ᠬᠠᠲᠤᠨ ᠭᠣᠣᠯ᠎ᠤᠨ几 ᠬᠡᠯᠪᠡᠷᠢᠲᠦ ᠲᠤᠬᠤᠢ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠲᠠᠸᠠᠷ᠎ᠤᠨ ᠪᠦᠲᠦᠭᠡᠯᠴᠢ ᠲᠥᠰᠥᠪᠯᠡᠯ᠎ᠤᠨ ᠤᠷᠤᠯᠳᠤᠭ᠋ᠠᠨ᠎ᠤ ᠱᠠᠩᠨᠠᠯ ᠣᠯᠭᠣᠬᠤ ᠶᠣᠰᠣᠯᠠᠯ ᠵᠢᠴᠢ ᠰᠢᠯᠢᠳᠡᠭ ᠪᠦᠲᠦᠭᠡᠯ᠎ᠤᠨ ᠦᠵᠡᠭᠦᠯᠭᠡ ᠪᠣᠯ ᠣᠯᠠᠨ ᠬᠦᠮᠦᠨ᠎ᠤ ᠴᠤᠭᠯᠠᠷᠠᠯ᠎ᠤᠨ ᠴᠢᠨᠠᠷᠲᠠᠢ ᠠᠵᠢᠯᠯᠠᠭ᠎ᠠ ᠪᠣᠯᠬᠣᠷ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠱᠠᠭ᠋ᠠᠷᠳᠠᠯᠭ᠎ᠠ ᠶᠣᠰᠣᠭ᠋ᠠᠷ᠂ ᠡᠷᠭᠢᠯᠡᠬᠦ ᠦᠷ᠎ᠡ ᠪᠦᠲᠦᠮᠵᠢ ᠪᠠ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠬᠦ ᠵᠢᠨ ᠲᠥᠯᠥᠭᠡ᠂ ᠬᠠᠲᠤᠨ ᠭᠣᠣᠯ᠎ᠤᠨ几 ᠬᠡᠯᠪᠡᠷᠢᠲᠦ ᠲᠤᠬᠤᠢ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠲᠠᠸᠠᠷ᠎ᠤᠨ ᠪᠦᠲᠦᠭᠡᠯᠴᠢ ᠲᠥᠰᠥᠪᠯᠡᠯ᠎ᠤᠨ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠤᠨ ᠰᠤᠳᠤᠯᠤᠯᠲᠠ᠎ᠪᠠᠷ ᠳᠡᠮᠵᠢᠨ᠂ 9 ᠳ᠋ᠦ᠍ᠭᠡᠷ ᠰᠠᠷ᠎ᠠ ᠵᠢᠨ 30᠎ᠤ ᠡᠳᠦᠷ᠎ᠲᠤ ᠪᠦᠲᠦᠭᠡᠯ᠎ᠤᠨ ᠴᠤᠭᠯᠠᠭᠤᠯᠭ᠎ᠠ ᠵᠢ ᠬᠠᠭ᠋ᠠᠬᠤ ᠪᠠᠢ᠌ᠭᠰᠠᠨ᠎ᠢ 10 ᠳ᠋ᠤᠭ᠋ᠠᠷ ᠰᠠᠷ᠎ᠠ ᠵᠢᠨ 20᠎ᠤ ᠡᠳᠦᠷ᠂ ᠤᠷᠤᠯᠳᠤᠭ᠋ᠠᠨ᠎ᠤ ᠱᠠᠩᠨᠠᠯ ᠣᠯᠭᠣᠬᠤ ᠶᠣᠰᠣᠯᠠᠯ ᠵᠢᠴᠢ ᠰᠢᠯᠢᠳᠡᠭ ᠪᠦᠲᠦᠭᠡᠯ᠎ᠤᠨ ᠦᠵᠡᠭᠦᠯᠭᠡ ᠵᠢ 11 ᠳ᠋ᠦ᠍ᠭᠡᠷ ᠰᠠᠷ᠎ᠠ ᠵᠢᠨ ᠳᠤᠮᠳᠠᠴᠢ ᠬᠦᠷᠲᠡᠯ᠎ᠡ ᠤᠷᠲᠤᠳᠬᠠᠬᠤ᠎ᠪᠠᠷ ᠲᠣᠭᠲᠠᠪᠠ᠃ ᠪᠣᠳᠠᠲᠠᠢ ᠴᠠᠭ᠎ᠢ ᠠᠰᠲᠤᠨᠢ ᠮᠡᠳᠡᠭᠳᠡᠨ᠎ᠡ᠂ ᠤᠷᠤᠯᠳᠤᠭ᠋ᠠᠨ᠎ᠤ ᠠᠯᠪᠠᠨ᠎ᠤ ᠸᠢᠴᠠᠲ᠎ᠤᠨ ᠣᠯᠠᠨ ᠨᠡᠶ᠋ᠢᠲᠡ ᠵᠢᠨ ᠲᠠᠪᠴᠠᠩ᠎ᠳᠤ ᠠᠩᠬᠠᠷᠤᠯ ᠵᠶ᠋ᠡᠨ ᠬᠠᠨᠳᠤᠭᠤᠯᠵᠤ᠂ ᠤᠷᠤᠯᠳᠤᠭ᠋ᠠᠨ᠎ᠤ ᠬᠠᠮᠤᠭ᠎ᠤᠨ ᠰᠢᠨ᠎ᠡ ᠠᠬᠢᠴᠠ ᠵᠢ ᠴᠠᠭ ᠲᠤᠬᠠᠢᠳᠤᠨᠢ ᠣᠢ᠌ᠯᠠᠭ᠋ᠠᠬᠤ ᠵᠢ ᠬᠦᠰᠡᠵᠦ ᠪᠠᠢ᠌ᠨ᠎ᠠ᠃