ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 29 ᠳ᠋ᠦ᠍ᠭᠡᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ᠂ 《ᠲᠦᠷᠦ ᠵᠢᠨ ᠶᠠᠪᠤᠳᠠᠯ᠎ᠤᠨ ᠬᠣᠷᠢᠶᠠᠨ᠎ᠤ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》 ᠪᠣᠯᠣᠨ ᠪᠦᠬᠦ ᠣᠷᠣᠨ᠎ᠤ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠠᠵᠢᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠲᠣᠬᠢᠷᠠᠭᠤᠯᠤᠨ ᠪᠠᠢ᠌ᠷᠢᠯᠠᠭᠤᠯᠪᠠ
ᠨᠡᠶᠢᠲᠡᠯᠡᠭᠰᠡᠨ ᠴᠠᠭ᠄ 2023-10-20

     10 ᠳ᠋ᠤᠭ᠋ᠠᠷ ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠴᠢᠨ ᠶᠠᠨ 2023 ᠣᠨ᠎ᠤ 29 ᠳ᠋ᠦ᠍ᠭᠡᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ (ᠥᠷᠭᠡᠳᠬᠡᠭᠰᠡᠨ)᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠲᠥᠷᠥ ᠵᠢᠨ ᠶᠠᠪᠤᠳᠠᠯ᠎ᠤᠨ ᠬᠣᠷᠢᠶᠠᠨ᠎ᠤ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ) ᠪᠣᠯᠣᠨ ᠪᠥᠬᠥ ᠣᠷᠣᠨ᠎ᠤ ᠭᠣᠣᠯᠳᠠᠯᠭ᠎ᠠ᠎ᠲᠠᠢ ᠠᠵᠢᠯ᠎ᠢ ᠲᠦᠯᠬᠢᠨ ᠠᠬᠢᠭᠤᠯᠬᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠠᠵᠢᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠲᠣᠬᠢᠷᠠᠭᠤᠯᠤᠨ ᠪᠠᠢ᠌ᠷᠢᠯᠠᠭᠤᠯᠪᠠ᠃
      ᠬᠤᠷᠠᠯ᠎ᠠᠴᠠ ᠴᠢᠬᠤᠯᠠᠴᠢᠯᠠᠭᠰᠠᠨ᠎ᠨᠢ᠂ ᠲᠥᠷᠥ ᠵᠢᠨ ᠶᠠᠪᠤᠳᠠᠯ᠎ᠤᠨ ᠬᠣᠷᠢᠶ᠎ᠠ ᠥᠪᠥᠷ ᠮᠣᠩᠭᠣᠯ᠎ᠤᠨ ᠬᠥᠭᠵᠢᠯᠲᠡ ᠵᠢ ᠳᠡᠮᠵᠢᠬᠦ          《ᠰᠠᠨᠠᠯ》᠎ᠢ ᠨᠡᠢ᠌ᠲᠡᠯᠡᠭᠰᠡᠨ᠎ᠨᠢ ᠡᠨᠡ ᠵᠢᠯ᠎ᠤᠨ ᠮᠠᠨ᠎ᠤ ᠣᠷᠣᠨ᠎ᠤ ᠪᠠᠰᠠ ᠨᠢᠭᠡᠨ ᠶᠡᠬᠡ ᠪᠠᠶᠠᠷᠲᠤ ᠶᠠᠪᠤᠳᠠᠯ ᠮᠦᠨ᠂ ᠡᠨᠡ᠎ᠨᠢ ᠥᠪᠥᠷ ᠮᠣᠩᠭᠣᠯ᠎ᠤᠨ ᠬᠥᠭᠵᠢᠯᠲᠡ ᠵᠢᠨ ᠲᠡᠦᠬᠡᠨ᠎ᠳᠤ ᠬᠥᠰᠢᠶ᠎ᠡ ᠳᠤᠷᠠᠰᠬᠠᠯ᠎ᠤᠨ ᠴᠢᠨᠠᠷᠲᠠᠢ ᠠᠴᠢ ᠬᠣᠯᠪᠣᠭᠳᠠᠯ᠎ᠲᠠᠢ ᠶᠤᠮ᠃ ᠪᠦᠬᠦ ᠣᠷᠣᠨ᠎ᠤ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ᠎ᠨᠢ 《ᠰᠠᠨᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ᠂        《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠰᠠᠢ᠌ᠲᠤᠷ ᠬᠢᠬᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠂ ᠥᠪᠥᠷ ᠮᠣᠩᠭᠣᠯ᠎ᠤᠨ ᠵᠡᠭᠦᠨ ᠣᠷᠣᠨ᠎ᠢ ᠬᠥᠭᠵᠢᠭᠦᠯᠦᠨ ᠮᠠᠨᠳᠤᠭᠤᠯᠬᠤ᠂ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠠᠷᠢᠯᠭ᠋ᠠᠬᠤ ᠵᠡᠷᠭᠡ ᠲᠠᠪᠤᠨ ᠴᠢᠬᠤᠯᠠ ᠶᠡᠬᠡ ᠠᠵᠢᠯ᠎ᠤᠨ ᠲᠣᠭᠣᠷᠢᠨ᠎ᠳᠤ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠭᠣᠣᠯᠳᠠᠯᠭ᠎ᠠ ᠵᠢ ᠳᠤᠷᠠᠳᠴᠤ᠂ ᠮᠠᠨ᠎ᠤ ᠣᠷᠣᠨ᠎ᠤ 《ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ᠎ᠳᠤ ᠣᠷᠣᠬᠤ》 ᠬᠠᠷᠠᠯᠲᠠ ᠵᠢ ᠪᠡᠶᠡᠯᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠤᠷᠤᠭᠰᠢᠯᠠᠯᠲᠠ ᠵᠢᠨ ᠴᠢᠭᠯᠡᠯ᠎ᠢ ᠲᠣᠳᠣᠷᠬᠠᠢ᠌ᠯᠠᠪᠠ᠃ ᠪᠦᠬᠦ ᠣᠷᠣᠨ᠎ᠤ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ᠎ᠬᠢᠨ 《ᠰᠠᠨᠠᠯ》᠎ᠤᠨ ᠵᠣᠷᠢᠭ ᠰᠠᠨᠠᠭ᠋ᠠᠨ᠎ᠤ ᠮᠥᠨ ᠴᠢᠨᠠᠷ᠎ᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠠᠬᠢᠭᠤᠯᠬᠤ ᠬᠤᠷᠠᠯ᠎ᠤᠨ ᠡᠯ᠎ᠡ ᠵᠦᠢ᠍ᠯ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ 《ᠰᠠᠨᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠭᠣᠣᠯᠳᠠᠯᠭ᠎ᠠ᠎ᠲᠠᠢ ᠠᠵᠢᠯ᠎ᠢ ᠰᠠᠢ᠌ᠲᠤᠷ ᠬᠢᠬᠦ ᠵᠢ ᠣᠳᠣᠬᠠᠨ᠎ᠤ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠲᠡᠷᠢᠭᠦᠨ ᠴᠢᠬᠤᠯᠠ ᠡᠭᠦᠷᠭᠡ᠎ᠪᠠᠨ ᠪᠣᠯᠭ᠋ᠠᠵᠤ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠦᠨ᠂ ᠰᠡᠳᠬᠢᠴᠡ ᠴᠢᠭᠯᠡᠯ ᠵᠶ᠋ᠡᠨ ᠬᠤᠪᠢᠷᠠᠭᠤᠯᠵᠤ᠂ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠲᠣᠳᠤᠷᠬᠠᠢ᠌ᠯᠠᠨ᠂ ᠠᠵᠢᠯ᠎ᠤᠨ ᠠᠢ᠌ᠵᠠᠮ ᠵᠶ᠋ᠠᠨ ᠲᠦᠷᠭᠡᠳᠬᠡᠵᠦ᠂ ᠡᠷᠴᠢ ᠵᠣᠷᠢᠭ ᠵᠶ᠋ᠠᠨ ᠬᠦᠪᠴᠢᠯᠡᠨ᠂ ᠬᠠᠲᠠᠭᠤᠵᠢᠯᠲᠠᠢ ᠠᠵᠢᠯᠯᠠᠨ ᠪᠣᠳᠠᠲᠠᠢ ᠬᠢᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠰᠣᠶᠣᠯ ᠵᠢᠭᠤᠯᠴᠢᠯᠠᠯ᠎ᠤᠨ ᠬᠦᠴᠦᠨ ᠴᠢᠳᠠᠯ ᠵᠶ᠋ᠠᠨ ᠡᠷᠭᠦᠭᠡᠰᠡᠢ ᠭᠡᠪᠡ᠃
      ᠬᠤᠷᠠᠯ᠎ᠠᠴᠠ ᠱᠠᠭ᠋ᠠᠷᠳᠠᠭᠰᠠᠨ᠎ᠨᠢ᠂ ᠪᠦᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ᠎ᠬᠢᠨ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠨ ᠦᠨᠡᠨ ᠬᠦ᠌ ᠴᠢᠩᠭ᠋ᠠᠳᠬᠠᠵᠤ᠂ ᠪᠦᠬᠦ ᠣᠷᠣᠨ᠎ᠤ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ ᠲᠤᠭᠤᠰᠢᠯᠠᠭᠤᠯᠤᠨ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ ᠪᠣᠯᠣᠨ ᠡᠯ᠎ᠡ ᠨᠠᠮ᠎ᠤᠨ ᠡᠭᠦᠷ᠎ᠢ ᠵᠣᠬᠢᠶᠠᠨ ᠪᠠᠢ᠌ᠭᠤᠯᠵᠤ 《ᠰᠠᠨᠠᠯ》᠎ᠢ ᠭᠦᠨᠵᠡᠭᠡᠢ ᠰᠤᠷᠤᠯᠴᠠᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢ᠌ᠭ᠋ᠠᠳ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠤ᠎ᠬᠢ ᠬᠠᠢ᠌ᠷ᠎ᠠ ᠬᠠᠯᠠᠮᠵᠢ ᠪᠣᠯᠣᠨ ᠬᠦᠰᠡᠯ ᠨᠠᠶ᠋ᠢᠳᠠᠯᠭ᠎ᠠ ᠵᠢ ᠭᠦᠨᠵᠡᠭᠡᠢ ᠣᠢ᠌ᠯᠠᠭ᠋ᠠᠭᠤᠯᠤᠨ᠂ 《ᠬᠣᠶᠠᠷ ᠶᠡᠬᠡ ᠶᠠᠪᠤᠳᠠᠯ》᠎ᠢ ᠰᠠᠢ᠌ᠲᠤᠷ ᠬᠢᠬᠦ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ; ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠬᠦ ᠢᠨᠵᠧᠨᠧᠷᠢᠩ᠎ᠢ ᠬᠡᠷᠡᠭᠵᠢᠭᠦᠯᠬᠦ ᠠᠵᠢᠯ᠎ᠤᠨ ᠲᠣᠭᠣᠷᠢᠨ᠎ᠳᠤ᠂ ᠭᠣᠣᠯᠳᠠᠯᠭ᠎ᠠ᠎ᠲᠠᠢ ᠰᠣᠶᠣᠯ ᠪᠣᠯᠣᠨ ᠵᠢᠭᠤᠯᠴᠢᠯᠠᠯ᠎ᠤᠨ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠰᠣᠶᠣᠯ ᠪᠣᠯᠣᠨ   ᠵᠢᠭᠤᠯᠴᠢᠯᠠᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠪᠦᠬᠦ ᠲᠠᠯ᠎ᠠ ᠵᠢᠨ ᠴᠢᠨᠠᠷᠲᠠᠢ ᠲᠥᠯᠦᠪᠵᠢᠭᠦᠯᠭᠡ ᠪᠣᠯᠣᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠪᠠᠢ᠌ᠷᠢᠰᠢᠭᠤᠯᠤᠯᠲᠠ ᠵᠢ ᠰᠠᠢ᠌ᠲᠤᠷ ᠬᠢᠬᠦ ᠬᠡᠷᠡᠭᠲᠡᠢ; 《ᠰᠠᠨᠠᠯ》 ᠵᠢᠴᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠢᠵᠢ ᠪᠦᠷᠢᠳᠦᠭᠰᠡᠨ ᠪᠢᠴᠢᠭ ᠮᠠᠲ᠋ᠧᠷᠢᠶᠠᠯ᠎ᠲᠠᠢ ᠬᠠᠷᠢᠴᠠᠭᠤᠯᠵᠤ᠂ ᠰᠣᠶᠣᠯ ᠪᠠ ᠵᠢᠭᠤᠯᠴᠢᠯᠠᠯ᠎ᠤᠨ ᠪᠣᠳᠠᠲᠠᠢ᠎ᠲᠠᠢ ᠤᠶᠠᠯᠳᠤᠭᠤᠯᠤᠨ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠵᠤ᠂ 2023 ᠣᠨ᠎ᠤ ᠭᠣᠣᠯᠳᠠᠯᠭ᠎ᠠ᠎ᠲᠠᠢ ᠡᠭᠦᠷᠭᠡ ᠵᠢ ᠰᠠᠢ᠌ᠲᠤᠷ ᠨᠠᠢ᠌ᠳᠠᠪᠤᠷᠢᠵᠢᠭᠤᠯᠤᠨ᠂ 2024 ᠣᠨ᠎ᠤ ᠠᠵᠢᠯ᠎ᠢ ᠰᠠᠢ᠌ᠲᠤᠷ ᠲᠥᠯᠥᠪᠵᠢᠭᠦᠯᠬᠦ ᠬᠡᠷᠡᠭᠲᠡᠢ; ᠤᠯᠤᠰ᠎ᠠᠴᠠ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠬᠦ 《ᠰᠠᠨᠠᠯ》᠎ᠢ ᠭᠠᠷᠭ᠋ᠠᠭᠰᠠᠨ ᠲᠥᠷᠥ ᠵᠢᠨ ᠪᠣᠳᠣᠯᠭ᠎ᠠ ᠵᠢᠨ ᠴᠣᠩᠬᠣᠪᠴᠢ ᠬᠤᠭᠤᠴᠠᠭ᠎ᠠ ᠵᠢ ᠠᠮᠵᠢᠨ ᠠᠳᠬᠤᠵᠤ᠂ 《ᠶᠠᠮᠤᠨ᠎ᠳᠤ ᠬᠦᠷᠴᠦ ᠪᠡᠭᠡᠵᠢᠩ᠎ᠳᠤ ᠣᠷᠣᠬᠤ》 ᠡᠷᠴᠢᠮ ᠵᠶ᠋ᠡᠨ ᠴᠢᠩᠭ᠋ᠠᠯᠠᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠎ᠲᠠᠢ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠨᠡᠪᠲᠡᠷᠡᠯᠴᠡᠨ ᠵᠣᠯᠭ᠋ᠠᠵᠤ᠂ ᠤᠯᠤᠰ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠲᠥᠷᠥ ᠵᠢᠨ ᠪᠣᠳᠣᠯᠭ᠎ᠠ᠂ ᠪᠡᠯᠡ ᠮᠥᠩᠭᠥ᠂ ᠲᠥᠷᠥᠯ ᠵᠦᠢ᠍ᠯ ᠵᠡᠷᠭᠡ ᠲᠠᠯ᠎ᠠ᠎ᠳᠤ᠎ᠬᠢ ᠳᠡᠮᠵᠢᠯᠭᠡ ᠵᠢ ᠣᠯᠬᠤ᠎ᠪᠠᠷ ᠴᠢᠷᠮᠠᠢ᠌ᠬᠤ ᠬᠡᠷᠡᠭᠲᠡᠢ ᠭᠡᠵᠡᠢ᠃
      ᠬᠤᠷᠠᠯ ᠳᠡᠭᠡᠷ᠎ᠡ ᠪᠠᠰᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠠᠢ᠌ᠭᠤᠯᠬᠤ ᠵᠢ ᠠᠬᠢᠭᠤᠯᠬᠤ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠡᠬᠢᠵᠢᠭᠦᠯᠬᠦ ᠵᠢ ᠠᠬᠢᠭᠤᠯᠬᠤ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》᠎ᠢ ᠰᠤᠷᠤᠯᠴᠠᠵᠤ᠂ ᠠᠵᠢᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠲᠣᠬᠢᠷᠠᠭᠤᠯᠤᠨ ᠪᠠᠢ᠌ᠷᠢᠯᠠᠭᠤᠯᠪᠠ᠃
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠥᠷᠪᠡᠳᠦᠭᠡᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠪᠦᠷᠢᠯᠳᠦᠭᠦᠨ ᠵᠢᠶᠠ ᠮᠢᠩ᠂ ᠲᠠᠨ᠎ᠠ ᠤᠷᠢᠯᠭ᠎ᠠ᠎ᠪᠠᠷ ᠬᠤᠷᠠᠯ᠎ᠳᠤ ᠣᠷᠣᠯᠴᠠᠵᠠᠢ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠭᠡᠷ᠂ ᠰᠢᠭᠤᠳ ᠬᠠᠷᠢᠶ᠎ᠠ ᠡᠯ᠎ᠡ ᠨᠢᠭᠡᠴᠢ ᠵᠢᠨ ᠭᠣᠣᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 28 ᠳ᠋ᠤᠭ᠋ᠠᠷ ᠤᠳᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ ᠰᠢ ᠵᠢᠨ ᠫᠢᠩ ᠶᠡᠷᠦᠩᠬᠡᠢ ᠱᠦᠵᠢ ᠵᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠪᠣᠯᠣᠨ ᠪᠦᠬᠦ ᠤᠯᠤᠰ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠳᠠᠮᠵᠢᠭᠤᠯᠤᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 27 ᠳ᠋ᠤᠭ᠋ᠠᠷ ᠤᠲᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ ᠵᠧᠵᠢᠶᠠᠩ ᠪᠣᠯᠣᠨ ᠱᠠᠨᠳᠦ᠋ᠩ᠎ᠤᠨ ᠽᠤᠤᠵᠤᠸᠠᠩ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠯᠢᠳᠡᠭ ᠦᠷ᠎ᠡ ᠪᠦᠲᠦᠭᠡᠯ᠎ᠢ ᠰᠤᠩᠭᠤᠨ ᠲᠠᠨᠢᠯᠴᠠᠭᠤᠯᠬᠤ ᠪᠠ ᠳᠡᠯᠭᠡᠨ ᠦᠵᠡᠭᠦᠯᠬᠦ ᠠᠵᠢᠯᠯᠠᠭ᠎ᠠ ᠵᠢᠨ ᠵᠦᠢ᠍ᠯᠡᠰ᠎ᠢ ᠵᠠᠷᠯᠠᠨ ᠨᠡᠢ᠌ᠲᠡᠯᠡᠬᠦ ᠲᠤᠬᠠᠢ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 23 ᠳ᠋ᠤᠭ᠋ᠠᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠎ᠢ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠰᠧᠴᠤᠸᠠᠨ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
ᠥᠪᠥᠷ ᠮᠤᠩᠭᠤᠯ ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠤᠨ ᠲᠤᠪᠴᠢᠶ᠎ᠠ ᠥᠪᠥᠷ ᠮᠣᠩᠭᠣᠯ᠎ᠤᠨ ᠸᠠᠩ ᠹᠦ᠋ ᠡᠷᠲᠡᠨ᠎ᠤ ᠪᠠᠷᠢᠯᠭ᠎ᠠ ᠵᠢᠨ ᠢᠨᠵᠧᠨᠧᠷᠢᠩ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠰᠦᠯᠳᠡ ᠲᠡᠤᠬᠡ ᠵᠢᠨ ᠳᠤᠷᠠᠰᠬᠠᠯᠲᠤ ᠵᠦᠢ᠍ᠯ᠎ᠤᠨ ᠡᠷᠲᠡᠨ᠎ᠤ ᠪᠠᠷᠢᠯᠭ᠎ᠠ ᠵᠢᠨ ᠵᠢᠷᠤᠭ ᠲᠥᠯᠥᠪᠯᠡᠭᠡ ᠵᠢᠨ ᠬᠢᠵᠠᠭ᠋ᠠᠷᠲᠤ ᠺᠣᠮᠫᠠᠨᠢ᠎ᠳᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠢᠨᠵᠧᠨᠧᠷᠢᠩ᠎ᠤᠨ ᠬᠢᠷᠢ ᠬᠡᠮ᠎ᠢ ᠣᠯᠭᠣᠬᠤ ᠲᠤᠬᠠᠢ ᠮᠡᠳᠡᠭᠳᠡᠯ
 
            