
ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠬᠤᠩ ᠱᠠᠨ ᠰᠣᠶᠣᠯ ᠵᠢᠭᠤᠯᠴᠢᠯᠠᠯ᠎ᠤᠨ ᠨᠠᠶ᠋ᠢᠷ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠠᠭ᠋ᠠᠨᠬᠠᠳᠠ ᠬᠣᠲᠠ ᠵᠢᠨ ᠬᠤᠷᠢᠶᠠᠨ᠎ᠳᠤ᠄
《ᠤᠯᠠᠭ᠋ᠠᠨᠬᠠᠳᠠ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠬᠤᠩ ᠱᠠᠨ ᠰᠣᠶᠣᠯ ᠵᠢᠭᠤᠯᠴᠢᠯᠠᠯ᠎ᠤᠨ ᠨᠠᠶ᠋ᠢᠷ ᠡᠷᠭᠢᠯᠡᠬᠦ ᠲᠤᠬᠠᠶ ᠵᠢᠭ᠋ᠠᠪᠤᠷᠢ ᠠᠪᠬᠤ ᠮᠡᠳᠡᠭᠦᠯᠦᠯᠲᠡ》 (ᠤᠯᠠᠭ᠋ᠠᠨᠬᠠᠳᠠ ᠬᠤᠲᠠ ᠵᠢᠨ ᠨᠠᠮ ᠤᠨ ᠬᠤᠷᠢᠶᠠᠨ᠎ᠤ ᠮᠡᠳᠡᠭᠦᠯᠦᠭᠰᠡᠨ[2020] 14 ᠳ᠋ᠤᠭᠡᠷ ᠲᠣᠭ᠋ᠠᠲᠤ) ᠵᠢ ᠣᠯᠵᠤ ᠣᠶ᠋ᠢᠯᠠᠭ᠋ᠠᠪᠠ᠃ 《ᠪᠠᠶᠠᠷ ᠳᠤᠷᠠᠰᠬᠠᠯ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ( ᠲᠥᠪ ᠤᠨ ᠠᠯᠪᠠᠨ ᠲᠢᠩᠬᠢᠮ᠎ᠤᠨ ᠲᠠᠷᠬᠠᠭ᠋ᠠᠭᠰᠠᠨ [2012]18 ᠳ᠋ᠤᠭ᠋ᠠᠷ ᠲᠣᠭ᠋ᠠᠲᠤ)᠂ 《ᠪᠠᠶᠠᠷ ᠳᠤᠷᠠᠰᠬᠠᠯ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠠᠷᠭ᠎ᠠ ᠵᠢ ᠬᠡᠷᠡᠭᠵᠢᠭᠦᠯᠬᠦ ᠨᠠᠷᠢᠨ ᠲᠦᠷᠢᠮ》 ( ᠪᠦᠬᠦ ᠤᠯᠤᠰ ᠤᠨ ᠪᠠᠶᠠᠷ ᠤᠨ ᠶᠤᠰᠤᠯᠠᠯ᠂ ᠰᠤᠳᠤᠯᠤᠨ ᠶᠠᠷᠢᠯᠴᠠᠬᠤ ᠬᠤᠷᠠᠯ᠂ ᠲᠠᠪᠴᠠᠩ᠎ᠤᠨ ᠠᠵᠢᠯᠯᠠᠭ᠎ᠠ ᠵᠢ ᠴᠡᠭᠴᠡᠯᠡᠬᠦ ᠪᠠ ᠳᠦᠷᠢᠮᠵᠢᠬᠦᠯᠬᠦ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠠᠷᠬᠠᠭ᠋ᠠᠭᠰᠠᠨ[2019] 1 ᠳ᠋ᠤᠭᠡᠷ ᠲᠣᠭ᠋ᠠᠲᠤ) ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ᠂ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ 《ᠪᠠᠶᠠᠷ ᠳᠤᠷᠠᠰᠬᠠᠯ᠎ᠤᠨ ᠡᠳᠦᠷ᠂ ᠶᠠᠷᠢᠶᠠᠨ᠎ᠤ ᠲᠠᠪᠴᠠᠩ᠂ ᠦᠵᠡᠰᠬᠦᠯᠡᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠠᠵᠢᠯ᠎ᠢ ᠦᠨᠡᠨ ᠬᠦ᠌ ᠴᠢᠩᠭ᠋ᠠᠳᠬᠠᠬᠤ ᠲᠤᠬᠠᠶ ᠮᠡᠳᠡᠭᠳᠡᠯ》᠂ 《ᠪᠠᠶᠠᠷ ᠳᠤᠷᠠᠰᠬᠠᠯ᠎ᠤᠨ ᠶᠠᠷᠢᠶᠠᠨ᠎ᠤ ᠲᠠᠪᠴᠠᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ》 (ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ ᠶᠣᠰᠣᠯᠠᠯ᠎ᠤᠨ ᠠᠵᠢᠯ ᠢ ᠳᠦᠷᠢᠮᠵᠢᠬᠦᠯᠬᠦ ᠠᠵᠢᠯ ᠤᠨ ᠲᠤᠰᠬᠠᠶ ᠳᠤᠭᠤᠶ᠋ᠢᠯᠠᠩ [2020] 2 ᠳ᠋ᠤᠭ᠋ᠠᠷ ᠲᠣᠭ᠋ᠠᠲᠤ) ᠵᠡᠷᠭᠡ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠪᠠᠶᠠᠷ᠎ᠤᠨ ᠡᠳᠦᠷ᠎ᠤᠨ ᠶᠠᠷᠢᠶᠠᠨ᠎ᠤ ᠲᠠᠪᠴᠠᠩ ᠢ ᠵᠢᠷᠤᠮᠵᠢᠭᠤᠯᠬᠤ ᠠᠵᠢᠯ᠎ᠤᠨ ᠲᠤᠰᠬᠠᠢ ᠳᠤᠭᠤᠶ᠋ᠢᠯᠠᠩ᠎ᠤᠨ ᠠᠩᠬ᠎ᠠ ᠬᠢᠨᠠᠯᠲᠠ᠂ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶ᠎ᠠ᠎ᠳᠤ ᠬᠦᠷᠬᠦ ᠵᠢ ᠠᠳᠠᠯᠢᠳᠬᠠᠨ ᠰᠢᠯᠭ᠋ᠠᠷᠠᠭᠤᠯᠵᠤ ᠰᠠᠶ᠋ᠢᠰᠢᠶᠠᠨ ᠬᠥᠬᠢᠭᠦᠯᠬᠦ ᠵᠢᠴᠢ ᠪᠠᠶᠠᠷ ᠳᠤᠷᠠᠰᠬᠠᠯ᠎ᠤᠨ ᠶᠠᠷᠢᠶᠠᠨ᠎ᠤ ᠲᠠᠪᠴᠠᠩ᠎ᠤᠨ ᠦᠵᠡᠭᠦᠯᠦᠯᠭᠡ ᠵᠢᠨ ᠠᠵᠢᠯᠯᠠᠭ᠎ᠠ ᠵᠢ ᠳᠦᠷᠢᠮᠵᠢᠬᠦᠯᠬᠦ ᠠᠵᠢᠯ᠎ᠤᠨ ᠤᠳᠤᠷᠢᠳᠬᠤ ᠳᠤᠭᠤᠶ᠋ᠢᠯᠠᠩ᠎ᠳᠤ ᠮᠡᠳᠡᠭᠦᠯᠦᠨ ᠬᠢᠨᠠᠨ ᠰᠢᠯᠭ᠋ᠠᠭᠤᠯᠬᠤ ᠵᠢᠨ ᠬᠠᠮᠲᠤ ᠤᠳᠤᠷᠢᠳᠬᠤ ᠳᠤᠭᠤᠢ᠌ᠯᠠᠩ᠎ᠤᠨ 2020 ᠤᠨ ᠤ 1 ᠳ᠋ᠤᠭᠡᠷ ᠤᠳᠠᠭ᠋ᠠᠨ ᠤ ᠬᠤᠷᠠᠯ ᠵᠶ᠋ᠠᠷ ᠰᠤᠳᠤᠯᠤᠭᠤᠯᠬᠤ᠎ᠪᠠᠷ ᠳᠠᠮᠵᠢᠨ᠂ ᠡᠳᠦᠭᠡ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠬᠤᠩ ᠱᠠᠨ ᠰᠣᠶᠣᠯ ᠵᠢᠭᠤᠯᠴᠢᠯᠠᠯ᠎ᠤᠨ ᠨᠠᠶ᠋ᠢᠷ ᠡᠷᠬᠢᠯᠡᠬᠦ ᠵᠢ ᠵᠥᠪᠰᠢᠶᠡᠷᠡᠪᠡ᠃
ᠡᠭᠦᠨ᠎ᠤ ᠬᠠᠮᠲᠤ᠂ ᠳᠣᠤᠷᠠᠬᠢ ᠮᠡᠲᠦ ᠱᠠᠭ᠋ᠠᠷᠳᠠᠯᠭ᠎ᠠ ᠳᠤᠷᠠᠳᠪᠠ᠄ ᠨᠢᠭᠡ᠎ᠳᠤ᠂ ᠣᠳᠣᠬᠠᠨ᠎ᠤ ᠬᠢᠯᠢ ᠵᠢᠨ ᠭᠠᠳᠠᠨ᠎ᠠ᠎ᠠᠴᠠ ᠬᠠᠯᠳᠠᠪᠤᠷᠢᠯᠠᠵᠤ ᠤᠷᠤᠵᠤ ᠢᠷᠡᠬᠦ ᠬᠢᠵᠢᠭ᠎ᠤᠨ ᠪᠠᠢ᠌ᠳᠠᠯ᠂ ᠬᠢᠯᠢ ᠵᠢᠨ ᠳᠣᠲᠣᠷᠠᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠢ᠌ᠳᠠᠯ ᠬᠦᠨᠳᠦ ᠨᠣᠴᠢᠲᠠᠶ ᠪᠠᠢ᠌ᠵᠤ ᠲᠣᠭᠲᠠᠭᠰᠠᠨ ᠬᠤᠭᠤᠴᠠᠭ᠋ᠠᠨ᠎ᠳᠤ᠎ᠪᠠᠨ ᠡᠷᠬᠢᠯᠡᠬᠦ ᠡᠰᠡᠬᠦ ᠵᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠢ᠌ᠳᠠᠯ ᠪᠣᠯᠤᠨ ᠤᠯᠤᠰ᠎ᠤᠨ ᠬᠢᠵᠢᠭ᠎ᠤᠨ ᠪᠠᠶ᠋ᠢᠳᠠᠯ᠎ᠢ ᠰᠡᠷᠭᠡᠢ᠌ᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢᠨ ᠵᠥᠪᠰᠢᠶᠡᠷᠡᠯ ᠳᠣᠤᠷ᠎ᠠ ᠲᠣᠭᠲᠠᠭ᠋ᠠᠬᠤ ᠬᠡᠷᠡᠭᠲᠡᠶ᠃ ᠬᠣᠶᠠᠷ᠎ᠲᠤ᠂ 《ᠬᠡᠨ ᠳᠡᠪᠰᠢᠭᠦᠯᠦᠭᠰᠡᠨ ᠪᠣᠯ ᠬᠡᠨ ᠬᠠᠷᠢᠭᠤᠴᠠᠬᠤ》᠂ 《ᠬᠡᠨ ᠭᠣᠤᠯᠯᠠᠨ ᠡᠷᠭᠢᠯᠡᠭᠰᠡᠨ ᠪᠣᠯ ᠬᠡᠨ ᠬᠠᠷᠢᠭᠤᠴᠠᠬᠤ》 ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠡᠯ᠎ᠡ ᠵᠦᠢ᠍ᠯ᠎ᠤᠨ ᠬᠠᠷᠢᠭᠤᠴᠠᠯᠭ᠎ᠠ ᠵᠢ ᠪᠤᠳᠠᠲᠠᠢ ᠬᠥᠮᠦᠨ᠎ᠳᠤ ᠬᠦᠷᠲᠡᠯ᠎ᠡ ᠨᠠᠢ᠌ᠳᠠᠪᠤᠷᠢᠵᠢᠭᠤᠯᠵᠤ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠨ᠂ ᠠᠵᠢᠯᠯᠠᠭ᠋ᠠᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃ ᠭᠤᠷᠪᠠ᠎ᠳᠤ᠂ ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠳᠥᠷᠢᠮ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠬᠦᠯᠵᠦ᠂ ᠠᠷᠪᠢᠴᠢ᠎ᠪᠠᠷ ᠨᠠᠢ᠌ᠷ ᠡᠷᠬᠢᠯᠡᠨ᠎ᠡ᠃ ᠲᠦᠷᠪᠡ᠎ᠳᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠵᠥᠪ ᠤᠳᠤᠷᠢᠳᠤᠮᠵᠢ ᠵᠢ ᠴᠢᠩᠭ᠎ᠠ ᠠᠳᠬᠤᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃ ᠲᠠᠪᠤ᠎ᠳᠤ᠂ ᠭᠠᠳᠠᠭ᠋ᠠᠳᠤ ᠤᠯᠤᠰ ᠵᠢᠴᠢ ᠰᠢᠶᠠᠩᠭ᠋ᠠᠩ ᠣᠣᠮᠧᠨ ᠲᠠᠶ᠋ᠢᠸᠠᠨ ᠣᠷᠣᠨ᠎ᠤ ᠬᠥᠮᠦᠰ᠎ᠢ ᠤᠷᠢᠵᠤ ᠳᠤᠮᠳᠠᠳᠤ ᠤᠯᠤᠰ᠎ᠲᠤ ᠢᠷᠡᠭᠦᠯᠬᠦ ᠶᠠᠪᠤᠳᠠᠯ᠎ᠳᠤ ᠬᠤᠯᠪᠤᠭᠳᠠᠪᠠᠯ ᠭᠠᠳᠠᠭ᠋ᠠᠳᠤ ᠶᠠᠪᠤᠳᠠᠯ᠎ᠤᠨ ᠬᠠᠮᠢᠶᠠᠷᠤᠯᠲᠠ ᠵᠢᠨ ᠲᠤᠭᠲᠠᠭ᠋ᠠᠯ ᠶᠣᠰᠣᠭ᠋ᠠᠷ ᠭᠠᠳᠠᠭ᠋ᠠᠳᠤ ᠶᠠᠪᠤᠳᠠᠯ᠎ᠤᠨ ᠰᠠᠯᠠᠭ᠎ᠠ ᠮᠥᠴᠢᠷ᠎ᠲᠤ ᠠᠰᠲᠤᠨᠢ ᠮᠡᠳᠡᠭᠦᠯᠵᠦ ᠵᠥᠪᠰᠢᠶᠡᠷᠡᠬᠦᠯᠦᠭᠡᠷᠡᠢ ᠃ ᠵᠢᠷᠭᠤᠭ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ (ᠠᠵᠢᠯ᠎ᠠᠴᠠ ᠰᠠᠯᠵᠤ᠂ ᠠᠮᠠᠷᠠᠭᠰᠠᠨ ᠤᠳᠤᠷᠢᠳᠤᠯᠭ᠎ᠠ ᠪᠠᠭᠲᠠᠨ᠎ᠠ) ᠵᠢ ᠦᠨᠡᠨ ᠬᠦ᠌ ᠤᠷᠢᠨ ᠣᠷᠣᠯᠴᠠᠭᠤᠯᠬᠤ ᠴᠢᠬᠤᠯᠠᠲᠠᠶ ᠪᠤᠯ ᠮᠡᠳᠡᠭᠦᠯᠦᠨ ᠵᠥᠪᠰᠢᠶᠡᠷᠡᠬᠦᠯᠬᠦ ᠭᠠᠷ ᠭᠦᠢ᠍ᠴᠡᠳᠬᠡᠯ᠎ᠢ ᠴᠢᠩᠭ᠎ᠠ ᠭᠦᠢ᠍ᠴᠡᠳᠬᠡᠬᠦ ᠬᠡᠷᠡᠭᠲᠡᠢ᠃ ᠳᠣᠯᠣᠭ᠎ᠠ᠎ᠳᠤ᠂ ᠱᠠᠩᠨᠠᠯ ᠰᠢᠯᠭ᠋ᠠᠷᠠᠭᠤᠯᠤᠯᠲᠠ᠎ᠳᠤ ᠬᠣᠯᠪᠣᠭᠳᠠᠪᠠᠯ ᠪᠠᠷᠢᠮᠵᠢᠶ᠎ᠠ᠎ᠳᠤ ᠬᠦᠷᠬᠦ ᠵᠢ ᠠᠳᠠᠯᠢᠳᠬᠠᠨ ᠰᠢᠯᠭ᠋ᠠᠷᠠᠭᠤᠯᠵᠤ ᠬᠥᠬᠢᠭᠦᠯᠦᠨ ᠰᠠᠶ᠋ᠢᠰᠢᠶᠠᠬᠤ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ ᠮᠡᠳᠡᠭᠦᠯᠦᠨ ᠵᠥᠪᠰᠢᠶᠡᠷᠡᠬᠦᠯᠬᠦ ᠠᠯᠬᠤᠮ ᠳᠠᠷᠠᠭ᠎ᠠ ᠵᠢ ᠭᠦᠢ᠍ᠴᠡᠳᠬᠡᠬᠦ ᠬᠡᠷᠡᠭᠲᠡᠶ᠃ ᠨᠠᠢ᠍ᠮᠠ᠎ᠳᠤ᠂ ᠭᠠᠯ᠎ᠢ ᠰᠡᠷᠭᠡᠶ᠋ᠢᠯᠡᠬᠦ᠂ ᠬᠦᠴᠦᠷᠬᠡᠭᠯᠡᠯ᠎ᠢ ᠰᠡᠷᠭᠡᠶ᠋ᠢᠯᠡᠬᠦ᠂ ᠭᠢᠰᠬᠢᠬᠦ ᠵᠢ ᠰᠡᠷᠭᠡᠶ᠋ᠢᠯᠡᠬᠦ ᠵᠡᠷᠭᠡ ᠠᠮᠤᠷ ᠲᠦᠪᠰᠢᠨ᠎ᠢ ᠬᠠᠮᠠᠭ᠋ᠠᠯᠠᠬᠤ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠢ ᠴᠢᠩᠭ᠎ᠠ ᠰᠠᠶ᠋ᠢᠲᠤᠷ ᠬᠢᠵᠦ᠂ ᠠᠵᠢᠯᠯᠠᠭ᠋ᠠᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠪᠤᠰᠤᠳ ᠳᠠᠭᠤᠰᠤᠭ᠋ᠠᠳᠤᠢ ᠵᠦᠢ᠍ᠯᠡᠰ᠎ᠢ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ᠎ᠤ ᠲᠤᠰᠬᠠᠶ ᠵᠦᠢ᠍ᠯ᠎ᠤᠨ ᠳᠤᠭᠤᠢ᠌ᠯᠠᠩ᠎ᠲᠠᠢ ᠨᠡᠪᠲᠡᠷᠡᠯᠴᠡᠨ ᠵᠣᠬᠢᠴᠠᠭᠤᠯᠤᠭ᠋ᠠᠷᠠᠶ᠃
ᠲᠠᠨ᠎ᠤ ᠬᠣᠲᠠ ᠴᠣᠬᠣᠯᠠᠪᠤᠷᠢᠯᠠᠭᠰᠠᠨ ᠵᠦᠢ᠍ᠯᠡᠰ᠎ᠢ ᠴᠢᠩᠭ᠎ᠠ ᠵᠢᠷᠤᠮᠯᠠᠵᠤ ᠬᠠᠮᠢᠶ᠎ᠠ ᠪᠥᠬᠥᠶ ᠠᠵᠢᠯᠯᠠᠭ᠎ᠠ᠎ᠪᠠᠨ ᠡᠷᠬᠢᠯᠡᠭᠡᠷᠡᠢ᠃ ᠠᠵᠢᠯᠯᠠᠭ᠋ᠠᠨ᠎ᠤ ᠭᠣᠤᠯ ᠴᠣᠭᠴᠠ᠂ ᠠᠭᠤᠯᠭ᠎ᠠ᠂ ᠲᠥᠷᠥᠯ ᠵᠦᠢ᠍ᠯ ᠵᠡᠷᠭᠡ ᠵᠢ ᠳᠤᠷ᠎ᠠ᠎ᠪᠠᠷ ᠵᠶ᠋ᠠᠨ ᠬᠤᠪᠢᠷᠠᠭᠤᠯᠬᠤ ᠵᠢ ᠴᠢᠩᠭ᠎ᠠ ᠴᠠᠭ᠋ᠠᠵᠠᠯᠠᠨ᠎ᠠ᠃ ᠡᠭᠦᠨ᠎ᠤ ᠬᠠᠮᠲᠤ᠂ ᠲᠣᠰ ᠴᠣᠬᠣᠯᠠᠪᠤᠷᠢ ᠵᠢ ᠣᠯᠤᠭᠰᠠᠨ 1 ᠰᠠᠷ᠎ᠠ ᠵᠢᠨ ᠳᠣᠲᠣᠷ᠎ᠠ ᠰᠠᠯᠠᠭ᠎ᠠ ᠮᠥᠴᠢᠷ᠎ᠤᠨ ᠰᠦᠯᠵᠢᠶ᠎ᠡ᠎ᠪᠠᠷ ᠳᠠᠮᠵᠢᠭᠤᠯᠤᠨ ᠬᠠᠮᠢᠶ᠎ᠠ ᠪᠥᠬᠥᠶ ᠮᠡᠳᠡᠭᠡ ᠵᠠᠩᠭᠢ ᠵᠢ ᠨᠡᠶ᠋ᠢᠭᠡᠮ᠎ᠳᠤ ᠨᠡᠢ᠌ᠳᠡᠯᠡᠵᠦ᠂ ᠠᠵᠢᠯᠯᠠᠭ᠎ᠠ ᠳᠠᠭᠤᠰᠤᠭᠰᠠᠨ᠎ᠤ ᠳᠠᠷᠠᠭ᠋ᠠᠬᠢ 1 ᠰᠠᠷ᠎ᠠ ᠵᠢᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ ᠶᠠᠷᠢᠶᠠᠨ᠎ᠤ ᠲᠠᠪᠴᠠᠩ᠎ᠢ ᠳᠦᠷᠢᠮᠵᠢᠬᠦᠯᠬᠦ ᠠᠵᠢᠯ᠎ᠤᠨ ᠲᠤᠰᠬᠠᠶ ᠳᠤᠭᠤᠶ᠋ᠢᠯᠠᠩ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠳᠤᠬᠢᠷᠠᠭᠤᠯᠪᠠ)᠎ᠳᠤ ᠠᠵᠢᠯᠯᠠᠭ᠋ᠠᠨ ᠤ ᠳ᠋ᠦᠩᠨᠡᠯᠲᠡ᠎ᠪᠠᠨ ᠮᠡᠳᠡᠬᠦᠯᠦᠭᠡᠷᠡᠢ᠃
ᠲᠤᠰᠬᠠᠶ᠋ᠢᠯᠠᠨ ᠴᠤᠬᠤᠯᠠᠪᠤᠷᠢᠯᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠷ ᠳᠤᠷᠠᠰᠬᠠᠯ᠎ᠤᠨ
ᠶᠣᠰᠣᠯᠠᠯ᠎ᠤᠨ ᠠᠵᠢᠯ ᠢ ᠳᠦᠷᠢᠮᠵᠢᠬᠦᠯᠬᠦ ᠠᠵᠢᠯ ᠤᠨ ᠲᠤᠰᠬᠠᠶ ᠳᠤᠭᠤᠶ᠋ᠢᠯᠠᠩ
2020 ᠣᠨ᠎ᠤ 7 ᠳ᠋ᠤᠭ᠋ᠠᠷ ᠰᠠᠷ᠎ᠠ ᠵᠢᠨ 22᠎ᠤᠨ ᠡᠳᠦᠷ