ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ᠵᠢᠨ 2022 ᠣᠨ᠎ᠤ ᠦᠪᠯᠡᠨ ᠤᠯᠠᠮᠵᠢᠯᠠᠬᠤ ᠠᠵᠢᠯᠯᠠᠭ᠎ᠠ ᠵᠢ ᠦᠨᠡᠯᠡᠨ ᠵᠢᠱ᠌ᠢᠭᠰᠡᠨ ᠦᠷ᠎ᠡ ᠳ᠋ᠦᠩ᠎ᠤᠨ ᠲᠤᠬᠠᠢ ᠰᠠᠨᠠᠭᠤᠯᠭ᠎ᠠ ᠵᠢᠨ ᠵᠠᠷᠯᠠᠯ
ᠨᠡᠶᠢᠲᠡᠯᠡᠭᠰᠡᠨ ᠴᠠᠭ᠄ 2023-06-11

     《ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠤᠷᠭ᠋ᠠᠨ᠎ᠤ 2022 ᠣᠨ᠎ᠤ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ᠵᠢᠨ ᠦᠪᠯᠡᠨ ᠤᠯᠠᠮᠵᠢᠯᠠᠬᠤ ᠠᠵᠢᠯᠯᠠᠭ᠎ᠠ ᠵᠢ ᠦᠨᠡᠯᠡᠨ ᠵᠢᠱ᠌ᠢᠬᠦ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》 (ᠪᠣᠳᠠᠰ᠎ᠤᠨ ᠪᠤᠰᠤ ᠰᠣᠶᠣᠯ᠎ᠤᠨ ᠥᠪ᠎ᠤᠨ ᠵᠠᠬᠢᠳᠠᠯ [2023] 13 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠲᠢᠩᠬᠢᠮ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ (68 ᠬᠥᠮᠥᠨ) ᠵᠢᠨ 2022 ᠣᠨ᠎ᠤ ᠦᠪᠯᠡᠨ ᠤᠯᠠᠮᠵᠢᠯᠠᠬᠤ ᠠᠵᠢᠯᠯᠠᠭ᠎ᠠ ᠵᠢ ᠦᠨᠡᠯᠡᠨ ᠵᠢᠱ᠌ᠢᠬᠦ ᠠᠵᠢᠯ᠎ᠢ ᠥᠷᠨᠢᠭᠦᠯᠪᠡ᠃   ᠦᠪᠯᠡᠨ ᠤᠯᠠᠮᠵᠢᠯᠠᠭᠴᠢ ᠵᠢᠨ ᠥᠪᠡᠷ᠎ᠢ᠎ᠪᠠᠨ ᠦᠨᠡᠯᠡᠬᠦ᠂ ᠬᠢᠨᠠᠨ ᠰᠢᠯᠭ᠋ᠠᠵᠤ ᠦᠨᠡᠯᠡᠬᠦ᠂ ᠬᠢᠨᠠᠨ ᠬᠠᠷᠭᠤᠭᠤᠯᠬᠤ᠂ ᠲᠠᠬᠢᠨ ᠬᠢᠨᠠᠬᠤ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠵᠶ᠋ᠠᠷ ᠰᠣᠳᠣᠯᠣᠯᠲᠠ᠎ᠪᠠᠷ ᠲᠠᠮᠵᠢᠨ 14 ᠰᠢᠯᠢᠳᠡᠭ   ᠦᠪᠯᠡᠨ ᠤᠯᠠᠮᠵᠢᠯᠠᠭᠴᠢ᠂ 54 ᠬᠢᠷᠢ ᠲᠡᠩᠴᠡᠭᠰᠡᠨ ᠦᠪᠯᠡᠨ ᠤᠯᠠᠮᠵᠢᠯᠠᠭᠴᠢ ᠵᠢ ᠲᠤᠭᠤᠷᠪᠢᠨ ᠲᠣᠭᠲᠠᠭ᠋ᠠᠪᠠ (ᠳᠠᠭ᠋ᠠᠯᠳᠤᠭᠤᠯᠤᠭᠰᠠᠨ ᠬᠦᠰᠦᠨᠦᠭᠲᠦ᠎ᠠᠴᠠ ᠦᠵᠡ)᠃ ᠡᠳᠦᠭᠡ ᠦᠨᠡᠯᠡᠨ ᠵᠢᠱ᠌ᠢᠭᠰᠡᠨ ᠦᠷ᠎ᠡ ᠳ᠋ᠦᠩ᠎ᠢ ᠨᠡᠢ᠌ᠭᠡᠮ ᠨᠡᠶ᠋ᠢᠲᠡ᠎ᠳᠤ ᠵᠠᠷᠯᠠᠨ ᠨᠡᠢ᠌ᠲᠡᠯᠡᠬᠦ᠎ᠪᠠᠷ ᠰᠠᠨᠠᠭᠤᠯᠤᠶ᠎ᠠ᠂ ᠵᠠᠷᠯᠠᠨ ᠨᠡᠢ᠌ᠲᠡᠯᠡᠬᠦ ᠬᠤᠭᠤᠴᠠᠭ᠎ᠠ᠎ᠨᠢ 5 ᠡᠳᠦᠷ (2023 ᠣᠨ᠎ᠤ 5 ᠳ᠋ᠤᠭ᠋ᠠᠷ ᠰᠠᠷ᠎ᠠ ᠵᠢᠨ 25 — 29᠎ᠤ ᠡᠳᠦᠷ) ᠪᠣᠯᠣᠨ᠎ᠠ᠃ ᠬᠡᠷᠪᠡ ᠣᠨᠳᠣᠣ ᠰᠠᠨᠠᠯ᠎ᠲᠠᠢ ᠪᠣᠯ᠂ ᠵᠠᠷᠯᠠᠨ ᠨᠡᠢ᠌ᠲᠡᠯᠡᠬᠦ ᠬᠤᠭᠤᠴᠠᠭ᠋ᠠᠨ ᠳᠣᠲᠣᠷ᠎ᠠ ᠪᠢᠴᠢᠭ᠎ᠤᠨ ᠬᠡᠯᠪᠡᠷᠢ᠎ᠪᠠᠷ ᠮᠠᠨ᠎ᠤ ᠲᠢᠩᠬᠢᠮ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠭᠠᠵᠠᠷ᠎ᠲᠤ ᠬᠠᠷᠢᠭᠤ ᠮᠡᠳᠡᠭᠳᠡᠭᠡᠷᠡᠢ᠃
      ᠬᠠᠷᠢᠯᠴᠠᠬᠤ ᠤᠲᠠᠰᠤ᠄ 0471- 6966055    0471- 6962100
      ᠢᠮᠧᠯ᠄ nmgwhtfyc@163.com
      ᠳᠠᠭ᠋ᠠᠯᠳᠤᠭᠤᠯᠤᠯ᠄ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ᠵᠢᠨ 2022 ᠣᠨ᠎ᠤ ᠦᠪᠯᠡᠨ ᠤᠯᠠᠮᠵᠢᠯᠠᠬᠤ ᠠᠵᠢᠯᠯᠠᠭ᠎ᠠ ᠵᠢ ᠦᠨᠡᠯᠡᠨ ᠵᠢᠱ᠌ᠢᠭᠰᠡᠨ ᠦᠷ᠎ᠡ ᠳ᠋ᠦᠩ᠎ᠤᠨ ᠰᠠᠨᠠᠭᠤᠯᠭ᠎ᠠ ᠵᠢ ᠵᠠᠷᠯᠠᠨ ᠨᠡᠢ᠌ᠲᠡᠯᠡᠬᠦ ᠬᠦᠰᠦᠨᠦᠭᠲᠦ
         
                ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
                             2023 ᠣᠨ᠎ᠤ 5 ᠳ᠋ᠤᠭ᠋ᠠᠷ ᠰᠠᠷ᠎ᠠ ᠵᠢᠨ 25᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠤᠨ ᠰᠢᠯᠭ᠋ᠠᠷᠠᠭᠤᠯᠤᠯᠲᠠ᠎ᠳᠤ ᠣᠷᠣᠯᠴᠠᠬᠤ ᠲᠥᠷᠥᠯ ᠵᠦᠢ᠍ᠯ᠎ᠢ ᠵᠠᠷᠯᠠᠨ ᠨᠡᠢ᠌ᠲᠡᠯᠡᠬᠦ ᠲᠤᠬᠠᠢ
2021 — 2022 ᠣᠨ᠎ᠤ ᠪᠥᠬᠥ ᠣᠷᠣᠨ᠎ᠤ ᠦᠨᠳᠦᠰᠦᠨ ᠱᠠᠲᠤᠨ᠎ᠤ ᠰᠣᠶᠣᠯ᠎ᠤᠨ ᠠᠷᠪᠠᠨ ᠰᠢᠯᠢᠳᠡᠭ ᠨᠢᠭᠡᠴᠢ ᠪᠠ ᠬᠤᠪᠢ ᠬᠥᠮᠥᠨ᠎ᠢ ᠰᠢᠯᠭ᠋ᠠᠷᠠᠭᠤᠯᠤᠭᠰᠠᠨ ᠦᠷ᠎ᠡ ᠳ᠋ᠦᠩ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠢᠯᠡ ᠵᠠᠷᠯᠠᠯ (ᠨᠢᠭᠡ)
2021 — 2022 ᠣᠨ᠎ᠤ ᠪᠥᠬᠥ ᠣᠷᠣᠨ᠎ᠤ ᠦᠨᠳᠦᠰᠦᠨ ᠱᠠᠲᠤᠨ᠎ᠤ ᠰᠣᠶᠣᠯ᠎ᠤᠨ ᠠᠷᠪᠠᠨ ᠰᠢᠯᠢᠳᠡᠭ ᠨᠢᠭᠡᠴᠢ ᠪᠠ ᠬᠤᠪᠢ ᠬᠥᠮᠥᠨ᠎ᠢ ᠰᠢᠯᠭ᠋ᠠᠷᠠᠭᠤᠯᠤᠭᠰᠠᠨ ᠦᠷ᠎ᠡ ᠳ᠋ᠦᠩ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠢᠯᠡ ᠵᠠᠷᠯᠠᠯ (ᠬᠣᠶᠠᠷ)
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 25 ᠳ᠋ᠤᠭ᠋ᠠᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ᠎ᠳᠤ ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠰᠠᠭᠤᠳᠠᠯ᠎ᠤᠨ ᠬᠤᠷᠠᠯ᠎ᠢ ᠡᠷᠬᠢᠯᠡᠬᠦ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠬᠤ ᠵᠡᠷᠭᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 21 ᠳ᠋ᠦ᠍ᠭᠡᠷ ᠤᠲᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠵᠢᠶᠠᠩᠰᠤ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
 
            