ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 31 ᠳ᠋ᠤᠭᠡᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠵᠧᠵᠢᠶᠠᠩ ᠪᠣᠯᠣᠨ ᠱᠠᠨᠳᠦ᠋ᠩ᠎ᠤᠨ ᠽᠤᠤᠵᠤᠸᠠᠩ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
ᠨᠡᠶᠢᠲᠡᠯᠡᠭᠰᠡᠨ ᠴᠠᠭ᠄ 2023-10-29

     2023 ᠣᠨ᠎ᠤ 10 ᠳ᠋ᠤᠭ᠋ᠠᠷ ᠰᠠᠷ᠎ᠠ ᠵᠢᠨ 25᠎ᠤ ᠡᠳᠦᠷ (ᠭᠠᠷᠠᠭ᠎ᠤᠨ ᠭᠤᠷᠪᠠᠨ)᠎ᠤᠨ ᠦᠳᠡ ᠵᠢᠨ ᠬᠤᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠴᠢᠨ ᠶᠠᠨ 2023 ᠣᠨ᠎ᠤ 31 ᠳ᠋ᠤᠭᠡᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》 ᠪᠣᠯᠣᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠳᠦᠷᠢᠮ》 《ᠰᠢᠨ᠎ᠡ ᠪᠠᠢ᠌ᠳᠠᠯ᠎ᠤᠨ ᠳᠣᠣᠷᠠᠬᠢ ᠨᠠᠮ᠎ᠤᠨ ᠳᠣᠲᠣᠭ᠋ᠠᠳᠤ ᠵᠢᠨ ᠤᠯᠤᠰ ᠲᠦᠷᠦ ᠵᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》 《ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠯ》 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ᠎ᠤᠨ ᠳᠦᠷᠢᠮ》 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠬᠤ ᠳᠦᠷᠢᠮ》 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠳᠦᠷᠢᠮ》 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ》 《ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢᠨ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠲᠣᠭᠲᠠᠭ᠋ᠠᠯ》 《ᠲᠣᠭᠣᠷᠢᠨ ᠪᠠᠢ᠌ᠴᠠᠭ᠋ᠠᠭᠳᠠᠬᠤ ᠨᠠᠮ᠎ᠤᠨ ᠵᠣᠬᠢᠶᠠᠨ ᠪᠠᠢ᠌ᠭᠤᠯᠤᠯᠲᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠣᠷᠢᠨ ᠪᠠᠢ᠌ᠴᠠᠭ᠋ᠠᠬᠤ ᠠᠵᠢᠯ᠎ᠳᠤ ᠬᠠᠮᠵᠢᠯᠴᠠᠬᠤ ᠲᠣᠭᠲᠠᠭ᠋ᠠᠯ》 ᠵᠡᠷᠭᠡ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠣᠷᠢᠨ ᠪᠠᠢ᠌ᠴᠠᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠤᠯᠤᠰ ᠲᠦᠷᠦ ᠵᠢᠨ ᠲᠣᠭᠣᠷᠢᠨ ᠪᠠᠢ᠌ᠴᠠᠭ᠋ᠠᠯᠲᠠ ᠵᠢ ᠭᠦᠨᠵᠡᠭᠡᠢ᠌ᠷᠡᠭᠦᠯᠬᠦ ᠲᠤᠬᠠᠢ ᠱᠠᠭ᠋ᠠᠷᠳᠠᠯᠭ᠎ᠠ ᠵᠢ ᠰᠤᠷᠤᠯᠴᠠᠵᠤ᠂ ᠦᠵᠡᠯ ᠰᠠᠨᠠᠭ᠎ᠠ᠎ᠪᠠᠨ ᠨᠢᠭᠡᠳᠬᠡᠵᠦ᠂ ᠲᠠᠨᠢᠯᠲᠠ᠎ᠪᠠᠨ ᠳᠡᠭᠡᠭᠰᠢᠯᠡᠭᠦᠯᠵᠦ᠂ ᠲᠣᠭᠣᠷᠢᠨ ᠪᠠᠢ᠌ᠴᠠᠭ᠋ᠠᠬᠤ ᠠᠵᠢᠯ᠎ᠳᠤ ᠬᠠᠮᠵᠢᠯᠴᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃
    ᠬᠤᠷᠠᠯ᠎ᠠᠴᠠ᠂ ᠡᠯ᠎ᠡ ᠱᠠᠲᠤᠨ᠎ᠤ ᠰᠣᠶᠣᠯ ᠵᠢᠭᠤᠯᠴᠢᠯᠠᠯ᠎ᠤᠨ ᠰᠢᠰᠲᠸᠮ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ   ᠰᠢᠰᠲᠸᠮ᠎ᠢ ᠪᠦᠷᠢᠨᠰᠢᠭᠦᠯᠵᠦ᠂ 《ᠲᠦᠷᠪᠡᠨ ᠬᠠᠷᠢᠭᠤᠴᠠᠯᠭ᠎ᠠ ᠵᠢ ᠵᠤᠬᠢᠴᠠᠭᠤᠯᠬᠤ》 ᠲᠣᠭᠲᠠᠴᠠ ᠵᠢ ᠭᠦᠨᠵᠡᠭᠡᠢ᠌ᠷᠡᠭᠦᠯᠦᠨ ᠨᠠᠷᠢᠯᠢᠭᠵᠢᠭᠤᠯᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ ᠵᠢ ᠴᠢᠩᠭ᠎ᠠ ᠠᠳᠬᠤᠨ ᠪᠣᠳᠠᠲᠠᠢ ᠠᠳᠬᠤᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ ᠭᠦᠨᠵᠡᠭᠡᠢ᠌ᠷᠡᠨ ᠬᠥᠭᠵᠢᠬᠦ ᠵᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠲᠣᠭᠣᠷᠢᠨ ᠪᠠᠢ᠌ᠴᠠᠭ᠋ᠠᠬᠤ ᠳᠦᠷᠢᠮ ᠪᠣᠯ ᠨᠠᠮ᠎ᠤᠨ ᠰᠠᠢ᠌ᠨ ᠪᠠᠭ᠋ᠠᠵᠢ᠂ ᠤᠯᠤᠰ᠎ᠤᠨ ᠰᠠᠢ᠌ᠨ ᠪᠠᠭ᠋ᠠᠵᠢ ᠮᠥᠨ᠃ ᠲᠣᠭᠣᠷᠢᠨ ᠪᠠᠢ᠌ᠴᠠᠭ᠋ᠠᠬᠤ ᠠᠵᠢᠯ ᠪᠣᠯ ᠲᠤᠢ᠌ᠯ᠎ᠤᠨ ᠴᠢᠬᠤᠯᠠ ᠶᠤᠮ᠃ ᠡᠯ᠎ᠡ ᠨᠢᠭᠡᠴᠢ᠂ ᠡᠯ᠎ᠡ ᠭᠠᠵᠠᠷ ᠲᠠᠰᠤᠭ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠲᠣᠭᠣᠷᠢᠨ ᠪᠠᠢ᠌ᠴᠠᠭ᠋ᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠭᠣᠷᠢᠨ ᠪᠠᠢ᠌ᠴᠠᠭ᠋ᠠᠬᠤ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠤᠯᠤᠰ ᠲᠥᠷᠥ ᠵᠢᠨ ᠡᠭᠦᠷᠭᠡᠯᠡᠯ ᠵᠶ᠋ᠡᠨ ᠴᠢᠩᠭ᠋ᠠᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠨᠡᠩ ᠰᠠᠢ᠌ᠨ ᠭᠦᠢ᠍ᠴᠡᠳᠬᠡᠵᠦ᠂ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠲᠠᠢ ᠬᠠᠮᠵᠢᠯᠴᠠᠨ ᠬᠠᠮᠢᠶ᠎ᠠ ᠪᠦᠬᠦᠢ ᠠᠵᠢᠯ᠎ᠢ ᠰᠠᠢ᠌ᠲᠤᠷ ᠥᠷᠨᠢᠭᠦᠯᠵᠦ᠂ ᠲᠡᠷᠡᠴᠢᠯᠡᠨ ᠲᠣᠭᠣᠷᠢᠨ ᠪᠠᠢ᠌ᠴᠠᠭ᠋ᠠᠵᠤ ᠢᠯᠡᠷᠡᠭᠦᠯᠦᠭᠰᠡᠨ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠵᠤ᠂ ᠠᠵᠢᠯ᠎ᠤᠨ ᠦᠷ᠎ᠡ ᠪᠦᠲᠦᠮᠵᠢ᠎ᠪᠠᠨ ᠴᠢᠨᠠᠭᠰᠢᠳᠠ ᠳᠡᠭᠡᠭᠰᠢᠯᠡᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠠᠵᠢᠯ ᠬᠢᠵᠦ ᠦᠢ᠍ᠯᠡᠰ ᠪᠣᠰᠬᠠᠬᠤ ᠴᠤᠭ ᠰᠦᠯᠳᠡ ᠵᠢ ᠪᠠᠳᠠᠷᠠᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ ᠪᠣᠭᠣᠮᠲᠠ ᠰᠢᠪᠲᠤᠯᠤᠨ ᠬᠦᠴᠢᠷ᠎ᠢ ᠳᠠᠪᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠠᠵᠢᠯ᠎ᠢ ᠪᠣᠳᠠᠲᠠᠢ ᠠᠳᠬᠤᠵᠤ᠂ ᠰᠠᠭᠤᠷᠢ᠎ᠪᠠᠨ ᠪᠠᠲᠤᠳᠬᠠᠵᠤ᠂ ᠠᠯᠬᠤᠮ ᠵᠶ᠋ᠠᠨ ᠯᠠᠪᠳᠠᠭᠤᠳᠬᠠᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ 《ᠰᠢᠨ᠎ᠡ ᠵᠠᠮ᠎ᠢ ᠨᠡᠭᠡᠭᠡᠵᠦ᠂ ᠳᠤᠮᠳᠠ ᠤᠷᠤᠰᠬᠠᠯ᠎ᠳᠤ ᠣᠷᠣᠬᠤ》 ᠬᠠᠷᠠᠯᠲᠠ ᠵᠢ ᠪᠡᠶᠡᠯᠡᠭᠦᠯᠬᠦ᠎ᠳᠤ ᠢᠳᠡᠪᠬᠢᠲᠡᠢ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 29 ᠳ᠋ᠦ᠍ᠭᠡᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ᠂ 《ᠲᠦᠷᠦ ᠵᠢᠨ ᠶᠠᠪᠤᠳᠠᠯ᠎ᠤᠨ ᠬᠣᠷᠢᠶᠠᠨ᠎ᠤ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》 ᠪᠣᠯᠣᠨ ᠪᠦᠬᠦ ᠣᠷᠣᠨ᠎ᠤ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠠᠵᠢᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠲᠣᠬᠢᠷᠠᠭᠤᠯᠤᠨ ᠪᠠᠢ᠌ᠷᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 28 ᠳ᠋ᠤᠭ᠋ᠠᠷ ᠤᠳᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ ᠰᠢ ᠵᠢᠨ ᠫᠢᠩ ᠶᠡᠷᠦᠩᠬᠡᠢ ᠱᠦᠵᠢ ᠵᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠪᠣᠯᠣᠨ ᠪᠦᠬᠦ ᠤᠯᠤᠰ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠳᠠᠮᠵᠢᠭᠤᠯᠤᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 27 ᠳ᠋ᠤᠭ᠋ᠠᠷ ᠤᠲᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ ᠵᠧᠵᠢᠶᠠᠩ ᠪᠣᠯᠣᠨ ᠱᠠᠨᠳᠦ᠋ᠩ᠎ᠤᠨ ᠽᠤᠤᠵᠤᠸᠠᠩ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠯᠢᠳᠡᠭ ᠦᠷ᠎ᠡ ᠪᠦᠲᠦᠭᠡᠯ᠎ᠢ ᠰᠤᠩᠭᠤᠨ ᠲᠠᠨᠢᠯᠴᠠᠭᠤᠯᠬᠤ ᠪᠠ ᠳᠡᠯᠭᠡᠨ ᠦᠵᠡᠭᠦᠯᠬᠦ ᠠᠵᠢᠯᠯᠠᠭ᠎ᠠ ᠵᠢᠨ ᠵᠦᠢ᠍ᠯᠡᠰ᠎ᠢ ᠵᠠᠷᠯᠠᠨ ᠨᠡᠢ᠌ᠲᠡᠯᠡᠬᠦ ᠲᠤᠬᠠᠢ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 23 ᠳ᠋ᠤᠭ᠋ᠠᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠎ᠢ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠰᠧᠴᠤᠸᠠᠨ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
 
            