9 ᠳ᠋ᠤᠭᠡᠷ ᠰᠠᠷ᠎ᠠ ᠵᠢᠨ 19᠎ᠤ ᠡᠳᠦᠷ (ᠭᠠᠷᠠᠭ᠎ᠤᠨ ᠬᠣᠶᠠᠷ)᠎ᠤᠨ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠴᠢᠨ ᠶᠠᠨ 2023 ᠣᠨ᠎ᠤ 25 ᠳ᠋ᠤᠭ᠋ᠠᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ᠎ᠳᠤ ᠵᠡᠭᠦᠨ ᠬᠣᠢ᠌ᠲᠤ ᠣᠷᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠰᠠᠭᠤᠳᠠᠯ᠎ᠤᠨ ᠬᠤᠷᠠᠯ᠎ᠢ ᠡᠷᠭᠢᠯᠡᠬᠦ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠬᠠᠷᠠᠮᠥ᠋ᠷᠡᠨ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ᠎ᠳᠤ ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠰᠠᠭᠤᠳᠠᠯ᠎ᠤᠨ ᠬᠤᠷᠠᠯ᠎ᠢ ᠡᠷᠬᠢᠯᠡᠬᠦ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠨᠢ ᠰᠢᠨ᠎ᠡ ᠴᠠᠭ ᠦᠶ᠎ᠡ ᠵᠢᠨ ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢᠨ ᠠᠯᠢ ᠤᠯᠠᠨ ᠦᠨᠳᠦᠰᠦᠨ ᠴᠢᠨᠠᠷᠲᠠᠢ᠂ ᠪᠦᠬᠦ ᠲᠠᠯ᠎ᠠ ᠵᠢᠨ ᠴᠢᠨᠠᠷᠲᠠᠢ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠰᠠᠭᠤᠳᠠᠯ᠎ᠢ ᠭᠦᠨᠵᠡᠭᠡᠢ ᠲᠣᠳᠣᠷᠬᠠᠢ᠌ᠯᠠᠨ ᠥᠭᠦᠯᠡᠵᠦ᠂ ᠴᠢᠬᠤᠯᠠ ᠶᠡᠬᠡ ᠤᠯᠤᠰ ᠲᠦᠷᠦ ᠵᠢᠨ ᠠᠴᠢ ᠬᠣᠯᠪᠣᠭᠳᠠᠯ᠂ ᠤᠨᠤᠯ᠎ᠤᠨ ᠠᠴᠢ ᠬᠣᠯᠪᠣᠭᠳᠠᠯ ᠪᠠ ᠦᠢ᠍ᠯᠡᠳᠦᠯᠭᠡ ᠵᠢᠨ ᠠᠴᠢ ᠬᠣᠯᠪᠣᠭᠳᠠᠯ᠎ᠲᠠᠢ ᠪᠠᠢ᠌ᠵᠤ᠂ ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠦᠨᠳᠦᠰᠦᠨ ᠵᠢᠷᠤᠮᠯᠠᠯ ᠪᠠ ᠠᠵᠢᠯᠯᠠᠭ᠋ᠠᠨ᠎ᠤ ᠵᠦᠭᠯᠡᠭᠦᠷ ᠬᠠᠩᠭ᠋ᠠᠭᠰᠠᠨ ᠪᠠᠢ᠌ᠨ᠎ᠠ᠃ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ᠎ᠬᠢᠨ 《ᠬᠣᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠤᠯᠤᠰ ᠲᠥᠷᠥ ᠵᠢᠨ ᠥᠨᠳᠥᠷᠴᠡ᠎ᠠᠴᠠ ᠦᠵᠡᠯ ᠰᠠᠨᠠᠭ᠋ᠠᠨ᠎ᠤ ᠤᠬᠠᠮᠰᠠᠷ᠂ ᠤᠯᠤᠰ ᠲᠦᠷᠦ ᠵᠢᠨ ᠤᠬᠠᠮᠰᠠᠷ᠂ ᠦᠢ᠍ᠯᠡ ᠠᠵᠢᠯᠯᠠᠭ᠋ᠠᠨ᠎ᠤ ᠤᠬᠠᠮᠰᠠᠷ ᠵᠶ᠋ᠠᠨ ᠦᠨᠡᠨ ᠬᠦ᠌ ᠳᠡᠭᠡᠭᠰᠢᠯᠡᠭᠦᠯᠵᠦ᠂ ᠲᠡᠦᠬᠡ ᠵᠢᠨ ᠠᠵᠠ ᠲᠣᠬᠢᠶᠠᠯ᠎ᠢ ᠬᠥᠭᠵᠢᠯᠲᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠵᠤ᠂ ᠵᠡᠭᠦᠨ ᠬᠣᠢ᠌ᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠵᠢ ᠴᠢᠨᠠᠷ ᠰᠠᠢ᠌ᠲᠠᠢ ᠠᠬᠢᠭᠤᠯᠬᠤ ᠳᠤᠮᠳᠠ ᠲᠡᠷᠢᠭᠦᠨ ᠲᠣᠬᠢᠶᠠᠯ᠎ᠢ ᠠᠮᠵᠢᠵᠤ᠂ ᠰᠠᠨᠠᠭ᠋ᠠᠴᠢᠯᠠᠭ᠋ᠠᠲᠤ ᠡᠷᠬᠡ ᠵᠢ ᠡᠵᠡᠮᠳᠡᠵᠦ᠂ ᠬᠢᠯᠢ ᠬᠢᠵᠠᠭ᠋ᠠᠷ᠎ᠤᠨ ᠵᠢᠭᠤᠯᠴᠢᠯᠠᠯ᠂ ᠤᠢ ᠰᠢᠭᠤᠢ ᠵᠢᠨ ᠵᠢᠭᠤᠯᠴᠢᠯᠠᠯ᠂ ᠮᠥᠰᠥ ᠴᠠᠰᠤᠨ᠎ᠤ ᠵᠢᠭᠤᠯᠴᠢᠯᠠᠯ᠎ᠢ ᠶᠡᠬᠡ᠎ᠪᠠᠷ ᠬᠥᠭᠵᠢᠭᠦᠯᠵᠦ᠂ ᠤᠯᠠᠨ ᠨᠡᠶ᠋ᠢᠲᠡ ᠵᠢᠨ ᠰᠣᠶᠣᠯ᠎ᠢ ᠦᠷᠭᠦᠯᠵᠢᠯᠡᠨ ᠴᠡᠴᠡᠭᠯᠡᠭᠦᠯᠦᠨ ᠬᠥᠭᠵᠢᠭᠦᠯᠵᠦ᠂ ᠵᠡᠭᠦᠨ ᠬᠣᠢ᠌ᠲᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠤᠷᠢᠳ ᠵᠶ᠋ᠠᠷ ᠬᠥᠭᠵᠢᠬᠦ᠂ ᠦᠷᠭᠦᠯᠵᠢᠯᠡᠨ ᠬᠥᠭᠵᠢᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠯᠲᠠ ᠬᠢᠭᠰᠡᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶᠠᠨ᠎ᠤ ᠭᠦᠨ ᠵᠤᠵᠠᠭ᠋ᠠᠨ ᠬᠠᠢ᠌ᠷ᠎ᠠ ᠬᠠᠯᠠᠮᠵᠢ ᠪᠣᠯᠣᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠵᠢ ᠭᠦᠨᠵᠡᠭᠡᠢ ᠣᠢ᠌ᠯᠠᠭ᠋ᠠᠵᠤ᠂ ᠤᠬᠠᠮᠰᠠᠷ᠎ᠠᠴᠠ᠎ᠪᠠᠨ ᠶᠡᠷᠦᠩᠬᠡᠢ ᠱᠦᠵᠢ ᠰᠢ ᠵᠢᠨ ᠫᠢᠩ᠎ᠤᠨ ᠬᠠᠢ᠌ᠷ᠎ᠠ ᠬᠠᠯᠠᠮᠵᠢ ᠵᠢ ᠠᠵᠢᠯ ᠬᠢᠵᠦ ᠦᠢ᠍ᠯᠡᠰ ᠪᠣᠰᠬᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠎ᠲᠠᠢ ᠣᠪᠣᠷ᠂ ᠨᠡᠩ ᠯᠠᠪᠳᠠᠭᠤᠨ ᠪᠦᠲᠦᠮᠵᠢᠲᠡᠶ ᠠᠷᠭ᠎ᠠ ᠬᠡᠮᠵᠢᠶ᠎ᠡ᠎ᠪᠠᠷ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢ ᠰᠠᠢ᠌ᠲᠤᠷ ᠨᠠᠢ᠌ᠳᠠᠪᠤᠷᠢᠵᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ ᠳᠤᠮᠳᠠᠬᠢ ᠰᠣᠶᠣᠯ ᠪᠠ ᠵᠢᠭᠤᠯᠴᠢᠯᠠᠯ᠎ᠤᠨ ᠴᠢᠬᠤᠯᠠ ᠦᠢ᠍ᠯᠡᠳᠦᠯ᠎ᠢ ᠦᠨᠡᠨ ᠬᠦ᠌ ᠪᠠᠳᠠᠷᠠᠭᠤᠯᠵᠤ᠂ ᠠᠮᠢ ᠠᠬᠤᠢ ᠵᠢᠨ ᠵᠢᠭᠤᠯᠴᠢᠯᠠᠯ᠂ ᠰᠣᠶᠣᠯ᠎ᠤᠨ ᠵᠢᠭᠤᠯᠴᠢᠯᠠᠯ᠂ ᠰᠡᠯᠡᠭᠦᠴᠡᠯ᠎ᠤᠨ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠵᠢᠨ ᠵᠢᠭᠤᠯᠴᠢᠯᠠᠯ᠎ᠢ ᠶᠡᠬᠡ᠎ᠪᠠᠷ ᠬᠥᠭᠵᠢᠭᠦᠯᠵᠦ᠂ ᠨᠢᠭᠡ ᠪᠦᠯᠦᠭ ᠤᠯᠤᠰ᠎ᠤᠨ ᠲᠠᠰ᠎ᠤᠨ ᠠᠮᠢ ᠠᠬᠤᠢ ᠵᠢᠨ ᠵᠢᠭᠤᠯᠴᠢᠯᠠᠯ᠎ᠤᠨ ᠵᠤᠷᠢᠯᠲᠠᠲᠤ ᠭᠠᠵᠠᠷ᠂ ᠵᠢᠭᠤᠯᠴᠢᠯᠠᠯ ᠰᠡᠯᠡᠭᠦᠴᠡᠯ᠎ᠤᠨ ᠬᠣᠲᠠ ᠵᠢ ᠪᠦᠲᠦᠭᠡᠨ ᠪᠠᠢ᠌ᠭᠤᠯᠵᠤ᠂ ᠨᠢᠭᠡ ᠪᠦᠯᠦᠭ ᠠᠮᠢ ᠠᠬᠤᠢ ᠵᠢᠨ ᠵᠢᠭᠤᠯᠴᠢᠯᠠᠯ᠎ᠤᠨ ᠰᠣᠳᠣᠨ ᠵᠠᠮ ᠱᠤᠭᠤᠮ᠎ᠢ ᠨᠡᠭᠡᠭᠡᠨ ᠭᠠᠷᠭ᠋ᠠᠵᠤ᠂ 《ᠬᠥᠬᠡᠮᠳᠦᠭ ᠨᠣᠭᠣᠭ᠋ᠠᠨ ᠠᠭᠤᠯᠠ ᠤᠰᠤ》 ᠬᠢᠭᠡᠳ 《ᠠᠯᠲᠠᠨ ᠠᠭᠤᠯᠠ ᠮᠥᠩᠭᠥᠨ ᠠᠭᠤᠯᠠ》 ᠵᠢᠨ ᠬᠣᠣᠰ ᠴᠢᠭᠯᠡᠯ ᠵᠶ᠋ᠡᠷ ᠤᠯᠠᠷᠢᠭᠤᠯᠬᠤ ᠵᠠᠮ ᠱᠤᠭᠤᠮ ᠵᠢᠴᠢ ᠪᠡᠶᠡᠯᠡᠭᠦᠯᠬᠦ ᠵᠠᠮ ᠱᠤᠭᠤᠮ᠎ᠢ ᠨᠡᠪᠲᠡᠷᠡᠭᠦᠯᠦᠨ᠎ᠡ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃