《 ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠯᠢᠳᠡᠭ ᠦᠷ᠎ᠡ ᠪᠦᠲᠦᠭᠡᠯ᠎ᠢ ᠰᠤᠩᠭᠤᠨ ᠲᠠᠨᠢᠯᠴᠠᠭᠤᠯᠬᠤ ᠪᠠ ᠳᠡᠯᠭᠡᠨ ᠦᠵᠡᠭᠦᠯᠬᠦ ᠠᠵᠢᠯᠯᠠᠭ᠎ᠠ (2021 — 2023) ᠵᠢᠨ ᠲᠤᠬᠠᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠢᠩᠬᠢᠮ ᠥᠷᠭᠡᠨ ᠵᠶ᠋ᠡᠷ ᠡᠯᠰᠡᠨ ᠴᠤᠭᠯᠠᠭᠤᠯᠵᠤ᠂ ᠬᠢᠨᠠᠮᠠᠭ᠋ᠠᠢ ᠬᠢᠨᠠᠨ ᠬᠠᠷᠭᠤᠭᠤᠯᠬᠤ᠎ᠪᠠᠷ ᠳᠡᠮᠵᠢᠨ᠂ ᠡᠳᠦᠭᠡ ᠰᠤᠩᠭᠤᠨ ᠲᠠᠨᠢᠯᠴᠠᠭᠤᠯᠬᠤ᠎ᠪᠠᠷ ᠪᠠᠢ᠌ᠬᠤ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠯᠢᠳᠡᠭ ᠦᠷ᠎ᠡ ᠪᠦᠲᠦᠭᠡᠯ᠎ᠢ ᠰᠤᠩᠭᠤᠨ ᠲᠠᠨᠢᠯᠴᠠᠭᠤᠯᠬᠤ ᠪᠠ ᠳᠡᠯᠭᠡᠨ ᠦᠵᠡᠭᠦᠯᠬᠦ ᠠᠵᠢᠯᠯᠠᠭ᠎ᠠ ᠵᠢᠨ ᠲᠥᠷᠥᠯ ᠵᠦᠢ᠍ᠯ᠎ᠤᠨ ᠨᠡᠷᠡᠰ᠎ᠢ ᠵᠠᠷᠯᠠᠨ ᠨᠡᠢ᠌ᠲᠡᠯᠡᠶ᠎ᠡ᠃
ᠨᠢᠭᠡ᠂ ᠢᠯᠡ ᠨᠡᠢ᠌ᠲᠡᠯᠡᠬᠦ ᠴᠠᠭ
2023 ᠣᠨ᠎ᠤ 12 ᠳ᠋ᠤᠭ᠋ᠠᠷ ᠰᠠᠷ᠎ᠠ ᠵᠢᠨ 26᠎ᠤ ᠡᠳᠦᠷ᠎ᠠᠴᠠ 12 ᠳ᠋ᠤᠭ᠋ᠠᠷ ᠰᠠᠷ᠎ᠠ ᠵᠢᠨ 29᠎ᠤ ᠡᠳᠦᠷ ᠪᠣᠯᠲᠠᠯ᠎ᠠ᠂ ᠨᠡᠶ᠋ᠢᠲᠡ 3 ᠡᠳᠦᠷ᠃
ᠬᠣᠶᠠᠷ᠂ ᠢᠯᠡ ᠨᠡᠢ᠌ᠲᠡᠯᠡᠬᠦ ᠡᠲᠡᠭᠡᠳ
(ᠨᠢᠭᠡ) ᠠᠵᠢᠯ ᠲᠥᠷᠥᠯ᠎ᠤᠨ ᠣᠶᠤᠨ᠎ᠤ ᠬᠥᠮᠥᠷᠭᠡ ᠵᠢᠨ ᠲᠥᠷᠥᠯ᠎ᠤᠨ ᠦᠷ᠎ᠡ ᠪᠦᠲᠦᠭᠡᠯ᠎ᠢ ᠰᠤᠩᠭᠤᠨ ᠲᠠᠨᠢᠯᠴᠠᠭᠤᠯᠬᠤ ᠨᠡᠷᠡᠰ
1. ᠥᠪᠥᠷ ᠮᠣᠩᠭᠣᠯ᠎ᠤᠨ ᠮᠦᠽᠧᠢ 《ᠣᠷᠳᠣᠨ ᠪᠠ ᠰᠤᠷᠭ᠋ᠠᠭᠤᠯᠢ ᠰᠤᠷᠭ᠋ᠠᠨ ᠬᠥᠮᠦᠵᠢᠯ᠎ᠤᠨ ᠬᠣᠯᠪᠣᠭ᠎ᠠ ᠵᠢ ᠬᠠᠮᠲᠤ᠎ᠪᠠᠷ ᠪᠠᠶ᠋ᠢᠭᠤᠯᠬᠤ᠎ᠨᠢ》 ᠵᠢ ᠰᠤᠩᠭᠤᠨ ᠲᠠᠨᠢᠯᠴᠠᠭᠤᠯᠪᠠ᠃
2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ 《〈ᠨᠣᠮ᠎ᠤᠨ ᠰᠤᠷᠪᠤᠯᠵᠢᠲᠤ ᠤᠮᠠᠷᠠᠲᠤ ᠬᠢᠯᠢ ᠺᠤᠲ ᠵᠶ᠋ᠠᠷ ᠨᠣᠮ ᠤᠩᠰᠢᠬᠤ〉 ᠡᠭᠦᠯᠡᠨ ᠲᠠᠪᠴᠠᠩ — ᠬᠣᠲᠠ ᠬᠥᠳᠡᠭᠡ ᠵᠢ ᠨᠢᠭᠡ ᠴᠣᠭᠴᠠᠵᠢᠭᠤᠯᠤᠭᠰᠠᠨ ᠣᠯᠠᠨ ᠨᠡᠶ᠋ᠢᠲᠡ ᠵᠢᠨ ᠨᠣᠮ᠎ᠤᠨ ᠰᠠᠩ᠎ᠤᠨ ᠪᠦᠲᠦᠭᠡᠨ ᠪᠠᠢ᠌ᠭᠤᠯᠤᠯᠲᠠ ᠬᠢᠭᠡᠳ ᠦᠢ᠍ᠯᠡᠴᠢᠯᠡᠭᠡᠨ᠎ᠤ ᠬᠡᠷᠡᠭ᠎ᠤᠨ ᠵᠢᠱ᠌ᠢᠶ᠎ᠡ》 ᠵᠢ ᠰᠤᠩᠭᠤᠨ ᠲᠠᠨᠢᠯᠴᠠᠭᠤᠯᠪᠠ᠃
3. ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ 《ᠬᠣᠪᠣᠷ ᠰᠢᠷᠣᠢ ᠵᠢᠨ ᠪᠠᠺᠲ᠋ᠧᠷᠢ ᠡᠰᠡᠷᠭᠦᠴᠡᠬᠦ ᠨᠡᠢ᠌ᠯᠡᠮᠡᠯ ᠮᠠᠲ᠋ᠧᠷᠢᠶᠠᠯ᠎ᠤᠨ ᠰᠣᠶᠣᠯ᠎ᠤᠨ ᠡᠭᠦᠳᠦᠯᠲᠡ ᠵᠢᠨ ᠦᠢ᠍ᠯᠡᠳᠬᠦᠨ᠎ᠤ ᠲᠠᠯ᠎ᠠ᠎ᠪᠠᠷ᠎ᠬᠢ ᠬᠡᠷᠡᠭᠯᠡᠭᠡᠨ᠎ᠤ ᠰᠤᠳᠤᠯᠤᠨ ᠨᠡᠭᠡᠭᠡᠯᠲᠡ ᠪᠠ ᠠᠵᠤ ᠦᠢᠯᠡᠰᠵᠢᠯᠲᠡ ᠵᠢᠨ ᠰᠤᠳᠤᠯᠤᠯ》᠎ᠢ ᠰᠤᠩᠭᠤᠨ ᠲᠠᠨᠢᠯᠴᠠᠭᠤᠯᠪᠠ᠃
(ᠬᠣᠶᠠᠷ) ᠰᠡᠳᠬᠦᠯ᠎ᠤᠨ ᠲᠥᠷᠥᠯ᠎ᠤᠨ ᠦᠷ᠎ᠡ ᠪᠦᠲᠦᠭᠡᠯ᠎ᠢ ᠰᠤᠩᠭᠤᠨ ᠲᠠᠨᠢᠯᠴᠠᠭᠤᠯᠬᠤ ᠨᠡᠷᠡᠰ
1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠠᠯᠢᠭ᠎ᠤᠨ ᠰᠤᠳᠤᠯᠭ᠋ᠠᠨ᠎ᠤ ᠬᠦᠷᠢᠶᠡᠯᠡᠩ 《ᠥᠪᠥᠷ ᠮᠣᠩᠭᠣᠯ᠎ᠤᠨ ᠤᠷᠠᠯᠢᠭ (ᠮᠣᠩᠭᠣᠯ᠂ ᠬᠢᠲᠠᠳ)》᠎ᠢ ᠰᠤᠩᠭᠤᠨ ᠲᠠᠨᠢᠯᠴᠠᠭᠤᠯᠪᠠ᠃
2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ 《ᠬᠤᠨ ᠭᠠᠯᠠᠭᠤ》 ᠵᠢ ᠰᠤᠩᠭᠤᠨ ᠲᠠᠨᠢᠯᠴᠠᠭᠤᠯᠪᠠ ᠃
3. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠬᠦᠷᠢᠶᠡᠯᠡᠩ 《ᠲᠠᠯ᠎ᠠ ᠨᠤᠲᠤᠭ᠎ᠤᠨ ᠳᠤᠷᠠᠰᠬᠠᠯᠲᠤ ᠵᠦᠢ᠍ᠯ》 ᠢ ᠰᠤᠩᠭᠤᠨ ᠲᠠᠨᠢᠯᠴᠠᠭᠤᠯᠪᠠ᠃
ᠭᠤᠷᠪᠠ᠂ ᠵᠠᠷᠯᠠᠨ ᠨᠡᠢ᠌ᠲᠡᠯᠡᠬᠦ ᠱᠠᠭ᠋ᠠᠷᠳᠠᠯᠭ᠎ᠠ
ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ᠂ ᠵᠠᠷᠯᠠᠨ ᠨᠡᠢ᠌ᠳᠡᠯᠡᠭᠰᠡᠨ ᠡᠲᠡᠭᠡᠳ᠎ᠲᠤ ᠣᠨᠳᠣᠣ ᠰᠠᠨᠠᠯ᠎ᠲᠠᠢ ᠨᠢᠭᠡᠴᠢ᠂ ᠬᠤᠪᠢ ᠬᠥᠮᠥᠨ ᠴᠥᠮ ᠪᠢᠴᠢᠭ᠎ᠤᠨ ᠬᠡᠯᠪᠡᠷᠢ᠎ᠪᠠᠷ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠲᠤᠰᠬᠠᠵᠤ ᠪᠣᠯᠣᠨ᠎ᠠ᠃ ᠲᠤᠰᠬᠠᠬᠤ ᠳᠤ᠎ᠪᠠᠨ ᠦᠨᠡᠨ᠎ᠠᠴᠠ ᠵᠥᠪ᠎ᠢ ᠡᠷᠢᠬᠦ ᠬᠡᠷᠡᠭᠲᠡᠢ ᠪᠥᠭᠡᠳ ᠲᠤᠰᠬᠠᠭᠰᠠᠨ ᠠᠰᠠᠭᠤᠳᠠᠯ᠎ᠤᠨ ᠵᠶ᠋ᠠᠨ ᠭᠡᠷᠡᠴᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠃ ᠨᠢᠭᠡᠴᠢ ᠵᠢᠨ ᠨᠡᠷ᠎ᠡ᠎ᠪᠠᠷ ᠲᠤᠰᠬᠠᠭᠰᠠᠨ ᠪᠠᠢ᠌ᠪᠠᠯ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠢ; ᠬᠤᠪᠢ ᠬᠥᠮᠥᠨ᠎ᠤ ᠨᠡᠷ᠎ᠡ᠎ᠪᠠᠷ ᠲᠤᠰᠬᠠᠭᠰᠠᠨ ᠪᠠᠢ᠌ᠪᠠᠯ ᠦᠨᠡᠨ ᠪᠣᠳᠠᠲᠠᠢ ᠣᠪᠣᠭ ᠨᠡᠷ᠎ᠡ᠂ ᠠᠵᠢᠯᠯᠠᠵᠤ ᠪᠠᠢ᠌ᠭ᠎ᠠ ᠨᠢᠭᠡᠴᠢ᠂ ᠬᠠᠷᠢᠯᠴᠠᠬᠤ ᠬᠠᠶᠢᠭ ᠵᠢᠴᠢ ᠬᠠᠷᠢᠯᠴᠠᠬᠤ ᠠᠷᠭ᠎ᠠ ᠮᠠᠶᠢᠭ ᠵᠶ᠋ᠠᠨ ᠪᠢᠴᠢᠵᠦ᠂ ᠬᠣᠯᠪᠣᠭᠳᠠᠯ ᠪᠦᠬᠦᠢ ᠪᠠᠢ᠌ᠳᠠᠯ᠎ᠢ ᠬᠢᠨᠠᠨ ᠬᠠᠷᠭᠤᠭᠤᠯᠵᠤ ᠣᠢ᠌ᠯᠠᠭ᠋ᠠᠬᠤ᠎ᠳᠤ ᠳᠦᠭᠦᠮ ᠪᠣᠯᠭ᠋ᠠᠬᠤ ᠬᠡᠷᠡᠭᠲᠡᠢ᠃
ᠬᠠᠷᠢᠯᠴᠠᠬᠤ ᠨᠢᠭᠡᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠰᠢᠨᠵᠢᠯᠡᠬᠦ ᠤᠬᠠᠭ᠋ᠠᠨ ᠮᠡᠷᠭᠡᠵᠢᠯ ᠰᠤᠷᠭ᠋ᠠᠨ ᠬᠥᠮᠦᠵᠢᠯ᠎ᠤᠨ ᠭᠠᠵᠠᠷ
ᠬᠠᠷᠢᠯᠴᠠᠬᠤ ᠤᠲᠠᠰᠤ᠄ 0471-6946660
ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠤᠯᠠᠭ᠋ᠠᠨᠴᠠᠪ᠎ᠤᠨ ᠪᠠᠷᠠᠭᠤᠨ ᠵᠡᠭᠡᠯᠢ ᠵᠢᠨ 32 ᠳ᠋ᠤᠭ᠋ᠠᠷ ᠨᠣᠮᠧᠷ
ᠰᠢᠤᠳᠠᠨ ᠳ᠋ᠤᠭ᠋ᠠᠷ᠄ 010020
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
2023 ᠣᠨ᠎ᠤ 12 ᠳ᠋ᠤᠭ᠋ᠠᠷ ᠰᠠᠷ᠎ᠠ ᠵᠢᠨ 26