9 ᠳ᠋ᠦ᠍ᠭᠡᠷ ᠰᠠᠷ᠎ᠠ ᠵᠢᠨ 28᠎ᠤ ᠡᠳᠦᠷ (ᠭᠠᠷᠠᠭ᠎ᠤᠨ ᠳᠥᠷᠪᠡᠨ)᠎ᠤᠨ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠴᠢᠨ ᠶᠠᠨ 2023 ᠣᠨ᠎ᠤ 27 ᠳ᠋ᠤᠭ᠋ᠠᠷ ᠤᠲᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ ᠵᠧᠵᠢᠶᠠᠩ ᠪᠣᠯᠣᠨ ᠱᠠᠨᠳᠦ᠋ᠩ᠎ᠤᠨ ᠽᠤᠤᠵᠤᠸᠠᠩ᠎ᠳᠤ ᠠᠵᠢᠯ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠡᠷᠭᠡ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ ᠤᠨ ᠴᠢᠬᠤᠯᠠ ᠶᠠᠷᠢᠶ᠎ᠠ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ᠂ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠨᠡᠭᠡᠭᠡᠯᠲᠡ ᠵᠢ ᠥᠷᠭᠡᠳᠬᠡᠬᠦ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠢ ᠪᠠᠶ᠋ᠢᠭᠤᠯᠬᠤ᠂ ᠨᠠᠮ᠎ᠤᠨ ᠪᠠᠢ᠌ᠭᠤᠯᠤᠯᠲᠠ ᠵᠢ ᠴᠢᠩᠭ᠋ᠠᠳᠬᠠᠨ ᠰᠠᠢ᠌ᠵᠢᠷᠠᠭᠤᠯᠬᠤ ᠵᠡᠷᠭᠡ ᠲᠠᠯ᠎ᠠ ᠵᠢᠨ ᠠᠵᠢᠯ᠎ᠤᠨ ᠲᠣᠭᠣᠷᠢᠨ᠎ᠳᠤ ᠴᠢᠬᠤᠯᠠ ᠱᠠᠭ᠋ᠠᠷᠳᠠᠯᠭ᠎ᠠ ᠳᠤᠷᠠᠳᠴᠠᠢ᠃ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠰᠢᠰᠲᠸᠮ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠋ᠠᠨ᠎ᠤ ᠪᠠᠶᠠᠯᠢᠭ ᠠᠭᠤᠯᠤᠭᠳᠠᠬᠤᠨ᠎ᠢ ᠭᠦᠨᠵᠡᠭᠡᠢ ᠰᠤᠷᠤᠯᠴᠠᠨ ᠨᠡᠪᠳᠡᠷᠡᠳᠡᠯ᠎ᠠ ᠣᠢ᠌ᠯᠠᠭ᠋ᠠᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ ᠪᠣᠳᠠᠲᠤ ᠠᠵᠢᠯᠯᠠᠭ᠎ᠠ᠎ᠪᠠᠷ ᠵᠶ᠋ᠠᠨ《ᠬᠣᠶᠠᠷ᠎ᠢ ᠬᠠᠮᠠᠭ᠋ᠠᠯᠠᠬᠤ》 ᠵᠢ ᠲᠠᠬᠢᠨ ᠰᠢᠨ᠎ᠡ ᠳᠡᠭᠲᠡᠷ᠎ᠲᠤ ᠭᠠᠷᠭ᠋ᠠᠬᠤ ᠵᠢ ᠠᠬᠢᠭᠤᠯᠬᠤ ᠬᠡᠷᠡᠭᠲᠡᠢ᠃ ᠰᠣᠶᠣᠯ ᠪᠠ ᠵᠢᠭᠤᠯᠴᠢᠯᠠᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠨᠡᠩ ᠶᠡᠬᠡ ᠦᠷ᠎ᠡ ᠪᠦᠲᠦᠮᠵᠢ ᠣᠯᠬᠤ ᠵᠢ ᠲᠦᠷᠭᠡᠨ ᠠᠬᠢᠭᠤᠯᠵᠤ᠂ ᠨᠡᠩ ᠤᠯᠠᠨ ᠵᠠᠯᠠᠭᠤᠴᠤᠳ᠎ᠢ ᠬᠥᠳᠡᠭᠡ ᠲᠣᠰᠬᠣᠨ᠎ᠤ ᠵᠢᠭᠤᠯᠴᠢᠯᠠᠯ᠎ᠤᠨ ᠪᠦᠲᠦᠭᠡᠨ ᠪᠠᠢ᠌ᠭᠤᠯᠤᠯᠲᠠ ᠵᠢᠨ ᠬᠥᠭᠵᠢᠯᠲᠡ᠎ᠳᠤ ᠣᠷᠣᠯᠴᠠᠭᠤᠯᠵᠤ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠡᠶᠡᠯᠡᠭᠦᠯᠬᠦ᠎ᠳᠤ ᠦᠵᠡᠭᠦᠯᠬᠦ ᠥᠪᠡᠷᠮᠢᠴᠡ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠰᠣᠶᠣᠯ᠎ᠤᠨ ᠥᠪ᠎ᠤᠨ ᠬᠠᠮᠠᠭ᠋ᠠᠯᠠᠯᠲᠠ ᠵᠢ ᠦᠨᠡᠨ ᠬᠦ᠌ ᠴᠢᠩᠭ᠋ᠠᠳᠬᠠᠵᠤ᠂ ᠦᠨᠡᠨ ᠬᠦ᠌ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠤᠳᠠ ᠬᠥᠳᠡᠭᠡ ᠵᠢᠨ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭ᠋ᠠᠬᠤ ᠵᠢ ᠦᠷᠭᠦᠯᠵᠢᠯᠡᠨ ᠲᠦᠯᠬᠢᠨ ᠠᠬᠢᠭᠤᠯᠵᠤ᠂ ᠪᠢᠴᠢᠭ᠎ᠤᠨ ᠨᠡᠢ᠌ᠭᠡᠮ᠎ᠤᠨ ᠪᠠᠢ᠌ᠭᠤᠯᠤᠯᠲᠠ ᠵᠢ ᠲᠦᠯᠬᠢᠨ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃