8 ᠳ᠋ᠤᠭ᠋ᠠᠷ ᠰᠠᠷ᠎ᠠ ᠵᠢᠨ 23᠎ᠤ ᠡᠳᠦᠷ (ᠭᠠᠷᠠᠭ᠎ᠤᠨ ᠭᠤᠷᠪᠠᠨ)᠎ᠤᠨ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠴᠢᠨ ᠶᠠᠨ 2023 ᠣᠨ᠎ᠤ 23 ᠳ᠋ᠤᠭ᠋ᠠᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠧᠴᠤᠸᠠᠨ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠡᠷᠭᠡ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃
ᠬᠤᠷᠠᠯ᠎ᠠᠴᠠ᠂ ᠰᠢ ᠵᠢᠨ ᠫᠢᠩ ᠶᠡᠷᠦᠩᠬᠡᠢ ᠱᠦᠵᠢ ᠵᠢᠨ ᠰᠠᠨ ᠰᠢᠩ ᠳ᠋ᠦᠢ ᠮᠦᠽᠧᠢ ᠵᠢᠨ ᠰᠢᠨ᠎ᠡ ᠣᠷᠳᠣᠨ ᠪᠣᠯᠣᠨ ᠰᠠᠨ ᠰᠢᠩ ᠳ᠋ᠦᠢ ᠮᠦᠽᠧᠢ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠣᠷᠳᠣᠨ᠎ᠳᠤ ᠰᠢᠨᠵᠢᠯᠡᠨ ᠪᠠᠢ᠌ᠴᠠᠭ᠋ᠠᠬᠤ᠎ᠳᠤ᠎ᠪᠠᠨ ᠲᠠᠯᠪᠢᠭᠰᠠᠨ ᠴᠢᠬᠤᠯᠠ ᠶᠠᠷᠢᠶ᠎ᠠ᠎ᠨᠢ ᠰᠢᠨ᠎ᠡ ᠴᠠᠭ ᠦᠶ᠎ᠡ᠎ᠳᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠠᠵᠢᠯ᠎ᠢ ᠰᠠᠢ᠌ᠲᠤᠷ ᠬᠢᠬᠦ᠎ᠳᠤ ᠦᠨᠳᠦᠰᠦᠨ ᠵᠢᠷᠤᠮᠯᠠᠯ ᠬᠠᠩᠭ᠋ᠠᠵᠤ᠂ ᠰᠣᠶᠣᠯ ᠦᠵᠡᠰᠬᠦᠯᠡᠩ᠎ᠤᠨ ᠦᠢ᠍ᠯᠡᠰ᠎ᠤᠨ ᠬᠥᠭᠵᠢᠯᠲᠡ᠎ᠳᠤ ᠴᠢᠭᠯᠡᠯ᠎ᠲᠠᠢ᠎ᠪᠠᠷ ᠵᠠᠮᠴᠢᠯᠠᠵᠤ ᠥᠭᠴᠡᠢ᠃ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ᠎ᠬᠢᠨ ᠳᠤᠮᠳᠠᠳᠤ ᠵᠢᠨ ᠪᠣᠯᠪᠠᠰᠤᠨ᠎ᠢ ᠤᠯᠠᠮᠵᠢᠯᠠᠨ ᠵᠠᠯᠭ᠋ᠠᠮᠵᠢᠯᠠᠬᠤ᠂ ᠰᠣᠶᠣᠯ᠎ᠤᠨ ᠢᠲᠡᠭᠡᠯ ᠵᠶ᠋ᠡᠨ ᠪᠠᠲᠤᠳᠬᠠᠬᠤ ᠪᠠᠢ᠌ᠯᠳᠤᠬᠤ ᠪᠣᠳᠣᠯᠭ᠎ᠠ ᠵᠢᠨ ᠦᠨᠳᠦᠷᠴᠡ᠎ᠠᠴᠠ ᠴᠢᠬᠤᠯᠠ ᠶᠡᠬᠡ ᠬᠠᠭᠤᠴᠢ ᠰᠤᠳᠤᠯᠤᠯ᠎ᠤᠨ ᠰᠤᠳᠤᠯᠭ᠋ᠠᠨ᠎ᠢ ᠭᠦᠨᠵᠡᠭᠡᠢ᠌ᠷᠡᠭᠦᠯᠦᠨ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠨ ᠠᠰᠢᠭᠯᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠮᠠᠯᠲᠠᠵᠤ ᠭᠠᠷᠭ᠋ᠠᠭᠰᠠᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠤᠷᠢᠳᠴᠢᠯᠠᠨ ᠰᠡᠷᠭᠡᠢ᠌ᠯᠡᠬᠦ ᠪᠠ ᠵᠠᠰᠠᠨ ᠰᠡᠷᠭᠦᠭᠡᠬᠦ ᠠᠵᠢᠯ᠎ᠢ ᠰᠠᠢ᠌ᠲᠤᠷ ᠬᠢᠵᠦ᠂ ᠰᠣᠶᠣᠯ ᠦᠵᠡᠰᠬᠦᠯᠡᠩ᠎ᠤᠨ ᠪᠠᠢ᠌ᠭᠤᠯᠤᠮᠵᠢ ᠪᠠ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂ ᠰᠣᠶᠣᠯ ᠦᠵᠡᠰᠬᠦᠯᠡᠩ᠎ᠤᠨ ᠴᠢᠳᠠᠪᠤᠷᠢᠲᠠᠨ ᠪᠠ ᠤᠷ᠎ᠠ ᠴᠢᠳᠠᠪᠤᠷᠢ ᠵᠢᠨ ᠬᠡᠯᠪᠡᠷᠢ ᠵᠢᠨ ᠴᠢᠳᠠᠪᠤᠷᠢᠲᠠᠨ᠎ᠤ ᠡᠩᠨᠡᠭᠡ ᠵᠢ ᠬᠥᠮᠥᠵᠢᠭᠦᠯᠬᠦ ᠵᠢ ᠴᠢᠩᠭ᠋ᠠᠳᠬᠠᠬᠤ ᠬᠡᠷᠡᠭᠲᠡᠢ ᠭᠡᠪᠡ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠶᠡᠷᠦᠩᠬᠡᠢ ᠱᠦᠵᠢ ᠰᠢ ᠵᠢᠨ ᠫᠢᠩ᠎ᠤᠨ ᠭᠣᠣᠯ ᠰᠡᠳᠦᠪᠲᠦ ᠬᠥᠮᠦᠵᠢᠯ᠂ ᠦᠶᠡᠷ᠎ᠢ ᠰᠡᠷᠭᠡᠢ᠌ᠯᠡᠨ ᠭᠠᠮᠰᠢᠭ᠎ᠠᠴᠠ ᠠᠪᠤᠷᠠᠬᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠡᠷᠭᠡ ᠠᠵᠢᠯ᠎ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ᠎ᠤᠨ᠎ᠬᠢᠨ ᠨᠢᠭᠡ᠎ᠳᠤ᠂ ᠭᠣᠣᠯ ᠰᠡᠳᠦᠪᠲᠦ ᠬᠥᠮᠦᠵᠢᠯ᠎ᠢ ᠰᠠᠢ᠌ᠲᠤᠷ ᠠᠳᠬᠤᠬᠤ ᠬᠠᠷᠢᠭᠤᠴᠠᠯᠭ᠋ᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠴᠢᠮ ᠲᠤᠯᠭ᠋ᠠᠮ᠎ᠠ ᠰᠡᠳᠬᠢᠯᠭᠡ᠎ᠪᠠᠨ ᠴᠢᠩᠭ᠋ᠠᠳᠬᠠᠵᠤ᠂ ᠤᠨᠤᠯ᠎ᠤᠨ ᠰᠤᠷᠤᠯᠴᠠᠯᠭ᠎ᠠ᠂ ᠪᠠᠢ᠌ᠴᠠᠭ᠋ᠠᠨ ᠰᠤᠳᠤᠯᠤᠯᠲᠠ᠂ ᠬᠥᠭᠵᠢᠯᠲᠡ ᠵᠢ ᠠᠬᠢᠭᠤᠯᠬᠤ᠂ ᠪᠠᠢ᠌ᠴᠠᠭ᠋ᠠᠨ ᠦᠵᠡᠵᠦ ᠴᠡᠭᠴᠡᠯᠡᠨ ᠰᠠᠢ᠌ᠵᠢᠷᠠᠭᠤᠯᠬᠤ ᠵᠢᠴᠢ ᠺᠠᠳ᠋ᠷ᠎ᠤᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠦᠷ᠎ᠡ ᠪᠦᠲᠦᠮᠵᠢ ᠵᠢᠨ ᠲᠠᠯ᠎ᠠ᠎ᠪᠠᠷ᠎ᠬᠢ ᠰᠢᠯᠭ᠋ᠠᠨ ᠪᠠᠢ᠌ᠴᠠᠭ᠋ᠠᠬᠤ ᠪᠠᠷᠢᠮᠵᠢᠶ᠎ᠠ ᠵᠢ ᠴᠢᠩᠭ᠎ᠠ ᠵᠢᠷᠤᠮᠯᠠᠨ᠂ ᠲᠤᠷᠰᠢᠯᠭ᠎ᠠ᠎ᠪᠠᠨ ᠪᠡᠬᠢᠵᠢᠭᠦᠯᠵᠦ᠂ ᠳᠤᠲᠠᠭᠤᠳᠠᠯ ᠵᠶ᠋ᠠᠨ ᠨᠥᠬᠥᠪᠦᠷᠢᠯᠡᠵᠦ᠂ ᠡᠷᠡᠰ ᠲᠡᠪᠴᠢᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠰᠤᠷᠤᠯᠴᠠᠬᠤ᠎ᠪᠠᠷ ᠰᠦᠭ ᠰᠦᠨᠡᠰᠦ ᠵᠢ ᠱᠤᠭᠤᠬᠤ᠂ ᠰᠤᠷᠤᠯᠴᠠᠬᠤ᠎ᠪᠠᠷ ᠤᠶᠤᠨ ᠤᠬᠠᠭ᠋ᠠᠨ᠎ᠢ ᠨᠡᠮᠡᠭᠳᠡᠭᠦᠯᠬᠦ᠂ ᠰᠤᠷᠤᠯᠴᠠᠬᠤ᠎ᠪᠠᠷ ᠰᠤᠷᠲᠠᠯ᠎ᠢ ᠲᠥᠪ ᠪᠣᠯᠭ᠋ᠠᠬᠤ᠂ ᠰᠤᠷᠤᠯᠴᠠᠬᠤ᠎ᠪᠠᠷ ᠠᠵᠢᠯᠯᠠᠬᠤ ᠵᠢ ᠠᠬᠢᠭᠤᠯᠬᠤ ᠵᠢ ᠦᠨᠡᠨ ᠬᠦ᠌ ᠪᠡᠶᠡᠯᠡᠭᠦᠯᠵᠦ᠂ ᠭᠣᠣᠯ ᠰᠡᠳᠦᠪᠲᠦ ᠬᠥᠮᠦᠵᠢᠯ᠎ᠤᠨ ᠴᠢᠨᠠᠷ ᠰᠠᠢ᠌ᠲᠠᠢ ᠦᠷ᠎ᠡ ᠪᠦᠲᠦᠭᠡᠯ ᠣᠯᠬᠤ ᠵᠢ ᠪᠠᠲᠤᠯᠠᠬᠤ ᠬᠡᠷᠡᠭᠲᠡᠢ᠃ ᠬᠣᠶᠠᠷ᠎ᠲᠤ᠂ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠣᠳᠣᠬᠠᠨ᠎ᠤ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠪᠠᠢ᠌ᠳᠠᠯ᠎ᠤᠨ ᠬᠦᠨᠳᠦ ᠬᠡᠴᠡᠭᠦᠦ ᠴᠢᠨᠠᠷ ᠨᠠᠷᠢᠨ ᠪᠤᠳᠤᠯᠢᠶᠠᠨᠲᠤ ᠴᠢᠨᠠᠷ᠎ᠢ ᠰᠡᠷᠭᠡᠭ ᠵᠶ᠋ᠡᠷ ᠲᠠᠨᠢᠵᠤ᠂ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠠᠵᠢᠯ᠎ᠢ ᠰᠠᠢ᠌ᠲᠤᠷ ᠬᠢᠬᠦ ᠤᠯᠤᠰ ᠲᠥᠷᠥ ᠵᠢᠨ ᠬᠠᠷᠢᠭᠤᠴᠠᠯᠭ᠋ᠠᠲᠤ ᠰᠡᠳᠬᠢᠯᠭᠡ᠎ᠪᠠᠨ ᠦᠨᠡᠨ ᠬᠦ᠌ ᠴᠢᠩᠭ᠋ᠠᠳᠬᠠᠨ᠂ ᠦᠶᠡᠷ᠎ᠢ ᠰᠡᠷᠭᠡᠢ᠌ᠯᠡᠬᠦ ᠭᠣᠣᠯᠳᠠᠯᠭ᠎ᠠ᠎ᠲᠠᠢ ᠣᠷᠣᠨ ᠪᠠᠢ᠌ᠷᠢ ᠵᠢ ᠴᠢᠩᠭ᠎ᠠ ᠠᠩᠬᠠᠷᠴᠤ᠂ ᠡᠯ᠎ᠡ ᠭᠠᠵᠠᠷ᠎ᠤᠨ᠎ᠬᠢᠨ᠎ᠢ ᠰᠢᠮᠳᠠᠭᠤᠯᠵᠤ ᠪᠠᠢ᠌ᠭ᠋ᠠᠳ ᠤᠰᠤᠨ᠎ᠳᠤ ᠬᠣᠯᠪᠣᠭᠳᠠᠭᠰᠠᠨ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠨᠠᠮ ᠳᠣᠣᠷ᠎ᠠ ᠦᠶᠡᠷ᠎ᠤᠨ ᠦᠵᠡᠮᠵᠢ ᠵᠢᠨ ᠣᠷᠣᠨ᠎ᠢ ᠲᠣᠭᠣᠷᠢᠨ ᠪᠠᠢ᠌ᠴᠠᠭ᠋ᠠᠵᠤ ᠰᠠᠬᠢᠨ ᠬᠠᠮᠠᠭ᠋ᠠᠯᠠᠬᠤ ᠵᠢ ᠴᠢᠩᠭ᠋ᠠᠳᠬᠠᠵᠤ᠂ ᠤᠳᠤᠷᠢᠳᠤᠯᠭ᠎ᠠ ᠡᠭᠡᠯᠵᠢ ᠳᠠᠭ᠋ᠠᠭᠤᠯᠬᠤ ᠪᠠ 24 ᠴᠠᠭ ᠵᠶ᠋ᠠᠷ ᠵᠢᠵᠢᠭᠦᠷᠯᠡᠬᠦ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠂ ᠴᠢᠬᠤᠯᠠ ᠶᠡᠬᠡ ᠪᠠᠴᠢᠮ ᠮᠡᠳᠡᠭᠡ ᠵᠠᠩᠭᠢ ᠵᠢ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠭᠤᠷᠪᠠ᠎ᠳᠤ᠂ ᠰᠢ ᠵᠢᠨ ᠫᠢᠩ ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ ᠢ ᠪᠦᠲᠦᠭᠡᠨ ᠪᠠᠶ᠋ᠢᠭᠤᠯᠬᠤ ᠵᠢ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠲᠣᠪᠣᠢ᠌ᠮ᠎ᠠ ᠪᠠᠢ᠌ᠷᠢᠨ᠎ᠳᠤ ᠲᠠᠯᠪᠢᠵᠤ᠂ ᠴᠢᠨᠠᠷ ᠰᠠᠢ᠌ᠲᠠᠢ ᠠᠮᠢ ᠠᠬᠤᠢ ᠵᠢᠨ ᠣᠷᠴᠢᠨ ᠲᠣᠭᠣᠷᠢᠨ ᠵᠶ᠋ᠠᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠵᠤ᠂ ᠬᠥᠮᠥᠨ ᠪᠣᠯᠣᠨ ᠪᠠᠢ᠌ᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ ᠬᠡᠷᠡᠭᠲᠡᠢ᠃ ᠡᠬᠢ ᠪᠠᠶᠠᠯᠢᠭ᠎ᠢ ᠠᠷᠪᠢᠯᠠᠬᠤ᠂ ᠣᠷᠴᠢᠨ ᠠᠬᠤᠢ ᠵᠢ ᠬᠠᠮᠠᠭ᠋ᠠᠯᠠᠬᠤ ᠶᠠᠪᠤᠳᠠᠯ᠎ᠢ ᠰᠣᠶᠣᠯ᠎ᠤᠨ ᠦᠢ᠍ᠯᠡᠰ᠂ ᠰᠣᠶᠣᠯ᠎ᠤᠨ ᠠᠵᠤ ᠦᠢ᠍ᠯᠡᠰ ᠪᠠ ᠵᠢᠭᠤᠯᠴᠢᠯᠠᠯ᠎ᠤᠨ ᠦᠢ᠍ᠯᠡᠰ᠎ᠢ ᠬᠥᠭᠵᠢᠭᠦᠯᠬᠦ ᠵᠢᠨ ᠦᠨᠳᠦᠰᠦᠨ ᠵᠢᠷᠤᠮᠯᠠᠯ ᠪᠠ ᠵᠠᠢ᠌ᠯᠠᠰᠢ ᠦᠭᠡᠢ ᠰᠣᠩᠭᠣᠯᠲᠠ ᠪᠣᠯᠭ᠋ᠠᠨ᠎ᠠ ᠭᠡᠪᠡ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃