ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠤᠨ ᠰᠢᠯᠭ᠋ᠠᠷᠠᠭᠤᠯᠤᠯᠲᠠ᠎ᠳᠤ ᠣᠷᠣᠯᠴᠠᠬᠤ ᠲᠥᠷᠥᠯ ᠵᠦᠢ᠍ᠯ᠎ᠢ ᠵᠠᠷᠯᠠᠨ ᠨᠡᠢ᠌ᠲᠡᠯᠡᠬᠦ ᠲᠤᠬᠠᠢ
ᠨᠡᠶᠢᠲᠡᠯᠡᠭᠰᠡᠨ ᠴᠠᠭ᠄ 2023-08-23

   《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠲᠤᠰᠬᠠᠢ ᠠᠰᠢᠭ᠎ᠤᠨ ᠱᠠᠩᠨᠠᠯ᠎ᠤᠨ ᠰᠢᠯᠭ᠋ᠠᠷᠠᠭᠤᠯᠤᠯᠲᠠ ᠵᠢ ᠥᠷᠨᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ ᠵᠢᠨ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠠᠢ᠌ᠮᠠᠭ ᠬᠣᠲᠠ ᠵᠢᠨ ᠲᠠᠨᠢᠯᠴᠠᠭᠤᠯᠭ᠎ᠠ᠎ᠪᠠᠷ ᠳᠡᠮᠵᠢᠨ᠂ ᠮᠠᠨ᠎ᠤ ᠲᠢᠩᠬᠢᠮ ᠬᠢᠨᠠᠮᠠᠭ᠋ᠠᠢ ᠬᠢᠨᠠᠨ ᠬᠠᠷᠭᠤᠭᠤᠯᠤᠭ᠋ᠠᠳ᠂ ᠡᠳᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠲᠤᠰᠬᠠᠢ ᠠᠰᠢᠭ᠎ᠤᠨ ᠱᠠᠩᠨᠠᠯ᠎ᠤᠨ ᠰᠢᠯᠭ᠋ᠠᠷᠠᠭᠤᠯᠤᠯᠲᠠ᠎ᠳᠤ ᠤᠷᠤᠯᠴᠠᠬᠤ ᠲᠦᠷᠦᠯ ᠵᠦᠢ᠍ᠯ᠎ᠤᠨ ᠨᠡᠷᠡᠰ᠎ᠢ ᠵᠠᠷᠯᠠᠨ ᠨᠡᠢ᠌ᠲᠡᠯᠡᠶ᠎ᠡ᠃

ᠨᠢᠭᠡ᠂ ᠢᠯᠡ ᠨᠡᠢ᠌ᠲᠡᠯᠡᠬᠦ ᠴᠠᠭ
2023 ᠣᠨ᠎ᠤ 8 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 8 ᠳ᠋ᠤᠭ᠋ᠠᠷ ᠰᠠᠷ᠎ᠠ ᠵᠢᠨ 18᠎ᠤ ᠡᠳᠦᠷ ᠪᠣᠯᠲᠠᠯ᠎ᠠ᠂ ᠨᠡᠶ᠋ᠢᠲᠡ 3 ᠡᠳᠦᠷ ᠪᠣᠯᠣᠨ᠎ᠠ᠃
ᠬᠣᠶᠠᠷ᠂ ᠢᠯᠡ ᠨᠡᠢ᠌ᠲᠡᠯᠡᠬᠦ ᠡᠲᠡᠭᠡᠳ
1. ᠲᠤᠰᠬᠠᠢ ᠠᠰᠢᠭ᠎ᠤᠨ ᠨᠣᠮᠧᠷ᠄ ZL 2015 3 006 5522.5
ᠲᠤᠰᠬᠠᠢ ᠠᠰᠢᠭ᠎ᠤᠨ ᠨᠡᠷᠡᠢ᠌ᠳᠦᠯ᠄ ᠲᠠᠯ᠎ᠠ ᠨᠤᠲᠤᠭ᠎ᠤᠨ ᠬᠡᠦᠬᠡᠳ
ᠲᠤᠰᠬᠠᠢ ᠠᠰᠢᠭ᠎ᠤᠨ ᠡᠷᠬᠡᠲᠦ ᠬᠥᠮᠥᠨ᠄ ᠥᠪᠥᠷ ᠮᠣᠩᠭᠣᠯ᠎ᠤᠨ ᠭᠤᠯᠤᠮᠲᠠ ᠰᠣᠶᠣᠯ ᠵᠠᠭᠤᠴᠢᠯᠠᠭᠤᠷ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ
2. ᠲᠤᠰᠬᠠᠢ ᠠᠰᠢᠭ᠎ᠤᠨ ᠨᠣᠮᠧᠷ᠄ ZL 2021 3 0278670.0
ᠲᠤᠰᠬᠠᠢ ᠠᠰᠢᠭ᠎ᠤᠨ ᠨᠡᠷᠡᠢ᠌ᠳᠦᠯ᠄ ᠴᠣᠮᠣ (ᠳᠥᠷᠪᠡᠨ ᠤᠯᠠᠷᠢᠯ᠎ᠤᠨ ᠴᠣᠮᠣ)
ᠲᠤᠰᠬᠠᠢ ᠠᠰᠢᠭ᠎ᠤᠨ ᠡᠷᠬᠡᠲᠦ ᠬᠥᠮᠥᠨ᠄ ᠪᠤᠭᠤᠲᠤ ᠵᠢᠨ ᠵᠥᠩ ᠺᠧ ᠸᠠᠭ᠋ᠠᠷ ᠱᠠᠭ᠋ᠠᠵᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ
ᠭᠤᠷᠪᠠ᠂ ᠵᠠᠷᠯᠠᠨ ᠨᠡᠢ᠌ᠲᠡᠯᠡᠬᠦ ᠱᠠᠭ᠋ᠠᠷᠳᠠᠯᠭ᠎ᠠ
ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ᠂ ᠵᠠᠷᠯᠠᠨ ᠨᠡᠢ᠌ᠲᠡᠯᠡᠬᠦ ᠡᠲᠡᠭᠡᠳ᠎ᠲᠤ ᠣᠨᠳᠣᠣ ᠰᠠᠨᠠᠯ᠎ᠲᠠᠢ ᠨᠢᠭᠡᠴᠢ᠂ ᠬᠤᠪᠢ ᠬᠥᠮᠥᠨ ᠴᠥᠮ ᠪᠢᠴᠢᠭ᠎ᠤᠨ ᠬᠡᠯᠪᠡᠷᠢ᠎ᠪᠠᠷ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠲᠤᠰᠬᠠᠵᠤ ᠪᠣᠯᠣᠨ᠎ᠠ᠃ ᠲᠤᠰᠬᠠᠬᠤ᠎ᠳᠤ᠎ᠪᠠᠨ ᠦᠨᠡᠨ᠎ᠠᠴᠠ ᠵᠥᠪ᠎ᠢ ᠡᠷᠢᠬᠦ ᠬᠡᠷᠡᠭᠲᠡᠢ ᠪᠥᠭᠡᠳ ᠲᠤᠰᠬᠠᠭᠰᠠᠨ ᠠᠰᠠᠭᠤᠳᠠᠯ᠎ᠤᠨ ᠵᠶ᠋ᠠᠨ ᠭᠡᠷᠡᠴᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠃ ᠨᠢᠭᠡᠴᠢ ᠵᠢᠨ ᠨᠡᠷ᠎ᠡ᠎ᠪᠠᠷ ᠲᠤᠰᠬᠠᠭᠰᠠᠨ ᠪᠠᠢ᠌ᠪᠠᠯ᠂ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠢ; ᠬᠤᠪᠢ ᠬᠥᠮᠥᠨ᠎ᠤ ᠨᠡᠷ᠎ᠡ᠎ᠪᠠᠷ ᠲᠤᠰᠬᠠᠭᠰᠠᠨ ᠪᠠᠢ᠌ᠪᠠᠯ᠂ ᠦᠨᠡᠨ ᠪᠣᠳᠠᠲᠠᠢ ᠣᠪᠣᠭ ᠨᠡᠷ᠎ᠡ᠂ ᠠᠵᠢᠯᠯᠠᠵᠤ ᠪᠠᠢ᠌ᠭ᠎ᠠ ᠨᠢᠭᠡᠴᠢ᠂ ᠬᠠᠷᠢᠯᠴᠠᠬᠤ ᠬᠠᠶᠢᠭ ᠵᠢᠴᠢ ᠬᠠᠷᠢᠯᠴᠠᠬᠤ ᠠᠷᠭ᠎ᠠ ᠮᠠᠶᠢᠭ ᠵᠶ᠋ᠠᠨ ᠪᠢᠴᠢᠵᠦ᠂ ᠬᠣᠯᠪᠣᠭᠳᠠᠯ ᠪᠦᠬᠦᠢ ᠪᠠᠢ᠌ᠳᠠᠯ᠎ᠢ ᠬᠢᠨᠠᠨ ᠬᠠᠷᠭᠤᠭᠤᠯᠵᠤ ᠣᠢ᠌ᠯᠠᠭ᠋ᠠᠬᠤ᠎ᠳᠤ ᠳᠦᠭᠦᠮ ᠪᠣᠯᠭ᠋ᠠᠬᠤ ᠬᠡᠷᠡᠭᠲᠡᠢ᠃
ᠬᠠᠷᠢᠯᠴᠠᠬᠤ ᠨᠢᠭᠡᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠰᠢᠨᠵᠢᠯᠡᠬᠦ ᠤᠬᠠᠭ᠋ᠠᠨ ᠮᠡᠷᠭᠡᠵᠢᠯ ᠰᠤᠷᠭ᠋ᠠᠨ ᠬᠥᠮᠦᠵᠢᠯ᠎ᠤᠨ ᠭᠠᠵᠠᠷ
ᠬᠠᠷᠢᠯᠴᠠᠬᠤ ᠤᠲᠠᠰᠤ᠄ 0471-6946660
ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠤᠯᠠᠭ᠋ᠠᠨᠴᠠᠪ ᠪᠠᠷᠠᠭᠤᠨ ᠵᠡᠭᠡᠯᠢ ᠵᠢᠨ 32 ᠳ᠋ᠤᠭ᠋ᠠᠷ ᠨᠣᠮᠧᠷ
ᠰᠢᠤᠳᠠᠨ ᠳ᠋ᠤᠭ᠋ᠠᠷ᠄ 010020

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
2023 ᠣᠨ᠎ᠤ 8 ᠳ᠋ᠤᠭ᠋ᠠᠷ ᠰᠠᠷ᠎ᠠ ᠵᠢᠨ 15᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2021 — 2022 ᠣᠨ᠎ᠤ ᠪᠥᠬᠥ ᠣᠷᠣᠨ᠎ᠤ ᠦᠨᠳᠦᠰᠦᠨ ᠱᠠᠲᠤᠨ᠎ᠤ ᠰᠣᠶᠣᠯ᠎ᠤᠨ ᠠᠷᠪᠠᠨ ᠰᠢᠯᠢᠳᠡᠭ ᠨᠢᠭᠡᠴᠢ ᠪᠠ ᠬᠤᠪᠢ ᠬᠥᠮᠥᠨ᠎ᠢ ᠰᠢᠯᠭ᠋ᠠᠷᠠᠭᠤᠯᠤᠭᠰᠠᠨ ᠦᠷ᠎ᠡ ᠳ᠋ᠦᠩ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠢᠯᠡ ᠵᠠᠷᠯᠠᠯ (ᠨᠢᠭᠡ)
2021 — 2022 ᠣᠨ᠎ᠤ ᠪᠥᠬᠥ ᠣᠷᠣᠨ᠎ᠤ ᠦᠨᠳᠦᠰᠦᠨ ᠱᠠᠲᠤᠨ᠎ᠤ ᠰᠣᠶᠣᠯ᠎ᠤᠨ ᠠᠷᠪᠠᠨ ᠰᠢᠯᠢᠳᠡᠭ ᠨᠢᠭᠡᠴᠢ ᠪᠠ ᠬᠤᠪᠢ ᠬᠥᠮᠥᠨ᠎ᠢ ᠰᠢᠯᠭ᠋ᠠᠷᠠᠭᠤᠯᠤᠭᠰᠠᠨ ᠦᠷ᠎ᠡ ᠳ᠋ᠦᠩ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠢᠯᠡ ᠵᠠᠷᠯᠠᠯ (ᠬᠣᠶᠠᠷ)
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 25 ᠳ᠋ᠤᠭ᠋ᠠᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ᠎ᠳᠤ ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠰᠠᠭᠤᠳᠠᠯ᠎ᠤᠨ ᠬᠤᠷᠠᠯ᠎ᠢ ᠡᠷᠬᠢᠯᠡᠬᠦ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠬᠤ ᠵᠡᠷᠭᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 21 ᠳ᠋ᠦ᠍ᠭᠡᠷ ᠤᠲᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠵᠢᠶᠠᠩᠰᠤ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2023 ᠣᠨ᠎ᠤ 24 ᠳ᠋ᠤᠭᠡᠷ ᠤᠳᠠᠭ᠋ᠠᠨ ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠳᠠᠮᠵᠢᠭᠤᠯᠤᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
 
            