤᠯᠳᠤᠭ᠋ᠠᠨ᠎ᠳᠤ ᠤᠷᠤᠯᠴᠠᠪᠠᠯ ᠳᠠᠷᠤᠢ ᠳᠡᠭᠡᠷᠡᠬᠢ ᠨᠥᠬᠥᠴᠡᠯ᠎ᠢ ᠵᠥᠪᠰᠢᠶᠡᠷᠡᠵᠦ ᠪᠠᠶ᠋ᠢᠬᠤ᠎ᠪᠠᠨ ᠢᠯᠡᠳᠬᠡᠵᠦ ᠪᠠᠢ᠌ᠨ᠎ᠠ᠂ ᠲᠣᠰ ᠤᠳᠠᠭ᠋ᠠᠨ᠎ᠤ ᠤᠷᠤᠯᠳᠤᠭ᠋ᠠᠨ᠎ᠤ ᠬᠠᠮᠤᠭ᠎ᠤᠨ ᠡᠴᠦᠰ᠎ᠤᠨ ᠲᠠᠶ᠋ᠢᠯᠪᠤᠷᠢᠯᠠᠬᠤ ᠡᠷᠬᠡ ᠭᠤᠤᠯᠯᠠᠨ ᠡᠷᠬᠢᠯᠡᠭᠰᠡᠨ ᠨᠢᠭᠡᠴᠢ᠎ᠳᠤ ᠥᠮᠴᠢᠯᠡᠭᠳᠡᠨ᠎ᠡ᠃
ᠳᠠᠭ᠋ᠠᠯᠳᠤᠭᠤᠯᠤᠯ᠄
1. ᠨᠡᠷ᠎ᠡ ᠮᠡᠳᠡᠭᠦᠯᠬᠦ ᠬᠤᠷᠢᠶᠠᠩᠭᠤᠶ ᠬᠦᠰᠦᠨᠦᠭᠲᠦ (ᠦᠯᠢᠭᠡᠷ ᠬᠦᠰᠦᠨᠦᠭᠲᠦ)
2. ᠪᠦᠬᠦ ᠣᠷᠣᠨ᠎ᠤ ᠮᠣᠩᠭᠣᠯ ᠦᠨᠳᠦᠰᠦᠲᠡᠨ᠎ᠤ ᠬᠠᠳᠬᠤᠮᠠᠯ᠎ᠤᠨ ᠤᠷᠤᠯᠳᠤᠭ᠋ᠠᠨ᠎ᠤ ᠪᠦᠲᠦᠭᠡᠯ᠎ᠤᠨ ᠨᠡᠷ᠎ᠡ ᠮᠡᠳᠡᠭᠦᠯᠬᠦ ᠬᠦᠰᠦᠨᠦᠭᠲᠦ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠰᠣᠶᠣᠯ ᠪᠠ ᠵᠢᠭᠤᠯᠴᠢᠯᠠᠯ᠎ᠤᠨ ᠲᠢᠩᠬᠢᠮ
2019᠎ᠤᠨ 7 ᠰᠠᠷ᠎ᠠ ᠵᠢᠨ 1᠎ᠤ ᠡᠳᠦᠷ
* ᠨᠠᠷᠢᠨ ᠠᠭᠤᠯᠭ᠎ᠠ ᠵᠢ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠬᠢᠳᠠᠳ ᠰᠦᠯᠵᠢᠶᠡᠨ᠎ᠠᠴᠠ ᠦᠵᠡᠭᠡᠷᠡᠢ!