ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 24 ᠳ᠋ᠤᠭᠡᠷ ᠤᠳᠠᠭ᠋ᠠᠨ ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠳᠠᠮᠵᠢᠭᠤᠯᠤᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
ᠨᠡᠶᠢᠲᠡᠯᠡᠭᠰᠡᠨ ᠴᠠᠭ᠄ 2023-09-10

     9 ᠳ᠋ᠤᠭᠡᠷ ᠰᠠᠷ᠎ᠠ ᠵᠢᠨ 9 (ᠭᠠᠷᠠᠭ᠎ᠤᠨ ᠵᠢᠷᠭᠤᠭ᠋ᠠᠨ)᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠴᠢᠨ ᠶᠠᠨ 2023 ᠣᠨ᠎ᠤ 24 ᠳ᠋ᠤᠭᠡᠷ ᠤᠳᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠰᠢᠨᠵᠢᠶᠠᠩ᠎ᠤᠨ ᠤᠢ᠌ᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ   ᠳᠠᠮᠵᠢᠭᠤᠯᠤᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠬᠤᠷᠠᠯ᠎ᠤᠨ ᠵᠣᠷᠢᠭ ᠰᠠᠨᠠᠭ᠎ᠠ ᠵᠢ   ᠳᠠᠮᠵᠢᠭᠤᠯᠤᠨ ᠰᠤᠷᠤᠯᠴᠠᠵᠤ᠂   ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃
      ᠬᠤᠷᠠᠯ ᠳᠡᠭᠡᠷ᠎ᠡ ᠵᠢᠭ᠋ᠠᠵᠤ ᠭᠠᠷᠭ᠋ᠠᠭᠰᠠᠨ᠎ᠨᠢ᠂ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠠᠢ᠌ᠯᠳᠤᠬᠤ ᠪᠣᠳᠣᠯᠭ᠎ᠠ ᠵᠢᠨ ᠪᠦᠬᠦ ᠲᠠᠯ᠎ᠠ ᠵᠢ ᠠᠬᠢᠭᠤᠯᠬᠤ ᠳᠡᠭᠡᠳᠦ ᠬᠡᠮᠵᠢᠶᠡᠨ᠎ᠠᠴᠠ ᠰᠢᠨᠵᠢᠶᠠᠩ᠎ᠤᠨ ᠠᠵᠢᠯ ᠎ᠤᠨ ᠰᠤᠳᠠᠯ ᠎ᠢ ᠪᠠᠷᠢᠵᠤ ᠴᠢᠭᠯᠡᠯ᠎ᠢ ᠲᠣᠭᠲᠠᠭ᠋ᠠᠵᠤ᠂ ᠣᠳᠣᠬᠠᠨ᠎ᠤ ᠰᠢᠨᠵᠢᠶᠠᠩ᠎ᠤᠨ ᠠᠵᠢᠯ᠎ᠤᠨ ᠳᠡᠯᠡᠬᠡᠢ ᠵᠢᠨ ᠪᠠ ᠤᠯᠤᠰ᠎ᠤᠨ ᠳᠣᠲᠣᠭ᠋ᠠᠳᠤ ᠵᠢᠨ ᠪᠠᠢ᠌ᠳᠠᠯ᠎ᠢ ᠭᠦᠨᠵᠡᠭᠡᠢ ᠵᠠᠳᠠᠯᠵᠤ᠂ ᠥᠨᠢ ᠤᠳᠠᠭ᠋ᠠᠨ ᠠᠮᠤᠷ ᠲᠦᠪᠰᠢᠨ ᠪᠠᠢ᠌ᠬᠤ᠎ᠳᠤ ᠬᠣᠯᠪᠣᠭᠳᠠᠬᠤ ᠦᠨᠳᠦᠰᠦᠨ ᠴᠢᠨᠠᠷᠲᠠᠢ᠂ ᠰᠠᠭᠤᠷᠢ ᠴᠢᠨᠠᠷᠲᠠᠢ᠂ ᠠᠯᠤᠰ ᠬᠡᠳᠦ ᠵᠢᠨ ᠴᠢᠨᠠᠷᠲᠠᠢ ᠠᠰᠠᠭᠤᠳᠠᠯ᠎ᠢ ᠭᠦᠨᠵᠡᠭᠡᠢ ᠲᠣᠳᠣᠷᠬᠠᠢ᠌ᠯᠠᠨ ᠥᠭᠦᠯᠡᠵᠦ᠂ ᠨᠠᠮ᠎ᠤᠨ ᠰᠢᠨᠵᠢᠶᠠᠩ᠎ᠢ ᠵᠠᠰᠠᠬᠤ ᠰᠢᠨ᠎ᠡ ᠴᠠᠭ ᠦᠶ᠎ᠡ ᠵᠢᠨ ᠠᠷᠭ᠎ᠠ ᠪᠣᠳᠣᠯᠭ᠎ᠠ ᠵᠢ ᠤᠯᠠᠮ ᠴᠢᠨᠠᠭᠰᠢᠳᠠ ᠪᠠᠶᠠᠯᠢᠭᠵᠢᠭᠤᠯᠤᠨ ᠬᠥᠭᠵᠢᠭᠦᠯᠵᠦ᠂ ᠨᠡᠢ᠌ᠭᠡᠮ᠎ᠤᠨ ᠲᠣᠭᠲᠠᠭᠤᠨ ᠪᠠ ᠥᠨᠢ ᠤᠳᠠᠭ᠋ᠠᠨ᠎ᠤ ᠠᠮᠤᠷ ᠲᠣᠭᠲᠠᠭᠤᠨ᠎ᠢ ᠬᠠᠮᠠᠭ᠋ᠠᠯᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠵᠡᠷᠭᠡ ᠲᠠᠯ᠎ᠠ᠎ᠪᠠᠷ ᠴᠢᠬᠤᠯᠠ ᠵᠢᠭ᠋ᠠᠪᠤᠷᠢ ᠥᠭᠴᠦ᠂ ᠰᠢᠨᠵᠢᠶᠠᠩ᠎ᠤᠨ ᠨᠡᠢ᠌ᠭᠡᠮ᠎ᠤᠨ ᠲᠣᠭᠲᠠᠭᠤᠨ ᠪᠠ ᠥᠨᠢ ᠤᠳᠠᠭ᠋ᠠᠨ᠎ᠤ ᠠᠮᠤᠷ ᠲᠣᠭᠲᠠᠭᠤᠨ᠎ᠢ ᠠᠬᠢᠭᠤᠯᠬᠤ᠎ᠳᠤ ᠰᠢᠨᠵᠢᠯᠡᠬᠦ ᠤᠬᠠᠭ᠋ᠠᠨᠴᠢ ᠵᠦᠭᠯᠡᠭᠦᠷ ᠬᠠᠩᠭ᠋ᠠᠵᠠᠢ᠃ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠰᠢᠰᠲᠸᠮ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠰᠣᠶᠣᠯ ᠪᠠ ᠵᠢᠭᠤᠯᠴᠢᠯᠠᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠣᠭᠣᠷᠢᠨ᠎ᠳᠤ ᠠᠵᠢᠯ ᠵᠶ᠋ᠠᠨ ᠪᠠᠢ᠌ᠷᠢᠯᠠᠭᠤᠯᠤᠨ ᠥᠷᠨᠢᠭᠦᠯᠵᠦ᠂ ᠶᠠᠷᠢᠶᠠᠨ᠎ᠤ ᠵᠣᠷᠢᠭ ᠰᠠᠨᠠᠭ᠎ᠠ ᠵᠢ ᠦᠨᠡᠨ ᠬᠦ᠌ ᠰᠣᠶᠣᠯ ᠵᠢᠭᠤᠯᠴᠢᠯᠠᠯ᠎ᠤᠨ ᠡᠯ᠎ᠡ ᠵᠦᠢ᠍ᠯ᠎ᠤᠨ ᠠᠵᠢᠯ᠎ᠢ ᠰᠠᠢ᠌ᠲᠤᠷ ᠬᠢᠬᠦ ᠵᠢᠨ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ᠃ 
      ᠬᠤᠷᠠᠯ ᠳᠡᠭᠡᠷ᠎ᠡ᠂ ᠠᠯᠠᠱ᠌ᠠ ᠵᠢᠨ ᠰᠢᠨ ᠵᠢᠩ ᠨᠡᠭᠦᠷᠡᠰᠦᠨ᠎ᠤ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠵᠠᠳᠠᠭ᠋ᠠᠢ ᠨᠡᠭᠦᠷᠡᠰᠦᠨ ᠠᠭᠤᠷᠬᠠᠢ ᠵᠢᠨ 《2 .22》᠎ᠤᠨ ᠣᠨᠴᠠ ᠶᠡᠬᠡ ᠡᠨᠳᠡᠯ᠎ᠠᠴᠠ ᠰᠤᠷᠭ᠋ᠠᠮᠵᠢ ᠠᠪᠴᠤ᠂ 《ᠴᠠᠭ ᠢᠮᠠᠭᠲᠠ ᠰᠠᠨᠠᠭ᠎ᠠ ᠠᠯᠭ᠋ᠠᠰᠠᠯ ᠦᠭᠡᠢ》 ᠬᠠᠷᠢᠭᠤᠴᠠᠯᠭ᠋ᠠᠲᠤ ᠰᠡᠳᠬᠢᠯᠭᠡ᠎ᠪᠠᠷ ᠠᠶᠤᠯ ᠦᠭᠡᠢ ᠦᠢ᠍ᠯᠡᠳᠪᠦᠷᠢᠯᠡᠯ᠎ᠢ ᠰᠠᠢ᠌ᠲᠤᠷ ᠠᠳᠬᠤᠬᠤ ᠬᠡᠷᠡᠭᠲᠡᠢ; ᠠᠮᠤᠷ ᠲᠦᠪᠰᠢᠨ᠎ᠤ ᠬᠡᠮ ᠰᠣᠭᠣᠭ᠎ᠢ ᠶᠡᠬᠡ᠎ᠪᠠᠷ ᠪᠠᠢ᠌ᠴᠠᠭ᠋ᠠᠵᠤ ᠶᠡᠬᠡ᠎ᠪᠠᠷ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠪᠠᠢ᠌ᠴᠠᠭ᠋ᠠᠵᠤ ᠭᠠᠷᠭ᠋ᠠᠭᠰᠠᠨ ᠠᠰᠠᠭᠤᠳᠠᠯ᠎ᠢ ᠡᠴᠦᠰ᠎ᠲᠤ᠎ᠨᠢ ᠲᠤᠯᠲᠠᠯ᠎ᠠ ᠠᠩᠬᠠᠷᠴᠤ᠂ ᠡᠴᠦᠰ᠎ᠲᠤ᠎ᠨᠢ ᠲᠤᠯᠲᠠᠯ᠎ᠠ ᠥᠭᠡᠷᠡᠴᠢᠯᠡᠵᠦ᠂ ᠡᠯ᠎ᠡ ᠲᠦᠷᠦᠯ᠎ᠤᠨ ᠬᠡᠮ ᠰᠣᠭᠣᠭ᠎ᠢ ᠴᠤᠬᠤᠶ᠋ᠢᠵᠤ ᠪᠠᠢ᠌ᠭ᠎ᠠ ᠪᠠᠢ᠌ᠳᠠᠯ ᠎ᠳᠤ᠎ᠨᠢ ᠦᠨᠡᠨ ᠬᠦ᠌ ᠠᠷᠢᠯᠭ᠋ᠠᠬᠤ ᠬᠡᠷᠡᠭᠲᠡᠢ; ᠠᠶᠤᠯ ᠦᠭᠡᠢ ᠦᠢ᠍ᠯᠡᠳᠪᠦᠷᠢᠯᠡᠯ᠎ᠤᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ᠎ᠢ ᠥᠨᠳᠥᠷ ᠪᠦᠲᠦᠮᠵᠢᠲᠡᠢ ᠥᠷᠨᠢᠭᠦᠯᠬᠦ ᠵᠢ ᠬᠢᠵᠠᠭ᠋ᠠᠷᠯᠠᠵᠤ ᠪᠠᠢ᠌ᠭ᠎ᠠ ᠬᠦᠴᠢᠷ ᠠᠰᠠᠭᠤᠳᠠᠯ ᠪᠠ ᠲᠦᠭᠵᠢᠮᠡᠯ ᠠᠰᠠᠭᠤᠳᠠᠯ᠎ᠳᠤ ᠴᠢᠭᠯᠡᠭᠦᠯᠦᠨ᠂ ᠲᠣᠭᠲᠠᠴᠠ᠎ᠠᠴᠠ ᠭᠠᠷᠳᠠᠨ ᠬᠠᠨᠳᠤᠯᠭ᠋ᠠᠲᠤ ᠴᠢᠨᠠᠷᠲᠠᠢ ᠵᠠᠯᠠᠷᠠᠭᠤᠯᠤᠨ ᠵᠠᠰᠠᠵᠤ᠂ ᠠᠮᠤᠷ ᠲᠦᠪᠰᠢᠨ ᠬᠥᠭᠵᠢᠯᠲᠡ ᠵᠢᠨ ᠲᠦᠪᠰᠢᠨ᠎ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ; ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠳᠬᠠᠵᠤ᠂ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ᠂ ᠰᠠᠯᠠᠭ᠎ᠠ ᠮᠥᠴᠢᠷ᠎ᠤᠨ ᠬᠢᠨᠠᠨ ᠬᠠᠮᠢᠶᠠᠷᠤᠯᠲᠠ ᠵᠢᠨ ᠬᠠᠷᠢᠭᠤᠴᠠᠯᠭ᠎ᠠ᠂ ᠠᠵᠤ ᠠᠬᠤᠢ᠌ᠯᠠᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠦᠨᠡᠨ ᠬᠦ᠌ ᠴᠢᠩᠭ᠎ᠠ ᠠᠳᠬᠤᠵᠤ᠂ ᠠᠵᠢᠯ᠎ᠤᠨ ᠪᠠᠢ᠌ᠷᠢ᠎ᠳᠤ ᠬᠦᠷᠲᠡᠯ᠎ᠡ ᠨᠠᠢ᠌ᠳᠠᠪᠤᠷᠢᠵᠢᠭᠤᠯᠵᠤ᠂ ᠲᠤᠰᠬᠠᠢ ᠬᠥᠮᠥᠨ᠎ᠳᠤ ᠬᠦᠷᠲᠡᠯ᠎ᠡ ᠨᠠᠢ᠌ᠳᠠᠪᠤᠷᠢᠵᠢᠭᠤᠯᠵᠤ᠂ ᠰᠠᠯᠠᠩ ᠵᠠᠳᠠᠭ᠋ᠠᠢ ᠬᠣᠢ᠌ᠷᠭᠤ᠂ ᠠᠵᠢᠯ ᠎ᠳᠤ᠎ᠪᠠᠨ ᠰᠤᠯᠠ ᠲᠤᠷᠤᠢ ᠪᠠᠢ᠌ᠬᠤ ᠵᠢ᠎ᠨᠢ ᠴᠢᠩᠭ᠎ᠠ ᠰᠢᠢ᠍ᠳᠭᠡᠬᠦ ᠬᠡᠷᠡᠭᠲᠡᠢ᠂ ᠶᠠᠭ᠋ᠠᠬᠢᠭᠰᠠᠨ ᠴᠤ᠌ ᠢᠯᠳᠠᠷ ᠬᠠᠶᠠᠵᠤ ᠪᠣᠯᠬᠤ ᠦᠭᠡᠢ ᠭᠡᠵᠦ ᠴᠢᠬᠤᠯᠠᠴᠢᠯᠠᠪᠠ᠃
      ᠬᠤᠷᠠᠯ ᠳᠡᠭᠡᠷ᠎ᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠦᠷ᠎ᠡ ᠪᠦᠲᠦᠭᠡᠯ᠎ᠢ ᠭᠦᠢ᠍ᠴᠡᠳ ᠠᠰᠢᠭᠯᠠᠵᠤ᠂ ᠰᠤᠷᠤᠯᠴᠠᠬᠤ᠎ᠪᠠᠷ ᠰᠦᠭ ᠰᠦᠨᠡᠰᠦ ᠵᠢ ᠱᠤᠭᠤᠬᠤ᠂ ᠰᠤᠷᠤᠯᠴᠠᠬᠤ᠎ᠪᠠᠷ ᠤᠶᠤᠨ ᠤᠬᠠᠭ᠋ᠠᠨ᠎ᠢ ᠨᠡᠮᠡᠭᠳᠡᠭᠦᠯᠬᠦ᠂ ᠰᠤᠷᠤᠯᠴᠠᠬᠤ᠎ᠪᠠᠷ ᠰᠤᠷᠲᠠᠯ᠎ᠢ ᠲᠥᠪ ᠪᠣᠯᠭ᠋ᠠᠬᠤ᠂ ᠰᠤᠷᠤᠯᠴᠠᠬᠤ᠎ᠪᠠᠷ ᠠᠵᠢᠯᠯ᠎ᠢ ᠠᠬᠢᠭᠤᠯᠬᠤ ᠲᠠᠯ᠎ᠠ᠎ᠪᠠᠷ ᠨᠡᠩ ᠶᠡᠬᠡ ᠬᠦᠴᠦ ᠣᠷᠣᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭ᠋ᠠᠷᠳᠠᠯᠭ᠎ᠠ᠎ᠪᠠᠷ ᠲᠤᠰ ᠪᠡᠶ᠎ᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠬᠤ ᠬᠡᠷᠡᠭᠲᠡᠢ; ᠠᠵᠢᠯ ᠬᠢᠵᠦ ᠦᠢ᠍ᠯᠡᠰ ᠪᠣᠰᠬᠠᠬᠤ᠂ ᠡᠭᠦᠷᠭᠡ᠎ᠪᠠᠨ ᠡᠭᠦᠷᠭᠡᠯᠡᠵᠦ ᠠᠵᠢᠯ ᠬᠢᠬᠦ ᠬᠦᠨ ᠵᠤᠵᠠᠭ᠋ᠠᠨ ᠠᠭᠤᠷ ᠠᠮᠢᠰᠬᠤᠯ᠎ᠢ ᠶᠡᠬᠡ᠎ᠪᠠᠷ ᠪᠤᠢ ᠪᠣᠯᠭ᠋ᠠᠵᠤ᠂ ᠤᠯᠠᠨ ᠲᠦᠮᠡᠨ᠎ᠤ ᠠᠵᠢᠯ᠎ᠢ ᠬᠢᠬᠦ ᠠᠷᠭ᠎ᠠ ᠬᠡᠯᠪᠡᠷᠢ᠎ᠪᠠᠨ ᠰᠠᠢ᠌ᠵᠢᠷᠠᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠡᠷᠴᠢ ᠵᠣᠷᠢᠭ ᠵᠶ᠋ᠠᠨ ᠬᠥᠪᠴᠢᠯᠡᠵᠦ᠂ ᠰᠢᠨ᠎ᠡ ᠵᠠᠮ᠎ᠢ ᠨᠡᠭᠡᠭᠡᠬᠦ᠂ ᠳᠤᠮᠳᠠ ᠤᠷᠤᠰᠬᠠᠯ᠎ᠳᠤ ᠣᠷᠣᠬᠤ ᠢᠲᠡᠭᠡᠯ ᠵᠣᠷᠢᠭ ᠵᠶ᠋ᠠᠨ ᠪᠠᠲᠤᠳᠬᠠᠵᠤ᠂ ᠭᠣᠣᠯᠳᠠᠯᠭ᠎ᠠ᠎ᠲᠠᠢ ᠠᠵᠢᠯ᠎ᠢ ᠲᠦᠷᠭᠡᠨ ᠬᠢᠬᠦ ᠵᠢ ᠴᠢᠩᠭ᠎ᠠ ᠠᠳᠬᠤᠵᠤ᠂ ᠰᠣᠶᠣᠯ ᠪᠠ ᠵᠢᠭᠤᠯᠴᠢᠯᠠᠯ᠎ᠤᠨ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ ᠲᠣᠪᠣᠢ᠌ᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠤᠯᠠᠨ ᠲᠦᠮᠡᠨ᠎ᠤ ᠪᠠᠴᠢᠮ ᠬᠦᠴᠢᠷ ᠵᠣᠪᠠᠭᠤᠷᠢ᠎ᠲᠠᠢ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠳᠡᠭᠡᠷ᠎ᠡ ᠪᠠᠰᠠ ᠪᠤᠰᠤᠳ ᠵᠦᠢ᠍ᠯ᠎ᠢ ᠰᠤᠳᠤᠯᠵᠠᠢ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 31 ᠳ᠋ᠤᠭᠡᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠵᠧᠵᠢᠶᠠᠩ ᠪᠣᠯᠣᠨ ᠱᠠᠨᠳᠦ᠋ᠩ᠎ᠤᠨ ᠽᠤᠤᠵᠤᠸᠠᠩ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 29 ᠳ᠋ᠦ᠍ᠭᠡᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ᠂ 《ᠲᠦᠷᠦ ᠵᠢᠨ ᠶᠠᠪᠤᠳᠠᠯ᠎ᠤᠨ ᠬᠣᠷᠢᠶᠠᠨ᠎ᠤ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》 ᠪᠣᠯᠣᠨ ᠪᠦᠬᠦ ᠣᠷᠣᠨ᠎ᠤ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠠᠵᠢᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠲᠣᠬᠢᠷᠠᠭᠤᠯᠤᠨ ᠪᠠᠢ᠌ᠷᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 28 ᠳ᠋ᠤᠭ᠋ᠠᠷ ᠤᠳᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ ᠰᠢ ᠵᠢᠨ ᠫᠢᠩ ᠶᠡᠷᠦᠩᠬᠡᠢ ᠱᠦᠵᠢ ᠵᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠪᠣᠯᠣᠨ ᠪᠦᠬᠦ ᠤᠯᠤᠰ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠳᠠᠮᠵᠢᠭᠤᠯᠤᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 27 ᠳ᠋ᠤᠭ᠋ᠠᠷ ᠤᠲᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ ᠵᠧᠵᠢᠶᠠᠩ ᠪᠣᠯᠣᠨ ᠱᠠᠨᠳᠦ᠋ᠩ᠎ᠤᠨ ᠽᠤᠤᠵᠤᠸᠠᠩ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠯᠢᠳᠡᠭ ᠦᠷ᠎ᠡ ᠪᠦᠲᠦᠭᠡᠯ᠎ᠢ ᠰᠤᠩᠭᠤᠨ ᠲᠠᠨᠢᠯᠴᠠᠭᠤᠯᠬᠤ ᠪᠠ ᠳᠡᠯᠭᠡᠨ ᠦᠵᠡᠭᠦᠯᠬᠦ ᠠᠵᠢᠯᠯᠠᠭ᠎ᠠ ᠵᠢᠨ ᠵᠦᠢ᠍ᠯᠡᠰ᠎ᠢ ᠵᠠᠷᠯᠠᠨ ᠨᠡᠢ᠌ᠲᠡᠯᠡᠬᠦ ᠲᠤᠬᠠᠢ
 
            