ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 21 ᠳ᠋ᠦ᠍ᠭᠡᠷ ᠤᠲᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠵᠢᠶᠠᠩᠰᠤ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
ᠨᠡᠶᠢᠲᠡᠯᠡᠭᠰᠡᠨ ᠴᠠᠭ᠄ 2023-07-20


     2023 ᠣᠨ᠎ᠤ 7 ᠳ᠋ᠤᠭ᠋ᠠᠷ ᠰᠠᠷ᠎ᠠ ᠵᠢᠨ 20᠎ᠤ ᠡᠳᠦᠷ (ᠭᠠᠷᠠᠭ᠎ᠤᠨ ᠳᠥᠷᠪᠡᠨ)᠎ᠤᠨ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠴᠢᠨ ᠶᠠᠨ 2023 ᠣᠨ᠎ᠤ 21   ᠳ᠋ᠦ᠍ᠭᠡᠷ ᠤᠲᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ ᠵᠢᠶᠠᠩᠰᠤ᠎ᠳᠤ ᠠᠵᠢᠯ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃
      ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠵᠢᠶᠠᠩᠰᠤ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂   ᠬᠣᠯᠪᠣᠭᠳᠠᠯ ᠪᠦᠬᠦᠢ ᠠᠵᠢᠯ᠎ᠢ ᠰᠠᠢ᠌ᠲᠤᠷ ᠬᠢᠬᠦ ᠬᠡᠷᠡᠭᠲᠡᠢ᠃ ᠢᠮᠠᠭᠲᠠ ᠲᠡᠦᠬᠡ ᠵᠢ ᠪᠢᠰᠢᠷᠡᠨ ᠬᠦᠨᠲᠦᠳᠭᠡᠬᠦ  ᠂ ᠰᠣᠶᠣᠯ᠎ᠢ ᠪᠢᠰᠢᠷᠡᠨ ᠬᠦᠨᠲᠦᠳᠬᠡᠬᠦ᠂ ᠠᠮᠢ ᠠᠬᠤᠢ ᠵᠢ ᠪᠢᠰᠢᠷᠡᠨ ᠬᠦᠨᠲᠦᠳᠬᠡᠭᠦ᠂ ᠲᠡᠦᠬᠡ ᠰᠣᠶᠣᠯ᠎ᠤᠨ ᠥᠪ᠎ᠢ ᠪᠦᠬᠦ ᠲᠠᠯ᠎ᠠ᠎ᠪᠠᠷ ᠰᠠᠢ᠌ᠲᠤᠷ ᠬᠠᠮᠠᠭ᠋ᠠᠯᠠᠵᠤ᠂ ᠵᠢᠭᠤᠯᠴᠢᠯᠠᠯ᠎ᠤᠨ ᠬᠥᠭᠵᠢᠯᠲᠡ᠂ ᠣᠨᠴᠠᠯᠢᠭᠲᠤ ᠡᠵᠡᠩᠨᠡᠯᠲᠡ᠂ ᠡᠷᠲᠡᠨ᠎ᠤ ᠬᠤᠳᠠ ᠵᠢᠨ ᠬᠠᠮᠠᠭ᠋ᠠᠯᠠᠯᠲᠠ ᠵᠢ ᠨᠢᠭᠡᠳᠦᠯᠲᠡᠢ ᠲᠥᠯᠥᠪᠵᠢᠭᠦᠯᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠪᠠᠢ᠌ᠭᠤᠯᠵᠤ᠂ ᠤᠷᠢᠳᠤᠬᠢ ᠬᠥᠮᠥᠰ᠎ᠤᠨ ᠪᠢᠳᠡᠨ᠎ᠳᠤ ᠦᠯᠡᠳᠡᠭᠡᠵᠦ ᠥᠭᠭᠦᠭᠰᠡᠨ ᠡᠷᠬᠢᠮ ᠨᠠᠨᠳᠢᠨ ᠡᠳ᠋ ᠬᠥᠷᠥᠩᠭᠡ ᠵᠢ ᠰᠠᠢ᠌ᠲᠤᠷ ᠰᠠᠬᠢᠨ ᠬᠠᠮᠠᠭ᠋ᠠᠯᠠᠬᠤ ᠬᠡᠷᠡᠭᠲᠡᠢ᠃ ᠰᠤᠷᠤᠯᠴᠠᠬᠤ᠎ᠪᠠᠷ ᠰᠦᠭ ᠰᠦᠨᠡᠰᠦ ᠵᠢ ᠱᠤᠭᠤᠬᠤ᠂ ᠰᠤᠷᠤᠯᠴᠠᠬᠤ᠎ᠪᠠᠷ ᠤᠶᠤᠨ ᠤᠬᠠᠭ᠋ᠠᠨ᠎ᠢ ᠨᠡᠮᠡᠭᠳᠡᠭᠦᠯᠬᠦ᠂ ᠰᠤᠷᠤᠯᠴᠠᠬᠤ᠎ᠪᠠᠷ ᠰᠤᠷᠲᠠᠯ᠎ᠢ ᠲᠥᠪ ᠪᠣᠯᠭ᠋ᠠᠬᠤ᠂ ᠰᠤᠷᠤᠯᠴᠠᠬᠤ᠎ᠪᠠᠷ ᠠᠵᠢᠯᠯᠠᠬᠤ ᠵᠢ ᠠᠬᠢᠭᠤᠯᠬᠤ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠱᠠᠭ᠋ᠠᠷᠳᠠᠯᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ 《ᠦᠢ᠍ᠯᠡᠳᠦᠯᠭᠡ ᠵᠢ ᠴᠢᠬᠤᠯᠠᠴᠢᠯᠠᠬᠤ》 ᠱᠠᠭ᠋ᠠᠷᠳᠠᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠬᠤ ᠵᠢ ᠬᠥᠮᠥᠵᠢᠭᠦᠯᠦᠨ ᠬᠥᠲᠥᠯᠥᠨ ᠵᠢᠯᠤᠭᠣᠳᠴᠤ᠂ ᠡᠯ᠎ᠡ ᠵᠦᠢ᠍ᠯ᠎ᠤᠨ ᠠᠵᠢᠯ᠎ᠢ ᠴᠢᠩᠭ᠎ᠠ ᠠᠳᠬᠤᠨ ᠲᠦᠷᠭᠡᠨ ᠠᠬᠢᠭᠤᠯᠵᠤ᠂ ᠪᠣᠳᠠᠲᠠᠢ᠎ᠪᠠᠷ ᠠᠳᠬᠤᠵᠤ᠂   ᠠᠵᠢᠯ ᠦᠢ᠍ᠯᠡᠰ ᠵᠶ᠋ᠡᠨ ᠠᠮᠵᠢᠯᠲᠠ᠎ᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ ᠱᠠᠭ᠋ᠠᠷᠳᠠᠭᠰᠠᠨ᠎ᠨᠢ᠂   ᠶᠡᠷᠦᠩᠬᠡᠢ ᠱᠦᠵᠢ ᠰᠢ ᠵᠢᠨ ᠫᠢᠩ ᠎ᠤᠨ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠠᠵᠢᠯ᠎ᠤᠨ ᠬᠤᠷᠠᠯ᠎ᠤᠨ ᠱᠠᠭ᠋ᠠᠷᠳᠠᠯᠭ᠎ᠠ ᠶᠣᠰᠣᠭ᠋ᠠᠷ᠂ ᠦᠶᠡᠷ ᠤᠰᠤᠲᠤᠯ᠎ᠤᠨ ᠭᠠᠮᠰᠢᠭ ᠠᠮᠠᠷᠬᠠᠨ ᠡᠭᠦᠰᠳᠡᠭ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠭᠣᠣᠯᠳᠠᠯᠭ᠎ᠠ᠎ᠲᠠᠢ ᠠᠩᠬᠠᠷᠴᠤ᠂ 《ᠴᠠᠭ ᠢᠮᠠᠭᠲᠠ ᠰᠡᠳᠬᠢᠯ ᠠᠮᠤᠷ ᠦᠭᠡᠢ ᠪᠠᠢ᠌ᠬᠤ》 ᠬᠠᠷᠢᠭᠤᠴᠠᠯᠭ᠋ᠠᠲᠤ ᠰᠡᠳᠬᠢᠯᠭᠡ᠎ᠪᠠᠷ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠡᠭᠦᠷᠭᠡ ᠵᠢ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ᠃
      ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠰᠣᠶᠣᠯ ᠎ᠢ ᠤᠯᠠᠮᠵᠢᠯᠠᠨ ᠬᠥᠭᠵᠢᠭᠦᠯᠬᠦ   ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ ᠨᠠᠢ᠌ᠲᠠᠪᠤᠷᠢᠵᠢᠭᠤᠯᠤᠨ᠂ ᠶᠡᠷᠦᠩᠬᠡᠢ ᠱᠦᠵᠢ ᠰᠢ ᠵᠢᠨ ᠫᠢᠩ ᠎ᠤᠨ ᠰᠣᠶᠣᠯ ᠎ᠤᠨ ᠪᠠᠢ᠌ᠭᠤᠯᠤᠯᠲᠠ ᠵᠢᠨ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ᠎ᠪᠠᠷ ᠶᠡᠷᠦᠩᠬᠡᠢ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠣᠶᠣᠯ ᠎ᠢ ᠤᠯᠠᠮᠵᠢᠯᠠᠨ ᠬᠥᠭᠵᠢᠭᠦᠯᠬᠦ ᠵᠢ ᠠᠬᠢᠭᠤᠯᠵᠤ᠂ ᠰᠣᠶᠣᠯ ᠎ᠤᠨ ᠤᠬᠠᠮᠰᠠᠷ ᠎ᠢ ᠴᠢᠩᠭ᠋ᠠᠳᠬᠠᠵᠤ᠂ ᠰᠣᠶᠣᠯ ᠎ᠤᠨ ᠡᠭᠦᠷᠭᠡ ᠬᠠᠷᠢᠭᠤᠴᠠᠯᠭ᠎ᠠ ᠵᠢ ᠵᠣᠷᠢᠭᠲᠠᠢ᠎ᠪᠠᠷ ᠡᠭᠦᠷᠭᠡᠯᠡᠵᠦ᠂ ᠰᠣᠶᠣᠯ ᠎ᠤᠨ ᠬᠦᠴᠦᠷᠬᠡᠭ ᠣᠷᠣᠨ ᠎ᠢ ᠲᠦᠷᠭᠡᠨ ᠪᠠᠶ᠋ᠢᠭᠤᠯᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ ᠰᠣᠶᠣᠯ᠎ᠤᠨ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠢ ᠰᠠᠢ᠌ᠲᠤᠷ ᠬᠢᠬᠦ ᠬᠡᠷᠡᠭᠲᠡᠢ᠃ ᠥᠪᠥᠷ ᠮᠣᠩᠭᠣᠯ᠎ᠤᠨ ᠭᠦᠨ ᠵᠤᠵᠠᠭ᠋ᠠᠨ ᠲᠡᠦᠬᠡ ᠰᠣᠶᠣᠯ ᠪᠣᠯᠣᠨ ᠡᠯᠪᠡᠭ ᠪᠠᠶᠠᠯᠢᠭ ᠰᠣᠶᠣᠯ ᠢᠷᠭᠡᠨᠰᠢᠯ᠎ᠤᠨ ᠡᠬᠢ ᠪᠠᠶᠠᠯᠢᠭ᠎ᠲᠤ ᠲᠦᠰᠢᠭᠯᠡᠨ᠂《ᠤᠮᠠᠷᠠᠲᠤ ᠵᠢᠨ ᠰᠣᠶᠣᠯ》᠎ᠤᠨ ᠲᠦᠷᠦᠯ ᠲᠡᠮᠳᠡᠭ᠎ᠢ ᠬᠦᠴᠦᠯᠡᠨ ᠡᠭᠦᠳᠬᠦ ᠬᠡᠷᠡᠭᠲᠡᠢ᠃ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠰᠣᠶᠣᠯ᠎ᠤᠨ ᠠᠮᠤᠷ ᠲᠦᠪᠰᠢᠨ ᠪᠠ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ   ᠭᠡᠵᠦ ᠴᠢᠬᠤᠯᠠᠴᠢᠯᠠᠪᠠ᠃
      ᠬᠤᠷᠠᠯ᠎ᠠᠴᠠ ᠴᠢᠬᠤᠯᠠᠴᠢᠯᠠᠭᠰᠠᠨ᠎ᠨᠢ᠂ ᠭᠣᠣᠯ ᠰᠡᠳᠦᠪᠲᠦ ᠬᠥᠮᠦᠵᠢᠯ᠎ᠢ ᠴᠢᠨᠠᠷ ᠰᠠᠢ᠌ᠲᠠᠢ ᠰᠠᠢ᠌ᠲᠤᠷ ᠥᠷᠨᠢᠭᠦᠯᠬᠦ᠎ᠳᠤ᠂ ᠨᠢᠭᠡ᠎ᠳᠤ᠂ ᠪᠠᠢ᠌ᠴᠠᠭ᠋ᠠᠨ ᠰᠤᠳᠤᠯᠤᠯᠲᠠ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠦᠷᠭᠦᠯᠵᠢᠯᠡᠨ ᠠᠬᠢᠭᠤᠯᠬᠤ ᠬᠡᠷᠡᠭᠲᠡᠢ᠂ ᠬᠣᠶᠠᠷ᠎ᠲᠤ᠂ ᠵᠠᠬᠢᠳᠠᠯ ᠰᠣᠷᠪᠤᠯᠵᠢᠯᠠᠭ᠎ᠠ ᠵᠢᠨ ᠳᠠᠷᠤᠭᠳᠠᠮᠠᠯ ᠬᠡᠷᠡᠭ ᠪᠣᠯᠣᠨ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠬᠦᠴᠦᠯᠡᠨ ᠠᠬᠢᠭᠤᠯᠬᠤ ᠬᠡᠷᠡᠭᠲᠡᠢ᠂ ᠭᠤᠷᠪᠠ᠎ᠳᠤ᠂ ᠭᠣᠣᠯ ᠰᠡᠳᠦᠪᠲᠦ ᠬᠥᠮᠦᠵᠢᠯ᠎ᠤᠨ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠳ᠋ᠤᠭ᠋ᠠᠷ᠎ᠢ᠎ᠨᠢ ᠬᠠᠰᠤᠬᠤ ᠵᠢ ᠲᠦᠷᠭᠡᠳᠬᠡᠨ ᠠᠬᠢᠭᠤᠯᠬᠤ ᠬᠡᠷᠡᠭᠲᠡᠢ᠂ ᠳᠥᠷᠪᠡ᠎ᠳᠤ᠂ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠪᠣᠯᠣᠨ ᠨᠡᠢ᠌ᠲᠡᠯᠢᠭ ᠲᠤᠷᠰᠢᠯᠭ᠎ᠠ ᠵᠢ ᠲᠤᠢ᠌ᠯᠪᠤᠷᠢᠲᠠᠢ ᠳ᠋ᠦᠩᠨᠡᠬᠦ ᠪᠠ ᠳᠡᠯᠭᠡᠷᠡᠭᠦᠯᠦᠨ ᠬᠡᠷᠡᠭᠯᠡᠬᠦ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠬᠤ ᠬᠡᠷᠡᠭᠲᠡᠢ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠲᠤᠯᠪᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 24 ᠳ᠋ᠤᠭᠡᠷ ᠤᠳᠠᠭ᠋ᠠᠨ ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠳᠠᠮᠵᠢᠭᠤᠯᠤᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 31 ᠳ᠋ᠤᠭᠡᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠵᠧᠵᠢᠶᠠᠩ ᠪᠣᠯᠣᠨ ᠱᠠᠨᠳᠦ᠋ᠩ᠎ᠤᠨ ᠽᠤᠤᠵᠤᠸᠠᠩ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 29 ᠳ᠋ᠦ᠍ᠭᠡᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ᠂ 《ᠲᠦᠷᠦ ᠵᠢᠨ ᠶᠠᠪᠤᠳᠠᠯ᠎ᠤᠨ ᠬᠣᠷᠢᠶᠠᠨ᠎ᠤ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》 ᠪᠣᠯᠣᠨ ᠪᠦᠬᠦ ᠣᠷᠣᠨ᠎ᠤ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠠᠵᠢᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠲᠣᠬᠢᠷᠠᠭᠤᠯᠤᠨ ᠪᠠᠢ᠌ᠷᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 28 ᠳ᠋ᠤᠭ᠋ᠠᠷ ᠤᠳᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ ᠰᠢ ᠵᠢᠨ ᠫᠢᠩ ᠶᠡᠷᠦᠩᠬᠡᠢ ᠱᠦᠵᠢ ᠵᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠪᠣᠯᠣᠨ ᠪᠦᠬᠦ ᠤᠯᠤᠰ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠳᠠᠮᠵᠢᠭᠤᠯᠤᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 27 ᠳ᠋ᠤᠭ᠋ᠠᠷ ᠤᠲᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ ᠵᠧᠵᠢᠶᠠᠩ ᠪᠣᠯᠣᠨ ᠱᠠᠨᠳᠦ᠋ᠩ᠎ᠤᠨ ᠽᠤᠤᠵᠤᠸᠠᠩ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
 
            