ᠡᠯ᠎ᠡ ᠠᠢ᠌ᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠎ᠳᠤ᠄
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠲᠠᠪᠤᠷᠢᠵᠢᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠠᠬᠢᠭᠤᠯᠵᠤ᠂ ᠵᠢᠭᠤᠯᠴᠢᠯᠠᠯ᠎ᠤᠨ ᠲᠣᠭᠯᠠᠯᠲᠠ ᠵᠢᠨ ᠤᠷᠠᠯᠢᠭ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠰᠣᠳᠣᠨ ᠪᠦᠲᠦᠭᠡᠯ᠎ᠢ ᠡᠭᠦᠳᠬᠦ ᠵᠢᠨ ᠲᠦᠯᠦᠭᠡ᠂ 《ᠪᠦᠬᠦ ᠤᠯᠤᠰ᠎ᠤᠨ ᠵᠢᠭᠤᠯᠴᠢᠯᠠᠯ᠎ᠤᠨ ᠤᠷᠠᠨ ᠰᠠᠢ᠌ᠬᠠᠨ᠎ᠤ ᠰᠣᠳᠣᠨ ᠪᠦᠲᠦᠭᠡᠯ᠎ᠤᠨ ᠨᠡᠷᠡᠰ᠎ᠤᠨ ᠵᠢᠭᠰᠠᠭ᠋ᠠᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠤᠷᠠᠨ ᠰᠠᠢ᠌ᠬᠠᠨ᠎ᠤ ᠰᠣᠳᠣᠨ ᠪᠦᠲᠦᠭᠡᠯ᠎ᠢ ᠭᠣᠣᠯᠳᠠᠯᠭ᠎ᠠ᠎ᠲᠠᠢ ᠪᠣᠢ᠌ᠵᠢᠭᠤᠯᠬᠤ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠮᠡᠳᠡᠭᠳᠡᠯ》᠎ᠢ ᠦᠨᠳᠦᠰᠦᠯᠡᠪᠡᠯ᠂ ᠡᠯ᠎ᠡ ᠠᠢ᠌ᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠵᠢᠨ ᠪᠠᠲᠤᠯᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠦᠭᠰᠡᠨ ᠰᠠᠭᠤᠷᠢᠨ ᠳᠡᠭᠡᠷ᠎ᠡ ᠲᠤᠰᠬᠠᠢ ᠮᠡᠷᠭᠡᠵᠢᠯᠲᠡᠨ᠎ᠠᠴᠠ ᠬᠢᠨᠠᠨ ᠲᠣᠭᠲᠠᠭ᠋ᠠᠬᠤ᠂ ᠶᠡᠷᠦᠩᠬᠡᠢ᠌ᠯᠡᠨ ᠰᠤᠳᠤᠯᠬᠤ᠂ ᠰᠦᠯᠵᠢᠶᠡᠨ ᠳᠡᠭᠡᠷ᠎ᠡ ᠢᠯᠡ ᠨᠡᠢ᠌ᠲᠡᠯᠡᠬᠦ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠪᠦᠯᠦᠭ᠎ᠤᠨ ᠭᠣᠣᠯᠳᠠᠯᠭ᠎ᠠ᠎ᠲᠠᠢ ᠪᠣᠢ᠌ᠵᠢᠭᠤᠯᠬᠤ ᠵᠢᠭᠤᠯᠴᠢᠯᠠᠯ᠎ᠤᠨ ᠤᠷᠠᠨ ᠰᠠᠢ᠌ᠬᠠᠨ᠎ᠤ ᠰᠣᠳᠣᠨ ᠪᠦᠲᠦᠭᠡᠯ᠎ᠤᠨ ᠨᠡᠷᠡᠰ᠎ᠤᠨ ᠵᠢᠭᠰᠠᠭ᠋ᠠᠯᠲᠠ ᠵᠢᠨ ᠲᠥᠷᠥᠯ ᠵᠦᠢ᠍ᠯ᠎ᠤᠨ ᠨᠡᠷᠡᠰ᠎ᠢ ᠲᠣᠭᠲᠠᠭ᠋ᠠᠵᠤ᠂ ᠡᠳᠦᠭᠡ ᠨᠡᠢ᠌ᠲᠡᠯᠡᠨ᠎ᠡ᠃
ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠲᠣᠭᠯᠠᠯᠲᠠ ᠵᠢᠨ ᠤᠷᠠᠯᠢᠭ᠎ᠤᠨ ᠰᠣᠳᠣᠨ ᠪᠦᠲᠦᠭᠡᠯ᠎ᠢ ᠭᠣᠣᠯᠳᠠᠯᠭ᠎ᠠ᠎ᠲᠠᠢ ᠪᠣᠢ᠌ᠵᠢᠭᠤᠯᠬᠤ ᠨᠡᠷᠡᠰ᠎ᠤᠨ ᠵᠢᠭᠰᠠᠭ᠋ᠠᠯᠲᠠ ᠵᠢᠨ ᠲᠦᠷᠦᠯ ᠵᠦᠢ᠍ᠯ᠎ᠤᠨ ᠨᠡᠷᠡᠰ᠎ᠲᠤ ᠵᠢᠭᠰᠠᠭ᠋ᠠᠭᠳᠠᠭᠰᠠᠨ ᠲᠦᠷᠦᠯ ᠵᠦᠢ᠍ᠯ᠎ᠢ ᠭᠤᠶᠤᠴᠢᠯᠠᠨ ᠮᠡᠳᠡᠭᠦᠯᠬᠦ ᠭᠣᠣᠯ ᠴᠣᠭᠴᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠠᠷᠠᠳ ᠲᠦᠮᠡᠨ ᠵᠶ᠋ᠡᠷ ᠭᠣᠣᠯ ᠪᠣᠯᠭ᠋ᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠵᠢ ᠪᠠᠲᠤ ᠪᠤᠢ ᠪᠣᠯᠭ᠋ᠠᠵᠤ᠂ ᠲᠦᠷᠦᠯ ᠵᠦᠢ᠍ᠯ᠎ᠢ ᠦᠢ᠍ᠯᠡᠳᠬᠦ ᠲᠦᠪᠰᠢᠨ ᠪᠣᠯᠣᠨ ᠤᠷᠠᠯᠢᠭ᠎ᠤᠨ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠤᠮᠠᠷᠠᠲᠤ ᠬᠢᠯᠢ ᠵᠢᠨ ᠰᠣᠶᠣᠯ᠎ᠤᠨ ᠷᠢᠳᠢ ᠰᠢᠳᠢ ᠵᠢ ᠠᠮᠢᠳᠤᠯᠢᠭ ᠵᠶ᠋ᠠᠷ ᠢᠯᠡᠷᠡᠭᠦᠯᠬᠦ ᠬᠡᠷᠡᠭᠲᠡᠢ᠃ ᠨᠡᠢ᠌ᠭᠡᠮ᠎ᠤᠨ ᠬᠠᠷᠢᠭᠤᠴᠠᠯᠭ᠎ᠠ᠎ᠪᠠᠨ ᠦᠨᠡᠨᠬᠦ ᠭᠦᠢ᠍ᠴᠡᠳᠬᠡᠵᠦ᠂ ᠵᠢᠭᠤᠯᠴᠢᠯᠠᠯ᠎ᠤᠨ ᠲᠣᠭᠯᠠᠯᠲᠠ ᠵᠢᠨ ᠤᠷᠠᠯᠢᠭ ᠵᠶ᠋ᠠᠷ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠳᠠᠢ᠍ᠢ᠍ᠴᠢᠯᠠᠵᠤ᠂ ᠲᠤᠬᠠᠢ ᠵᠢᠨ ᠭᠠᠵᠠᠷ᠎ᠤᠨ ᠰᠠᠭᠤᠭ᠋ᠠᠯᠢ ᠠᠷᠠᠳ᠎ᠤᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠵᠤ᠂ ᠠᠵᠤ ᠠᠬᠤᠢ ᠵᠢᠨ ᠦᠷ᠎ᠡ ᠠᠰᠢᠭ ᠪᠣᠯᠣᠨ ᠨᠡᠢ᠌ᠭᠡᠮ᠎ᠤᠨ ᠦᠷ᠎ᠡ ᠠᠰᠢᠭ᠎ᠤᠨ ᠬᠠᠮᠲᠤ᠎ᠪᠠᠷ ᠳᠡᠭᠡᠭᠰᠢᠯᠡᠬᠦ ᠵᠢ ᠠᠬᠢᠭᠤᠯᠬᠤ ᠬᠡᠷᠡᠭᠲᠡᠢ᠃ ᠵᠠᠬ᠎ᠠ ᠳᠡᠯᠭᠡᠭᠦᠷ᠎ᠤᠨ ᠳᠡᠯᠭᠡᠷᠡᠭᠦᠯᠦᠯᠲᠡ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠲᠣᠭᠯᠠᠯᠲᠠ ᠵᠢᠨ ᠤᠷᠠᠯᠢᠭ᠎ᠤᠨ ᠡᠭᠦᠰᠦᠮᠡᠯ ᠪᠦᠲᠦᠭᠡᠭᠳᠡᠬᠦᠨ᠎ᠢ ᠬᠥᠭᠵᠢᠭᠦᠯᠵᠦ᠂ ᠡᠵᠡᠩᠨᠡᠯᠲᠡ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠠᠵᠢᠯ ᠲᠦᠷᠦᠯ᠎ᠤᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃
ᠣᠨᠴᠠᠭ᠋ᠠᠢ᠌ᠯᠠᠨ ᠮᠡᠳᠡᠭᠳᠡᠪᠡ᠃
ᠳᠠᠭ᠋ᠠᠯᠳᠤᠭᠤᠯᠤᠯ᠄ ᠨᠢᠭᠡᠳᠦᠭᠡᠷ ᠪᠦᠯᠦᠭ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠪᠣᠢ᠌ᠵᠢᠭᠤᠯᠬᠤ ᠵᠢᠭᠤᠯᠴᠢᠯᠠᠯ᠎ᠤᠨ ᠤᠷᠠᠨ ᠰᠠᠢ᠌ᠬᠠᠨ᠎ᠤ ᠰᠣᠳᠣᠨ ᠪᠦᠲᠦᠭᠡᠯ᠎ᠤᠨ ᠨᠡᠷᠡᠰ᠎ᠤᠨ ᠵᠢᠭᠰᠠᠭ᠋ᠠᠯᠲᠠ ᠵᠢᠨ ᠲᠥᠷᠥᠯ ᠵᠦᠢ᠍ᠯ᠎ᠤᠨ ᠨᠡᠷᠡᠰ (ᠨᠠᠷᠢᠨ ᠵᠦᠢ᠍ᠯᠡᠰ᠎ᠢ ᠬᠢᠲᠠᠳ ᠰᠦᠯᠵᠢᠶᠡᠨ᠎ᠠᠴᠠ ᠯᠠᠪᠯᠠᠭ᠋ᠠᠷᠠᠢ ᠃)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
2023 ᠣᠨ᠎ᠤ 12 ᠰᠠᠷ᠎ᠠ ᠵᠢᠨ 21