ᠡᠯ᠎ᠡ ᠠᠶ᠋ᠢᠮᠠᠭ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ᠄
A ᠲᠡᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠡᠭᠦᠳᠦᠨ ᠪᠠᠶ᠋ᠢᠭᠤᠯᠬᠤ ᠵᠢ ᠤᠯᠠᠮ ᠨᠢᠭᠡ ᠠᠯᠬᠤᠮ ᠠᠬᠢᠭᠤᠯᠵᠤ᠂ ᠪᠦᠬᠦ ᠣᠷᠣᠨ᠎ᠤ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠴᠢᠨᠠᠷ ᠴᠢᠨᠰᠠᠭ᠎ᠠ ᠵᠢ ᠪᠦᠬᠦ ᠲᠠᠯ᠎ᠠ᠎ᠪᠠᠷ ᠳᠡᠭᠡᠭᠰᠢᠯᠡᠬᠦᠯᠬᠦ ᠵᠢᠨ ᠲᠥᠯᠦᠭᠡ᠂ ᠮᠠᠨ᠎ᠤ ᠲᠢᠩᠬᠢᠮ A ᠲᠡᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠦᠨᠡᠯᠡᠨ ᠲᠣᠭᠲᠠᠭ᠋ᠠᠬᠤ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ 3A᠂ 4A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠰᠢᠨ᠎ᠡ᠎ᠪᠠᠷ ᠦᠨᠡᠯᠡᠬᠦ ᠵᠢ ᠵᠣᠬᠢᠶᠠᠨ ᠪᠠᠢ᠌ᠭᠤᠯᠤᠨ᠎ᠠ᠃ ᠤᠳᠤ A ᠲᠡᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠶ᠋ᠠᠷ ᠮᠡᠳᠡᠬᠦᠯᠬᠦ ᠬᠠᠮᠢᠶ᠎ᠠ ᠪᠦᠬᠦᠢ ᠠᠵᠢᠯ᠎ᠢ ᠳᠤᠤᠷᠠᠬᠢ ᠮᠡᠲᠦ ᠮᠡᠳᠡᠭᠳᠡᠶ᠎ᠡ᠄
ᠨᠢᠭᠡ᠂ ᠮᠡᠳᠡᠭᠦᠯᠬᠦ ᠮᠠᠲ᠋ᠧᠷᠢᠶᠠᠯ
ᠡᠯ᠎ᠡ ᠠᠶ᠋ᠢᠮᠠᠭ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ᠎ᠨᠢ ᠠᠶ᠋ᠢᠮᠠᠭ ᠬᠣᠲᠠ ᠵᠢᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠶᠠᠰᠤ ᠴᠢᠨᠠᠷ᠎ᠤᠨ ᠵᠡᠷᠭᠡ ᠳᠡᠰ᠎ᠢ ᠦᠨᠡᠯᠡᠨ ᠲᠣᠭᠲᠠᠭ᠋ᠠᠬᠤ ᠪᠠᠶ᠋ᠢᠭᠤᠯᠤᠮᠵᠢ ᠵᠢᠨ ᠮᠡᠳᠡᠭᠦᠯᠬᠦ ᠪᠢᠴᠢᠭ ᠮᠠᠲ᠋ᠧᠷᠢᠶᠠᠯ ᠪᠠ 《ᠦᠨᠡᠯᠡᠨ ᠲᠣᠭᠲᠠᠭ᠋ᠠᠬᠤ ᠮᠡᠳᠡᠭᠦᠯᠦᠯᠲᠡ ᠵᠢᠨ ᠪᠢᠴᠢᠭ》᠎ᠢ ᠲᠤᠰ ᠪᠦᠷᠢ ᠨᠢᠭᠡ ᠬᠤᠪᠢ (ᠴᠠᠭ᠋ᠠᠰᠤᠨ ᠮᠠᠲᠸᠷᠢᠶᠠᠯ) ᠲᠤᠰᠢᠶᠠᠵᠤ᠂ ᠪᠤᠰᠤᠳ ᠮᠠᠲ᠋ᠧᠷᠢᠶᠠᠯ᠎ᠢ 《ᠪᠦᠬᠦ ᠤᠯᠤᠰ᠎ᠤᠨ A ᠲᠡᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠬᠠᠮᠢᠶᠠᠷᠤᠯᠲᠠ ᠵᠢᠨ ᠰᠢᠰᠲ᠋ᠧᠮ》 ᠵᠶ᠋ᠠᠷ ᠲᠤᠰᠢᠶᠠᠨ᠎ᠠ ᠃ ᠨᠠᠷᠢᠨ ᠪᠠᠢ᠌ᠳᠠᠯ᠎ᠨᠢ ᠳᠣᠣᠷᠠᠬᠢ ᠮᠡᠲᠦ᠄ ᠡᠭᠦᠳᠦᠨ ᠪᠠᠶ᠋ᠢᠭᠤᠯᠬᠤ ᠭᠤᠶᠤᠴᠢᠯᠠᠯ᠎ᠤᠨ ᠪᠢᠴᠢᠭ; ᠪᠠᠢ᠌ᠭᠤᠯᠬᠤ ᠬᠦᠷᠢᠶ᠎ᠡ ᠬᠡᠪᠴᠢᠶᠡᠨ᠎ᠤ ᠵᠢᠷᠤᠭ; ᠦᠵᠡᠮᠵᠢ ᠵᠢᠨ ᠣᠷᠣᠨ᠎ᠤ ᠪᠥᠬᠥ ᠦᠵᠡᠮᠵᠢ ᠵᠢᠨ ᠵᠢᠯᠤᠭᠤᠳᠤᠮᠵᠢ ᠵᠢᠷᠤᠭ; ᠬᠠᠤᠯᠢ ᠶᠣᠰᠣᠴᠢ ᠴᠢᠨᠠᠷ᠎ᠤᠨ ᠭᠡᠷᠡᠴᠢᠯᠡᠬᠦ ᠮᠠᠲ᠋ᠧᠷᠢᠶᠠᠯ ( ᠲᠥᠰᠦᠯ ᠲᠣᠭᠲᠠᠭ᠋ᠠᠭᠰᠠᠨ ᠪᠢᠴᠢᠭ ᠮᠠᠲ᠋ᠧᠷᠢᠶᠠᠯ᠂ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠂ ᠡᠷᠡᠭᠦᠯ ᠬᠠᠮᠠᠭ᠋ᠠᠯᠠᠯ᠎ᠤᠨ ᠵᠥᠪᠰᠢᠶᠡᠷᠡᠯ᠎ᠤᠨ ᠪᠢᠴᠢᠭ ᠮᠠᠲ᠋ᠧᠷᠢᠶᠠᠯ᠂ ᠤᠨᠴᠠᠭ᠋ᠠᠢ ᠲᠥᠷᠥᠯ᠎ᠤᠨ ᠪᠡᠯᠡᠳᠬᠡᠮᠵᠢ ᠲᠥᠬᠥᠭᠡᠷᠦᠮᠵᠢ ᠵᠢᠨ ᠪᠢᠴᠢᠭ ᠮᠠᠲᠸᠷᠢᠶᠠᠯ ᠪᠤᠶᠤ ᠤᠨᠴᠠᠭ᠋ᠠᠢ ᠲᠥᠷᠥᠯ᠎ᠤᠨ ᠪᠡᠯᠡᠳᠬᠡᠮᠵᠢ ᠲᠥᠬᠥᠭᠡᠷᠦᠮᠵᠢ ᠪᠠᠢ᠌ᠬᠤ ᠦᠭᠡᠢ ᠲᠣᠳᠣᠷᠬᠠᠶ᠋ᠢᠯᠠᠯᠲᠠ᠂ ᠦᠵᠡᠮᠵᠢ ᠵᠢᠨ ᠣᠷᠣᠨ᠎ᠤ ᠡᠬᠢ ᠪᠠᠶᠠᠯᠢᠭ ᠡᠳ᠋ ᠬᠥᠷᠥᠩᠭᠡ ᠵᠢᠨ ᠥᠮᠴᠢᠯᠡᠬᠦ ᠡᠷᠬᠡ ᠵᠢᠨ ᠵᠢᠭᠤᠷᠠᠯᠳᠤᠭ᠋ᠠᠨ ᠳᠤ ᠬᠤᠯᠪᠤᠭᠳᠠᠬᠤ ᠦᠭᠡᠢ ᠵᠢ ᠭᠡᠷᠡᠴᠢᠯᠡᠬᠦ ᠪᠢᠴᠢᠭ ᠮᠠᠲ᠋ᠧᠷᠢᠶᠠᠯ ᠂ ᠠᠮᠠᠯᠠᠯᠲᠠ ᠵᠢᠨ ᠵᠠᠬᠢᠳᠠᠯ); 《ᠦᠢ᠍ᠯᠡᠴᠢᠯᠡᠭᠡᠨ᠎ᠤ ᠶᠠᠰᠤ ᠴᠢᠨᠠᠷ ᠬᠢᠭᠡᠳ ᠣᠷᠴᠢᠨ ᠲᠣᠭᠣᠷᠢᠨ᠎ᠤ ᠶᠠᠰᠤ ᠴᠢᠨᠠᠷ》 (ᠵᠢᠷᠤᠭ ᠦᠰᠦᠭ ᠬᠤᠤᠰᠯᠠᠭᠰᠠᠨ ᠪᠠᠢ᠌ᠬᠤ ᠬᠡᠷᠡᠭᠲᠡᠢ)᠂ 《ᠦᠵᠡᠮᠵᠢ ᠵᠢᠨ ᠶᠠᠰᠤ ᠴᠢᠨᠠᠷ》 ᠪᠠ 《ᠦᠢ᠍ᠯᠡᠴᠢᠯᠡᠭᠡᠨ᠎ᠤ ᠶᠠᠰᠤ ᠴᠢᠨᠠᠷ ᠬᠢᠭᠡᠳ ᠣᠷᠴᠢᠨ ᠲᠣᠭᠣᠷᠢᠨ᠎ᠤ ᠶᠠᠰᠤ ᠴᠢᠨᠠᠷ》᠎ᠢ ᠲᠣᠳᠣᠷᠬᠠᠶ᠋ᠢᠯᠠᠭᠰᠠᠨ ᠸᠢᠳᠢᠤ᠋᠂ ᠡᠭᠦᠳᠦᠨ ᠪᠠᠢ᠌ᠭᠤᠯᠬᠤ ᠪᠠᠶ᠋ᠢᠳᠠᠯ᠎ᠤᠨ ᠬᠠᠷᠢᠭᠤ ᠮᠡᠳᠡᠭᠦᠯᠦᠯᠲᠡ; ᠠᠷᠢᠭᠤᠨ ᠴᠢᠬᠡᠴᠢ᠎ᠪᠠᠷ ᠮᠡᠳᠡᠬᠦᠯᠦᠨ ᠪᠠᠶ᠋ᠢᠭᠤᠯᠬᠤ ᠠᠮᠠᠯᠠᠯᠲᠠ ᠵᠢᠨ ᠪᠢᠴᠢᠭ; ᠬᠡᠷᠪᠡ ᠵᠢᠭᠤᠯᠴᠢᠯᠠᠯ᠎ᠤᠨ ᠦᠵᠡᠮᠵᠢ ᠵᠢᠨ ᠣᠷᠣᠨ᠎ᠨᠢ ᠨᠤᠲᠤᠭ ᠪᠡᠯᠴᠢᠭᠡᠷ᠎ᠢ ᠲᠠᠲᠠᠪᠤᠷᠢᠯᠠᠬᠤ ᠂ ᠡᠵᠡᠯᠡᠬᠦ᠎ᠳᠤ ᠬᠣᠯᠪᠣᠭᠳᠠᠪᠠᠯ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠬᠦ ᠭᠠᠷᠳᠠᠮ᠎ᠢ ᠬᠠᠩᠭ᠋ᠠᠬᠤ ᠬᠡᠷᠡᠭᠲᠡᠶ᠃
ᠬᠣᠶᠠᠷ᠂ ᠮᠠᠲ᠋ᠧᠷᠢᠶᠠᠯ᠎ᠤᠨ ᠠᠩᠬᠠᠨ᠎ᠤ ᠦᠨᠡᠯᠡᠯᠲᠡ
ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠶᠠᠰᠤ ᠴᠢᠨᠠᠷ ᠵᠡᠷᠭᠡ ᠳᠡᠰ᠎ᠢ ᠬᠢᠨᠠᠨ ᠲᠣᠭᠲᠠᠭ᠋ᠠᠬᠤ ᠪᠠᠶ᠋ᠢᠭᠤᠯᠤᠮᠵᠢ ᠮᠠᠲ᠋ᠧᠷᠢᠶᠠᠯ᠎ᠢ ᠣᠯᠤᠭᠰᠠᠨ᠎ᠤ ᠳᠠᠷᠠᠭ᠎ᠠ ᠲᠤᠰᠬᠠᠶ ᠮᠡᠷᠭᠡᠵᠢᠯᠲᠡᠨ ᠤᠷᠢᠵᠤ ᠮᠠᠲ᠋ᠧᠷᠢᠶᠠᠯ᠎ᠳᠤ ᠠᠩᠬᠠᠨ᠎ᠤ ᠦᠨᠡᠯᠡᠯᠲᠡ ᠬᠢᠯᠭᠡᠵᠦ᠂ 《ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠶᠠᠰᠤ ᠴᠢᠨᠠᠷ᠎ᠤᠨ ᠵᠡᠷᠭᠡ ᠳᠡᠰ᠎ᠢ ᠬᠤᠪᠢᠶᠠᠷᠢᠯᠠᠬᠤ ᠪᠠ ᠦᠨᠡᠯᠡᠨ ᠲᠣᠭᠲᠠᠭ᠋ᠠᠬᠤ》 ᠪᠠᠷᠢᠮᠵᠢᠶ ᠠ ᠱᠠᠭ᠋ᠠᠷᠳᠠᠯᠭ᠎ᠠ ᠵᠢ ᠦᠨᠳᠦᠰᠦᠯᠡᠨ᠂ ᠮᠠᠲ᠋ᠧᠷᠢᠶᠠᠯ᠎ᠤᠨ ᠪᠦᠷᠢᠨ ᠪᠦᠲᠦᠨ ᠴᠢᠨᠠᠷ ᠪᠠ ᠬᠢᠭᠰᠡᠨ ᠶᠠᠰᠤ ᠴᠢᠨᠠᠷ᠎ᠤᠨ ᠲᠠᠯ᠎ᠠ᠎ᠪᠠᠷ ᠰᠢᠯᠭ᠋ᠠᠨ ᠦᠨᠡᠯᠡᠵᠦ᠂ ᠠᠩᠬ᠎ᠠ ᠬᠢᠨᠠᠯᠲᠠ᠎ᠳᠤ ᠬᠢᠷᠢ ᠲᠡᠩᠴᠡᠭᠰᠡᠨ ᠦᠵᠡᠮᠵᠢ ᠵᠢᠨ ᠣᠷᠣᠨ ᠲᠤᠰᠬᠠᠶ ᠮᠡᠷᠭᠡᠵᠢᠯᠲᠡᠨ᠎ᠤ ᠳᠤᠬᠠᠢ ᠵᠢᠨ ᠭᠠᠵᠠᠷ᠎ᠲᠤᠨᠢ ᠬᠦᠷᠴᠦ ᠪᠠᠶ᠋ᠢᠴᠠᠭ᠋ᠠᠬᠤ ᠭᠤᠭᠴᠤᠭ᠋ᠠᠨ᠎ᠳᠤ ᠤᠷᠤᠨ᠎ᠠ᠃
ᠭᠤᠷᠪᠠ᠂ ᠲᠤᠬᠠᠶ ᠵᠢᠨ ᠲᠠᠯᠠᠪᠠᠶ ᠵᠢᠨ ᠰᠢᠯᠭ᠋ᠠᠨ ᠲᠣᠭᠲᠠᠭ᠋ᠠᠯᠲᠠ
ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠶᠠᠰᠤ ᠴᠢᠨᠠᠷ᠎ᠤᠨ ᠵᠡᠷᠭᠡ ᠳᠡᠰ᠎ᠢ ᠦᠨᠡᠯᠡᠨ ᠲᠣᠭᠲᠠᠭ᠋ᠠᠬᠤ ᠪᠠᠶ᠋ᠢᠭᠤᠯᠤᠮᠵᠢ᠎ᠠᠴᠠ ᠠᠩᠬᠠᠨ᠎ᠤ ᠬᠢᠨᠠᠯᠲᠠ᠎ᠳᠤ ᠬᠢᠷᠢ ᠲᠡᠩᠴᠡᠭᠰᠡᠨ ᠦᠵᠡᠮᠵᠢ ᠵᠢᠨ ᠣᠷᠣᠨ᠎ᠳᠤ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠲᠤᠬᠠᠶ ᠵᠢᠨ ᠭᠠᠵᠠᠷ ᠲᠤᠨᠢ ᠦᠨᠡᠯᠡᠨ ᠲᠤᠭᠲᠠᠭ᠋ᠠᠯᠲᠠ ᠬᠢᠯᠭᠡᠨ᠎ᠡ᠃
ᠳᠥᠷᠪᠡ᠂ ᠮᠠᠲ᠋ᠧᠷᠢᠶᠠᠯ ᠮᠡᠳᠡᠭᠦᠯᠦᠨ ᠬᠦᠷᠭᠡᠬᠦ ᠴᠠᠭ
ᠡᠯ᠎ᠡ ᠠᠶ᠋ᠢᠮᠠᠭ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ 2020᠎ᠤᠨ 6 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠮᠠᠲ᠋ᠧᠷᠢᠶᠠᠯ ᠵᠶ᠋ᠠᠨ ᠳᠡᠭᠡᠭᠰᠢ ᠮᠡᠳᠡᠬᠦᠯᠬᠦ ᠬᠡᠷᠡᠭᠳᠡᠢ ᠃ ᠬᠤᠭᠤᠴᠠᠭ᠎ᠠ ᠥᠩᠭᠡᠷᠡᠪᠡᠯ ᠬᠠᠮᠢᠶ᠎ᠠ ᠪᠦᠬᠦᠢ ᠮᠠᠲ᠋ᠧᠷᠢᠶᠠᠯ᠎ᠢ ᠬᠦᠯᠢᠶᠡᠨ ᠠᠪᠬᠤ ᠦᠭᠡᠢ᠃
ᠬᠠᠷᠢᠯᠴᠠᠬᠤ ᠬᠥᠮᠦᠨ᠄ ᠡᠬᠢ ᠪᠠᠶᠠᠯᠢᠭ᠎ᠢ ᠨᠡᠭᠡᠭᠡᠨ ᠠᠰᠢᠭᠯᠠᠬᠤ ᠭᠠᠵᠠᠷ ᠶᠠᠩ ᠲᠢᠩ
ᠬᠠᠷᠢᠯᠴᠠᠬᠤ ᠤᠲᠠᠰᠤ᠄ 0471 — 6945826
ᠣᠨᠴᠠᠭ᠋ᠠᠶ᠋ᠢᠯᠠᠨ ᠮᠡᠳᠡᠭᠳᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠰᠣᠶᠣᠯ ᠪᠠ ᠵᠢᠭᠤᠯᠴᠢᠯᠠᠯ᠎ᠤᠨ ᠲᠢᠩᠬᠢᠮ
2020 ᠣᠨ᠎ᠤ 6 ᠳ᠋ᠤᠭ᠋ᠠᠷ ᠰᠠᠷ᠎ᠠ ᠵᠢᠨ 15᠎ᠤ ᠡᠳᠦᠷ