ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠳᠡᠭᠡᠳᠦ ᠵᠡᠷᠭᠡ ᠵᠢᠨ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠲᠤ᠄
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ ᠵᠢᠨ ᠲᠤᠰᠠᠳᠠ᠂ ᠮᠠᠨ᠎ᠤ ᠲᠢᠩᠬᠢᠮ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶ᠋ᠢᠭᠤᠯᠬᠤ᠎ᠪᠠᠷ ᠲᠣᠭᠲᠠᠵᠤ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠡᠯᠰᠡᠨ ᠴᠤᠭᠯᠠᠭᠤᠯᠬᠤ ᠬᠡᠪᠴᠢᠶ᠎ᠡ
ᠲᠣᠰ ᠤᠳᠠᠭ᠋ᠠᠨ᠎ᠤ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠶ ᠮᠡᠷᠭᠡᠵᠢᠯᠲᠡᠨ᠎ᠢ ᠨᠡᠢ᠌ᠭᠡᠮ ᠨᠡᠢ᠍ᠢ᠍ᠲᠡ᠎ᠠᠴᠠ ᠢᠯᠡ᠎ᠪᠠᠷ ᠡᠯᠰᠡᠨ᠎ᠡ᠃ ᠭᠣᠤᠯᠳᠠᠭᠤ ᠡᠯ᠎ᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠴᠢ ᠬᠣᠯᠪᠣᠭᠳᠠᠯ ᠪᠦᠬᠦᠢ ᠨᠢᠭᠡᠴᠢ ᠵᠢᠨ ᠳᠣᠲᠣᠷ᠎ᠠ᠎ᠠᠴᠠ ᠪᠠᠲᠤᠯᠠᠨ ᠲᠠᠨᠢᠯᠴᠠᠭᠤᠯᠤᠨ᠎ᠠ᠃ ᠣᠷᠣᠨ᠎ᠤ ᠳᠣᠲᠣᠷᠠᠬᠢ ᠲᠤᠰᠬᠠᠶ ᠮᠡᠷᠭᠡᠵᠢᠯᠲᠡᠳ᠎ᠢ ᠲᠤᠰᠬᠠᠶ ᠮᠡᠷᠭᠡᠵᠢᠯᠲᠡᠨ᠎ᠤ ᠪᠠᠢ᠌ᠭ᠎ᠠ ᠨᠢᠭᠡᠴᠢ᠎ᠠᠴᠠ ᠵᠣᠬᠢᠶᠠᠨ ᠪᠠᠶ᠋ᠢᠭᠤᠯᠤᠨ ᠮᠡᠳᠡᠭᠦᠯᠵᠦ᠂ ᠨᠢᠭᠡᠳᠦᠯᠲᠡᠶ ᠲᠠᠨᠢᠯᠴᠠᠭᠤᠯᠬᠤ ᠬᠡᠷᠡᠭᠲᠡᠶ᠃ ᠣᠷᠣᠨ᠎ᠤ ᠭᠠᠳᠠᠨᠠᠬᠢ ᠲᠤᠰᠬᠠᠶ ᠮᠡᠷᠭᠡᠵᠢᠯᠲᠡᠳ ᠥᠪᠡᠷᠲᠡᠭᠡᠨ ᠮᠡᠳᠡᠭᠦᠯᠵᠦ ᠪᠣᠯᠤᠨ᠎ᠠ (ᠮᠡᠷᠭᠡᠵᠢᠯ᠎ᠤᠨ ᠴᠣᠯᠠ᠂ ᠲᠤᠰᠢᠶᠠᠯ ᠵᠡᠷᠭᠡ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠵᠶ᠋ᠠᠨ ᠪᠦᠷᠢᠳᠦᠭᠦᠯᠬᠦ ᠴᠢᠬᠤᠯᠠᠲᠠᠶ)᠃
ᠬᠣᠶᠠᠷ᠂ ᠲᠤᠰᠬᠠᠶ ᠮᠡᠷᠭᠡᠵᠢᠯᠲᠡᠨ᠎ᠤ ᠲᠥᠷᠥᠯ ᠢᠯᠭ᠋ᠠᠯ
ᠲᠤᠰᠬᠠᠶ ᠮᠡᠷᠭᠡᠵᠢᠯᠲᠡᠨ᠎ᠢ ᠭᠣᠤᠯᠳᠠᠭᠤ ᠲᠤᠰᠬᠠᠶ ᠮᠡᠷᠭᠡᠵᠢᠯ᠎ᠤᠨ ᠲᠥᠷᠥᠯ᠂ ᠬᠠᠮᠢᠶᠠᠷᠤᠯᠲᠠ ᠵᠢᠨ ᠲᠥᠷᠥᠯ᠎ᠤᠨ ᠲᠤᠰᠬᠠᠶ ᠮᠡᠷᠭᠡᠵᠢᠯᠲᠡᠨ ᠭᠡᠵᠦ ᠬᠤᠪᠢᠶᠠᠳᠠᠭ᠃ ᠲᠤᠰᠬᠠᠶ ᠮᠡᠷᠭᠡᠵᠢᠯᠲᠡᠨ ᠦᠨᠳᠦᠰᠦᠨ ᠨᠥᠬᠥᠴᠡᠯ᠎ᠳᠤ ᠨᠡᠶ᠋ᠢᠴᠡᠬᠦ᠎ᠠᠴᠠ ᠭᠠᠳᠠᠨ᠎ᠠ ᠪᠠᠰᠠ ᠳᠣᠤᠷᠠᠬᠢ ᠲᠤᠰᠬᠠᠶ ᠮᠡᠷᠭᠡᠵᠢᠯ᠎ᠤᠨ ᠨᠥᠬᠥᠴᠡᠯ᠎ᠳᠤ ᠨᠡᠶ᠋ᠢᠴᠡᠭᠰᠡᠨ ᠪᠠᠢ᠌ᠬᠤ ᠬᠡᠷᠡᠭᠲᠡᠶ᠄ (ᠨᠢᠭᠡ) ᠲᠤᠰᠬᠠᠶ ᠮᠡᠷᠭᠡᠵᠢᠯ᠎ᠤᠨ ᠲᠥᠷᠥᠯ᠎ᠤᠨ ᠲᠤᠰᠬᠠᠶ ᠮᠡᠷᠭᠡᠵᠢᠯᠲᠡᠨ
1. ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠵᠢᠴᠢ ᠠᠵᠢᠯ ᠦᠢ᠍ᠯᠡᠰ᠎ᠤᠨ ᠨᠢᠭᠡᠴᠢ ᠵᠢᠨ ᠲᠤᠰᠬᠠᠶ ᠮᠡᠷᠭᠡᠵᠢᠯ᠎ᠤᠨ ᠲᠤᠰᠬᠠᠶ ᠮᠡᠷᠭᠡᠵᠢᠯᠲᠡᠨ᠄ ᠳᠡᠳ᠋ ᠳᠡᠭᠡᠳᠦ ᠳᠡᠰ ᠵᠢᠴᠢ ᠲᠡᠭᠦᠨ᠎ᠠᠴᠠ ᠳᠡᠭᠡᠭᠰᠢᠬᠢ ᠮᠡᠷᠭᠡᠵᠢᠯ᠎ᠤᠨ ᠴᠣᠯᠠ ᠪᠤᠶᠤ ᠳ᠋ᠣᠺᠲ᠋ᠣᠷ᠎ᠤᠨ ᠴᠣᠯᠠ᠎ᠲᠠᠢ᠂ ᠬᠠᠮᠢᠶ᠎ᠠ ᠪᠦᠬᠦᠢ ᠬᠦᠷᠢᠶᠡᠨ᠎ᠳᠤ 5 ᠵᠢᠯ᠎ᠠᠴᠠ ᠳᠡᠭᠡᠭᠰᠢ ᠰᠤᠳᠤᠯᠭ᠋ᠠᠨ᠎ᠤ ᠠᠵᠢᠯ ᠦᠷᠨᠢᠭᠦᠯᠦᠭᠰᠡᠨ;
2. ᠠᠵᠤ ᠠᠬᠤᠶ᠋ᠢᠯᠠᠯ᠎ᠤᠨ ᠮᠡᠷᠭᠡᠵᠢᠯ᠎ᠤᠨ ᠲᠤᠰᠬᠠᠶ ᠮᠡᠷᠭᠡᠵᠢᠯᠲᠡᠨ᠄ ᠳᠡᠳ᠋ ᠳᠡᠭᠡᠳᠦ ᠵᠡᠷᠭᠡ ᠵᠢᠨ ᠪᠠ ᠲᠡᠭᠦᠨ᠎ᠠᠴᠠ ᠳᠡᠭᠡᠭᠰᠢᠬᠢ ᠮᠡᠷᠭᠡᠵᠢᠯ᠎ᠤᠨ ᠴᠣᠯᠠ ᠪᠤᠶᠤ ᠳ᠋ᠣᠺᠲ᠋ᠣᠷ᠎ᠤᠨ ᠴᠣᠯᠠ᠎ᠲᠠᠢ᠃ 3. ᠡᠳ᠋᠎ᠤᠨ ᠶᠠᠪᠤᠳᠠᠯ᠎ᠤᠨ ᠲᠥᠷᠥᠯ᠎ᠤᠨ ᠲᠤᠰᠬᠠᠶ ᠮᠡᠷᠭᠡᠵᠢᠯᠲᠡᠨ᠄ ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ᠂ ᠭᠠᠶ᠋ᠢᠯᠢ ᠵᠢᠨ ᠶᠠᠪᠤᠳᠠᠯ᠎ᠤᠨ ᠮᠡᠷᠭᠡᠵᠢᠯᠲᠡᠨ ᠪᠤᠶᠤ ᠨᠢᠭᠲᠠᠯᠠᠨ ᠪᠤᠳᠤᠭᠴᠢ᠂ ᠬᠢᠨᠠᠨ ᠪᠣᠳᠣᠯᠲᠠ᠂ ᠠᠵᠤ ᠠᠬᠤᠢ ᠵᠢᠨ ᠲᠤᠰᠬᠠᠶ ᠮᠡᠷᠭᠡᠵᠢᠯ᠎ᠤᠨ ᠳᠡᠳ᠋ ᠳᠡᠭᠡᠳᠦ ᠵᠡᠷᠭᠡ᠎ᠠᠴᠠ ᠳᠡᠭᠡᠭᠰᠢᠬᠢ ᠲᠤᠰᠬᠠᠶ ᠮᠡᠷᠭᠡᠵᠢᠯ᠎ᠤᠨ ᠴᠣᠯᠠ᠎ᠲᠠᠢ᠂ ᠡᠰᠡᠬᠦᠯ᠎ᠡ ᠲᠤᠰᠬᠠᠶ ᠮᠡᠷᠭᠡᠵᠢᠯ᠎ᠤᠨ ᠳᠡᠭᠡᠳᠦ ᠵᠡᠷᠭᠡ ᠵᠢᠨ ᠬᠢᠷᠢ ᠬᠡᠮ ᠪᠤᠶᠤ ᠬᠢᠷᠢ ᠬᠡᠮᠵᠢᠶᠡᠨ᠎ᠤ ᠦᠨᠡᠮᠯᠡᠯ ᠣᠯᠤᠭᠰᠠᠨ᠂ ᠡᠰᠡᠬᠦᠯ᠎ᠡ ᠳᠤᠮᠳᠠ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠪᠥᠭᠡᠳ ᠬᠣᠯᠪᠣᠭᠳᠠᠯ ᠪᠦᠬᠦᠢ ᠠᠵᠢᠯ ᠲᠥᠷᠥᠯ᠎ᠢ 8 ᠵᠢᠯ᠎ᠠᠴᠠ ᠳᠡᠭᠡᠭᠰᠢ ᠡᠷᠬᠢᠯᠡᠭᠰᠡᠨ;
(ᠬᠣᠶᠠᠷ) ᠬᠠᠮᠢᠶᠠᠷᠤᠯᠲᠠ ᠵᠢᠨ ᠲᠥᠷᠥᠯ᠎ᠤᠨ ᠲᠤᠰᠬᠠᠶ ᠮᠡᠷᠭᠡᠵᠢᠯᠲᠡᠨ
1. ᠨᠡᠶ᠋ᠢᠭᠡᠮ᠎ᠤᠨ ᠪᠦᠯᠬᠦᠮ᠎ᠤᠨ ᠬᠠᠷᠢᠭᠤᠴᠠᠯᠭ᠋ᠠᠲᠠᠨ᠎ᠤ ᠲᠤᠰᠢᠶᠠᠯ᠎ᠢ ᠡᠭᠦᠷᠭᠡᠯᠡᠭᠡᠳ 5 ᠵᠢᠯ᠎ᠠᠴᠠ ᠬᠡᠲᠦᠷᠡᠭᠰᠡᠨ;
2. ᠳᠥᠷᠪᠡᠨ ᠣᠳᠣᠨ ᠳᠡᠰ᠎ᠠᠴᠠ ᠳᠡᠭᠡᠭᠰᠢᠬᠢ ᠪᠠᠭᠤᠳᠠᠯ᠂ AAAA ᠳᠡᠰ᠎ᠠᠴᠠ ᠳᠡᠭᠡᠭᠰᠢᠬᠢ ᠦᠵᠡᠮᠵᠢ ᠵᠢᠨ ᠣᠷᠣᠨ᠎ᠤ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ ( ᠨᠠᠭ᠋ᠠᠳᠤ ᠵᠠᠬ᠎ᠠ ᠳᠤ ᠪᠠᠨ ᠳᠡᠳ᠋ ᠶᠡᠷᠦᠩᠬᠡᠶ ᠳᠠᠭ᠋ᠠᠭ᠋ᠠᠮᠠᠯ᠎ᠤᠨ ᠳᠡᠰ᠂ ᠰᠠᠯᠠᠭ᠎ᠠ ᠮᠦᠴᠢᠷ ᠤᠨ ᠳᠠᠭ᠋ᠠᠭ᠋ᠠᠮᠠᠯ ᠪᠣᠯᠬᠤ ᠥᠬᠡᠶ);
3. ᠤᠯᠤᠰ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠱᠠᠩᠨᠠᠯ᠎ᠢ ᠬᠦᠷᠲᠡᠭᠰᠡᠨ ᠤᠯᠤᠰ ᠤᠨ ᠥᠮᠴᠢᠯᠡᠯᠲᠡ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠬᠠᠷᠢᠭᠤᠴᠠᠯᠭ᠋ᠠᠲᠠᠨ ᠪᠤᠶᠤ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ᠃
ᠭᠤᠷᠪᠠ᠂ ᠦᠨᠳᠦᠰᠦᠨ ᠱᠠᠭ᠋ᠠᠷᠳᠠᠯᠭ᠎ᠠ
ᠲᠠᠨᠢᠯᠴᠠᠭᠤᠯᠤᠭᠳᠠᠭᠰᠠᠨ ᠵᠢᠱ᠌ᠢᠭᠳᠡᠭᠴᠢ᠎ᠨᠢ ᠳᠣᠤᠷᠠᠬᠢ ᠦᠨᠳᠦᠰᠦᠨ ᠪᠠᠷᠢᠮᠵᠢᠶ᠎ᠠ ᠵᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠶ᠄
(ᠨᠢᠭᠡ) ᠤᠯᠤᠰ ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠢ ᠵᠢᠷᠤᠮᠯᠠᠨ ᠰᠠᠬᠢᠬᠤ;
(ᠬᠣᠶᠠᠷ) ᠲᠥᠪ ᠭᠣᠤᠯᠴᠢ ᠦᠨᠡᠨᠴᠢ ᠢᠲᠡᠭᠡᠮᠵᠢᠲᠡᠶ᠂ ᠰᠠᠶ᠋ᠢᠨ ᠰᠠᠶ᠋ᠢᠬᠠᠨ ᠬᠤᠪᠢ ᠬᠥᠮᠦᠨ᠎ᠤ ᠢᠲᠡᠭᠡᠮᠵᠢ ᠪᠠ ᠠᠵᠢᠯ ᠮᠡᠷᠭᠡᠵᠢᠯ᠎ᠤᠨ ᠶᠣᠰᠣ ᠮᠣᠷᠠᠯ᠎ᠲᠠᠢ ᠪᠠᠢ᠌ᠬᠤ; ᠠᠵᠢᠯ᠎ᠤᠨ ᠬᠠᠷᠢᠭᠤᠴᠠᠯᠭ᠋ᠠᠲᠤ ᠰᠡᠳᠬᠢᠯᠭᠡ᠎ᠪᠠᠷ ᠴᠢᠩᠭ᠎ᠠ᠂ ᠰᠢᠨᠵᠢᠯᠡᠬᠦ ᠤᠬᠠᠭ᠋ᠠᠨᠴᠢ ᠵᠣᠷᠢᠭ ᠰᠠᠨᠠᠭ᠎ᠠ᠎ᠪᠠᠷ ᠲᠥᠪ ᠭᠣᠤᠯᠴᠢ᠂ ᠦᠨᠡᠨ᠎ᠠᠴᠠ ᠵᠥᠪ᠎ᠢ ᠡᠷᠢᠵᠦ ᠡᠯ᠎ᠡ ᠵᠦᠢ᠍ᠯ᠎ᠤᠨ ᠬᠢᠨᠠᠨ ᠲᠣᠭᠲᠠᠭ᠋ᠠᠬᠤ᠂ ᠦᠨᠡᠯᠡᠬᠦ᠂ ᠦᠨᠡᠯᠡᠨ ᠵᠢᠱ᠌ᠢᠬᠦ᠂ ᠠᠰᠠᠭᠤᠨ ᠯᠠᠪᠯᠠᠬᠤ ᠠᠵᠢᠯ᠎ᠢ ᠦᠷᠨᠢᠭᠦᠯᠦᠭᠴᠢ ;
(ᠭᠤᠷᠪᠠ) ᠨᠡᠯᠢᠶᠡᠳ ᠥᠨᠳᠥᠷ ᠲᠤᠰᠬᠠᠶ ᠮᠡᠷᠭᠡᠵᠢᠯ᠎ᠤᠨ ᠡᠷᠳᠡᠮ ᠰᠢᠨᠵᠢᠯᠡᠭᠡᠨ᠎ᠤ ᠬᠢᠷᠢ ᠬᠡᠮᠵᠢᠶ᠎ᠡ ᠪᠠ ᠨᠡᠯᠢᠶᠡᠳ ᠴᠢᠩᠭ᠎ᠠ ᠵᠠᠳᠠᠯᠤᠨ ᠮᠠᠭ᠋ᠠᠳᠯᠠᠬᠤ ᠴᠢᠳᠠᠪᠤᠷᠢ᠎ᠲᠠᠢ ᠪᠠᠶ᠋ᠢᠵᠤ᠂ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠪᠤᠶᠤ ᠠᠵᠢᠯ ᠲᠥᠷᠥᠯ᠎ᠤᠨ ᠮᠡᠷᠭᠡᠵᠢᠯ᠎ᠤᠨ ᠰᠤᠳᠤᠯᠤᠨ ᠨᠡᠭᠡᠭᠡᠬᠦ᠂ ᠦᠷ᠎ᠡ ᠪᠦᠲᠦᠭᠡᠯ᠎ᠢ ᠤᠯᠠᠷᠢᠭᠤᠯᠬᠤ ᠵᠢᠴᠢ ᠤᠯᠤᠰ ᠤᠨ ᠳᠣᠲᠣᠭ᠋ᠠᠳᠤ ᠭᠠᠳᠠᠭ᠋ᠠᠳᠤ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠢᠭᠡᠳ ᠠᠵᠤ ᠦᠢ᠍ᠯᠡᠰ᠎ᠤᠨ ᠬᠥᠭᠵᠢᠯᠲᠡ ᠵᠢᠨ ᠬᠥᠳᠡᠯᠦᠯ ᠪᠠᠶ᠋ᠢᠳᠠᠯ᠎ᠢ ᠲᠣᠳᠣᠷᠬᠠᠶ ᠣᠶ᠋ᠢᠯᠠᠭ᠋ᠠᠵᠤ᠂ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ ᠵᠢᠨ ᠵᠢᠷᠤᠮᠵᠢᠯ᠎ᠢ ᠲᠣᠳᠣᠷᠬᠠᠶ ᠣᠶ᠋ᠢᠯᠠᠭ᠋ᠠᠬᠤ;
( ᠳᠦᠷᠪᠡ) ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠪᠡᠶ᠎ᠡ ᠵᠢᠨ ᠨᠥᠬᠥᠴᠡᠯ ᠪᠠ ᠬᠦᠰᠡᠯ ᠰᠠᠨᠠᠭ᠎ᠠ ᠵᠢ ᠪᠦᠷᠢᠯᠳᠦᠭᠦᠯᠵᠦ᠂ ᠵᠠᠷᠴᠢᠮ ᠳᠡᠭᠡᠷ᠎ᠡ᠎ᠪᠠᠨ 60 ᠨᠠᠰᠤ ᠵᠢ ᠳᠠᠪᠠᠭᠤᠯᠬᠤ ᠥᠬᠡᠶ;
(ᠲᠠᠪᠤ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢ ᠲᠦᠯᠬᠢᠨ ᠠᠬᠢᠭᠤᠯᠬᠤ᠎ᠳᠤ ᠠᠷᠭ᠎ᠠ ᠤᠬᠠᠭ᠋ᠠᠨ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠵᠢᠯ᠎ᠳᠤ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠬᠤ ᠪᠠ ᠬᠠᠮᠵᠢᠯᠴᠠᠬᠤ ᠬᠡᠷᠡᠭᠲᠡᠶ᠃
ᠳᠦᠷᠪᠡ᠂ ᠬᠠᠮᠢᠶᠠᠷᠤᠯᠲᠠ ᠵᠢᠨ ᠵᠠᠭᠪᠤᠷ
ᠲᠤᠰᠬᠠᠶ ᠮᠡᠷᠭᠡᠵᠢᠯᠲᠡᠨ ᠤᠷᠢᠵᠤ ᠬᠡᠷᠡᠭᠯᠡᠬᠦ ᠵᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠲᠠᠢ ᠤᠷᠢᠵᠤ ᠬᠡᠷᠡᠭᠯᠡᠬᠦ ᠭᠡᠷ᠎ᠡ ᠪᠢᠴᠢᠭ ᠲᠣᠭᠲᠠᠵᠤ᠂ ᠨᠢᠭᠡ ᠤᠴᠢᠷ᠎ᠢ ᠨᠢᠭᠡ ᠵᠥᠪᠯᠡᠬᠦ ᠪᠤᠶᠤ ᠤᠷᠲᠤ ᠬᠤᠭᠤᠴᠠᠭ᠎ᠠ᠎ᠪᠠᠷ ᠤᠷᠢᠵᠤ ᠬᠡᠷᠡᠭᠯᠡᠬᠦ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠬᠠᠩᠭ᠋ᠠᠵᠤ ᠥᠭᠭᠦᠨ᠎ᠡ᠃
ᠲᠠᠪᠤ᠂ ᠮᠡᠳᠡᠭᠦᠯᠦᠨ ᠲᠠᠨᠢᠯᠴᠠᠭᠤᠯᠬᠤ ᠱᠠᠭ᠋ᠠᠷᠳᠠᠯᠭ᠎ᠠ
ᠲᠤᠰᠬᠠᠶ ᠮᠡᠷᠭᠡᠵᠢᠯᠲᠡᠨ ᠰᠤᠳᠤᠯᠭ᠋ᠠᠨ᠎ᠤ ᠴᠢᠭᠯᠡᠯ᠂ ᠲᠤᠰᠬᠠᠶ ᠮᠡᠷᠭᠡᠵᠢᠯ᠎ᠤᠨ ᠠᠩᠭᠢᠯᠠᠯ᠂ ᠬᠥᠭᠵᠢᠯᠲᠡ ᠵᠢᠨ ᠥᠩᠭᠡᠷᠡᠯᠲᠡ᠂ ᠡᠷᠳᠡᠮ ᠰᠢᠨᠵᠢᠯᠡᠭᠡᠨ᠎ᠤ ᠠᠮᠵᠢᠯᠲᠠ ᠵᠡᠷᠭᠡ ᠮᠡᠳᠡᠭᠡ ᠵᠠᠩᠭᠢ ᠵᠢ ᠪᠠᠭᠲᠠᠭ᠋ᠠᠭᠰᠠᠨ ᠬᠠᠮᠢᠶ᠎ᠠ ᠪᠦᠬᠦᠢ ᠮᠡᠳᠡᠭᠡ ᠵᠠᠩᠭᠢ ᠵᠢ ᠦᠨᠡᠨ ᠮᠥᠨ ᠵᠶ᠋ᠠᠷ᠎ᠨᠢ ᠲᠠᠭᠯᠠᠵᠤ᠂ ᠵᠢᠱ᠌ᠢᠭᠳᠡᠭᠰᠡᠨ ᠲᠤᠰᠬᠠᠶ ᠮᠡᠷᠭᠡᠵᠢᠯᠲᠡᠨ᠎ᠢ ᠰᠣᠩᠭᠣᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠨᠠᠨ ᠲᠣᠭᠲᠠᠭ᠋ᠠᠯᠲᠠ᠂ ᠦᠨᠡᠯᠡᠯᠲᠡ᠂ ᠵᠢᠱ᠌ᠢᠯᠲᠡ᠂ ᠵᠥᠪᠯᠡᠯᠭᠡ ᠥᠭᠬᠦ ᠠᠵᠢᠯ᠎ᠳᠤ ᠣᠷᠣᠯᠴᠠᠭᠤᠯᠬᠤ ᠴᠢᠬᠤᠯᠠ ᠰᠠᠭᠤᠷᠢ ᠨᠥᠬᠥᠴᠡᠯ ᠪᠣᠯᠭ᠋ᠠᠨ᠎ᠠ᠃ ᠲᠠᠨᠢᠯᠴᠠᠭᠤᠯᠤᠭᠰᠠᠨ ᠪᠠᠢ᠌ᠭᠤᠯᠭ᠎ᠠ ᠨᠠᠷᠢᠨ ᠬᠢᠨᠠᠮᠠᠭ᠋ᠠᠶ ᠬᠢᠨᠠᠨ ᠬᠠᠷᠭᠤᠭᠤᠯᠵᠤ᠂ ᠲᠠᠨᠢᠯᠴᠠᠭᠤᠯᠤᠭᠰᠠᠨ ᠮᠡᠳᠡᠭᠡ ᠵᠠᠩᠭᠢ ᠵᠢᠨ ᠦᠨᠡᠨ ᠪᠣᠳᠠᠲᠠᠶ ᠣᠨᠣᠪᠴᠢᠲᠠᠶ ᠪᠠᠶ᠋ᠢᠬᠤ ᠵᠢ ᠪᠠᠲᠤᠯᠠᠬᠤ ᠬᠡᠷᠡᠭᠲᠡᠶ᠃
ᠡᠯ᠎ᠡ ᠲᠠᠨᠢᠯᠴᠠᠭᠤᠯᠤᠭᠰᠠᠨ ᠨᠢᠭᠡᠴᠢ ᠪᠠ ᠬᠤᠪᠢ ᠬᠥᠮᠦᠨ᠎ᠤ ᠲᠤᠰᠬᠠᠶ ᠮᠡᠷᠭᠡᠵᠢᠯᠲᠡᠨ 2019 ᠤᠨ ᠤ 6 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠮᠦᠨ᠎ᠡ᠂ ᠲᠠᠨᠢᠯᠴᠠᠭᠤᠯᠤᠭᠰᠠᠨ ᠲᠤᠰᠬᠠᠶ ᠮᠡᠷᠭᠡᠵᠢᠯᠲᠡᠨ᠎ᠤ ᠬᠤᠷᠢᠶᠠᠩᠭᠤᠶ᠋ᠢᠯᠠᠭᠰᠠᠨ ᠬᠦᠰᠦᠨᠦᠭᠲᠦ (ᠳᠠᠭ᠋ᠠᠯᠳᠤᠭᠤᠯᠤᠯ 1) ᠪᠠ ᠲᠤᠰᠬᠠᠶ ᠮᠡᠷᠭᠡᠵᠢᠯᠲᠡᠨ᠎ᠤ ᠮᠡᠳᠡᠭᠡ ᠵᠠᠩᠭᠢ ᠵᠢᠨ ᠬᠦᠰᠦᠨᠦᠭᠲᠦ (ᠳᠠᠭ᠋ᠠᠯᠳᠤᠭᠤᠯᠤᠯ 2) ᠰᠢᠷᠪᠢᠬᠦ ᠮᠠᠲ᠋ᠧᠷᠢᠶᠠᠯ᠎ᠢ ᠲᠣᠭᠲᠠᠭ᠋ᠠᠭᠰᠠᠨ ᠰᠢᠤᠳᠠᠨ ᠬᠠᠶ᠋ᠢᠷᠴᠠᠭ᠎ᠲᠤ ᠢᠯᠡᠭᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠨᠢ ᠳᠡᠭᠡᠭᠰᠢ ᠮᠡᠳᠡᠭᠦᠯᠦᠭᠰᠡᠨ ᠲᠤᠰᠬᠠᠶ ᠮᠡᠷᠭᠡᠵᠢᠯᠲᠡᠨ᠎ᠤ ᠮᠡᠳᠡᠭᠡ ᠵᠠᠩᠭᠢ ᠵᠢᠨ ᠨᠢᠭᠤᠴᠠ ᠵᠢ ᠬᠠᠮᠠᠭ᠋ᠠᠯᠠᠬᠤ ᠬᠡᠷᠡᠭᠲᠡᠶ᠃ ᠬᠢᠨᠠᠨ ᠬᠠᠷᠭᠤᠭᠤᠯᠵᠤ ᠪᠠᠲᠤᠯᠠᠭᠰᠠᠨ ᠲᠤᠰᠬᠠᠶ ᠮᠡᠷᠭᠡᠵᠢᠯᠲᠡᠨ᠎ᠤ ᠨᠡᠷᠡᠰ᠎ᠢ ᠮᠠᠨ᠎ᠤ ᠲᠢᠩᠬᠢᠮ᠎ᠤᠨ ᠡᠭᠦᠳᠡᠨ ᠰᠦᠯᠵᠢᠶᠡᠨ ᠳᠡᠭᠡᠷ᠎ᠡ ᠵᠠᠷᠯᠠᠨ ᠨᠡᠶ᠋ᠢᠲᠡᠯᠡᠭᠰᠡᠨ᠎ᠤ ᠳᠠᠷᠠᠭ᠎ᠠ ᠬᠦᠮᠦᠷᠭᠡᠨ ᠳᠤ ᠤᠷᠤᠭᠤᠯᠤᠨ᠎ᠠ᠃
ᠲᠣᠰ ᠤᠳᠠᠭ᠎ᠠ ᠲᠥᠪᠯᠡᠷᠡᠭᠦᠯᠦᠨ ᠴᠤᠭᠯᠠᠭᠤᠯᠤᠭᠰᠠᠨᠤ ᠳᠠᠷᠠᠭ᠎ᠠ᠂ ᠲᠤᠰᠬᠠᠶ ᠮᠡᠷᠭᠡᠵᠢᠯᠲᠡᠨ᠎ᠤ ᠬᠥᠮᠥᠷᠭᠡ᠎ᠠᠴᠠ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠥᠪᠯᠡᠷᠡᠭᠦᠯᠦᠨ ᠬᠢᠨᠠᠨ ᠬᠠᠷᠭᠤᠭᠤᠯᠬᠤ᠂ ᠬᠥᠳᠡᠯᠦᠩᠭᠦᠶ᠎ᠪᠠᠷ ᠰᠢᠨᠡᠳᠬᠡᠬᠦ ᠠᠷᠭ᠎ᠠ ᠮᠠᠶᠢᠭ᠎ᠢ ᠬᠡᠷᠡᠭᠵᠢᠭᠦᠯᠵᠦ᠂ ᠲᠤᠰᠬᠠᠶ ᠮᠡᠷᠭᠡᠵᠢᠯᠲᠡᠨ᠎ᠤ ᠭᠤᠶᠤᠴᠢᠯᠠᠯ ᠪᠠ ᠤᠬᠤᠷᠢᠨ ᠭᠠᠷᠬᠤ ᠵᠢ ᠬᠢᠨᠠᠨ ᠬᠠᠷᠭᠤᠭᠤᠯᠬᠤ ᠬᠡᠷᠡᠭᠲᠡᠶ᠃
ᠡᠭᠦᠨ᠎ᠤ ᠲᠤᠯᠠ᠎ᠳᠤ ᠮᠡᠳᠡᠭᠳᠡᠪᠡ᠃
ᠬᠠᠷᠢᠯᠴᠠᠬᠤ ᠬᠥᠮᠦᠨ᠄ ᠴᠢᠶᠣᠤ ᠱᠤᠤ ᠬᠦᠢ ᠬᠠᠷᠢᠯᠴᠠᠬᠤ ᠤᠲᠠᠰᠤ᠄ 0471 — 6946125
ᠢᠮᠧᠯ᠄ 845999950 @ qq .co m
ᠳᠠᠭ᠋ᠠᠯᠳᠤᠭᠤᠯᠤᠯ᠄ 1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠲᠤᠰᠬᠠᠶ ᠮᠡᠷᠭᠡᠵᠢᠯᠲᠡᠨ ᠤ ᠲᠠᠨᠢᠯᠴᠠᠭᠤᠯᠭ᠎ᠠ ᠵᠢᠨ ᠬᠦᠰᠦᠨᠦᠭᠲᠦ
2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠲᠤᠰᠬᠠᠶ ᠮᠡᠷᠭᠡᠵᠢᠯᠲᠡᠨ᠎ᠤ ᠬᠤᠪᠢ ᠬᠥᠮᠦᠨ᠎ᠤ ᠮᠡᠳᠡᠭᠡ ᠵᠠᠩᠭᠢ ᠵᠢᠨ ᠬᠦᠰᠦᠨᠦᠭᠲᠦ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠰᠣᠶᠣᠯ ᠪᠠ ᠵᠢᠭᠤᠯᠴᠢᠯᠠᠯ᠎ᠤᠨ ᠲᠢᠩᠬᠢᠮ
2019᠎ᠤᠨ 6 ᠳ᠋ᠤᠭ᠋ᠠᠷ ᠰᠠᠷ᠎ᠠ ᠵᠢᠨ 14᠎ᠤ ᠡᠳᠦᠷ
* ᠨᠠᠷᠢᠨ ᠠᠭᠤᠯᠭ᠎ᠠ ᠵᠢ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠬᠢᠳᠠᠳ ᠰᠦᠯᠵᠢᠶᠡᠨ᠎ᠠᠴᠠ ᠦᠵᠡᠭᠡᠷᠡᠢ!