ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠬᠠᠢ ᠬᠣᠲᠠ ᠵᠢᠨ ᠬᠠᠢ᠌ᠨᠠᠨ ᠲᠣᠭᠣᠷᠢᠭ᠎ᠤᠨ ᠬᠡᠰᠡᠭ ᠭᠠᠵᠠᠷ ᠣᠷᠣᠨ᠎ᠢ ᠬᠢᠵᠢᠭ᠎ᠤᠨ ᠪᠠᠢ᠌ᠳᠠᠯ᠎ᠤᠨ ᠳᠤᠮᠳᠠ ᠦᠨᠳᠦᠷ ᠵᠡᠷᠭᠡ ᠵᠢᠨ ᠠᠶᠤᠯ ᠲᠦᠭᠰᠢᠭᠦᠷᠢ ᠶᠡᠬᠡᠲᠡᠢ ᠣᠷᠣᠨ ᠪᠣᠯᠭ᠋ᠠᠨ ᠲᠣᠬᠢᠷᠠᠭᠤᠯᠪᠠ᠃ ᠰᠣᠶᠣᠯ ᠪᠠ ᠵᠢᠭᠤᠯᠴᠢᠯᠠᠯ᠎ᠤᠨ ᠶᠠᠮᠤᠨ᠎ᠤ 《ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠴᠢᠩᠭ᠋ᠠᠳᠬᠠᠵᠤ ᠮᠤᠵᠢ ᠠᠯᠤᠰᠯᠠᠭᠰᠠᠨ ᠵᠢᠭᠤᠯᠴᠢᠯᠠᠯ᠎ᠤᠨ 〈ᠬᠠᠢ᠌ᠯᠤᠭᠤᠯᠵᠤ ᠲᠠᠰᠤᠯᠬᠤ〉 ᠲᠣᠭᠲᠠᠴᠠ ᠵᠢ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠣᠨᠣᠴᠠᠲᠠᠢ᠎ᠪᠠᠷ ᠬᠡᠷᠡᠭᠵᠢᠭᠦᠯᠬᠦ ᠲᠤᠬᠠᠢ ᠮᠡᠳᠡᠭᠳᠡᠯ》᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠲᠣᠰ ᠡᠳᠦᠷ᠎ᠠᠴᠠ ᠡᠬᠢᠯᠡᠨ᠂ ᠵᠢᠭᠤᠯᠴᠢᠯᠠᠯ᠎ᠤᠨ ᠬᠤᠷᠢᠶ᠎ᠠ ᠵᠢᠴᠢ ᠰᠦᠯᠵᠢᠶᠡᠨ ᠳᠡᠭᠡᠷᠡᠬᠢ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠬᠠᠢ᠌ᠨᠠᠨ ᠲᠣᠭᠣᠷᠢᠭ᠎ᠤᠨ ᠵᠠᠰᠠᠭ ᠵᠠᠬᠢᠷᠭ᠋ᠠᠨ᠎ᠤ ᠣᠷᠣᠨ ᠵᠶ᠋ᠠᠷ ᠣᠷᠣᠵᠤ ᠭᠠᠷᠬᠤ ᠮᠤᠵᠢ ᠠᠯᠤᠰᠯᠠᠭᠰᠠᠨ ᠪᠦᠯᠬᠦᠮ ᠨᠡᠶ᠋ᠢᠲᠡ ᠵᠢᠨ ᠵᠢᠭᠤᠯᠴᠢᠯᠠᠯ ᠵᠢᠴᠢ 《ᠨᠢᠰᠬᠡᠯ᠎ᠤᠨ ᠪᠢᠯᠧᠲ + ᠪᠠᠭᠤᠳᠠᠯ》᠎ᠤᠨ ᠲᠤᠬᠠᠢ᠌ᠯᠠᠭᠰᠠᠨ ᠠᠵᠢᠯ᠎ᠢ ᠲᠦᠷ ᠵᠣᠭᠰᠣᠭ᠋ᠠᠨ᠎ᠠ᠃
ᠳᠤᠮᠳᠠ ᠦᠨᠳᠦᠷ ᠵᠡᠷᠭᠡ ᠵᠢᠨ ᠠᠶᠤᠯ ᠲᠦᠭᠰᠢᠭᠦᠷᠢ ᠶᠡᠬᠡᠲᠡᠢ ᠣᠷᠣᠨ ᠪᠢᠰᠢ ᠪᠤᠯᠤᠭᠰᠠᠨ᠎ᠤ ᠳᠠᠷᠠᠭ᠎ᠠ᠂ ᠵᠢᠭᠤᠯᠴᠢᠯᠠᠯ᠎ᠤᠨ ᠭᠠᠵᠠᠷ ᠵᠢᠴᠢ ᠰᠦᠯᠵᠢᠶᠡᠨ ᠳᠡᠭᠡᠷᠡᠬᠢ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠬᠠᠢ᠌ᠨᠠᠨ ᠲᠣᠭᠣᠷᠢᠭ᠎ᠤᠨ ᠵᠠᠰᠠᠭ ᠵᠠᠬᠢᠷᠭ᠋ᠠᠨ᠎ᠤ ᠣᠷᠣᠨ ᠵᠶ᠋ᠠᠷ ᠣᠷᠣᠵᠤ ᠭᠠᠷᠬᠤ ᠮᠤᠵᠢ ᠠᠯᠤᠰᠯᠠᠭᠰᠠᠨ ᠪᠦᠯᠬᠦᠮ ᠨᠡᠶ᠋ᠢᠲᠡ ᠵᠢᠨ ᠵᠢᠭᠤᠯᠴᠢᠯᠠᠯ ᠵᠢᠴᠢ 《ᠨᠢᠰᠬᠡᠯ᠎ᠤᠨ ᠪᠢᠯᠧᠲ + ᠵᠣᠴᠢᠳ᠎ᠤᠨ ᠪᠠᠭᠤᠳᠠᠯ》᠎ᠤᠨ ᠲᠤᠬᠠᠢ᠌ᠯᠠᠭᠰᠠᠨ ᠠᠵᠢᠯ ᠦᠪᠡᠰᠦᠪᠡᠨ ᠰᠡᠷᠭᠦᠨ᠎ᠡ᠃
ᠡᠭᠦᠨ᠎ᠤ ᠲᠤᠯᠠ ᠣᠨᠴᠠᠭ᠋ᠠᠢ᠌ᠯᠠᠨ ᠵᠠᠷᠯᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠰᠣᠶᠣᠯ ᠪᠠ ᠵᠢᠭᠤᠯᠴᠢᠯᠠᠯ᠎ᠤᠨ ᠲᠢᠩᠬᠢᠮ
2022 ᠣᠨ᠎ᠤ 10 ᠳ᠋ᠤᠭ᠋ᠠᠷ ᠰᠠᠷ᠎ᠠ ᠵᠢᠨ 17᠎ᠤ ᠡᠳᠦᠷ