ᠲᠡᠷᠢᠭᠦᠨ᠎ᠤ᠎ᠬᠢ ᠵᠢ ᠤᠷᠮᠠᠰᠢᠭᠤᠯᠤᠨ ᠵᠣᠷᠢᠭᠵᠢᠭᠤᠯᠵᠤ᠂ ᠨᠡᠢ᠌ᠲᠡᠯᠢᠭ ᠵᠢᠱ᠌ᠢᠶ᠎ᠡ ᠵᠢ ᠪᠤᠢ ᠪᠣᠯᠭ᠋ᠠᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠳᠦᠷᠢᠮᠵᠢᠯᠲᠡ ᠪᠠ ᠪᠠᠶ᠋ᠢᠩᠭᠤᠵᠢᠯᠲᠠ ᠵᠢ ᠠᠬᠢᠭᠤᠯᠬᠤ ᠵᠢᠨ ᠲᠥᠯᠥᠭᠡ᠂ ᠮᠠᠨ᠎ᠤ ᠲᠢᠩᠬᠢᠮ ᠡᠯ᠎ᠡ ᠭᠠᠵᠠᠷ ᠡᠯ᠎ᠡ ᠨᠢᠭᠡᠴᠢ ᠵᠢᠨ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ᠂ 2023 ᠣᠨ᠎ᠤ ᠰᠣᠶᠣᠯ ᠪᠠ ᠵᠢᠭᠤᠯᠴᠢᠯᠠᠯ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ᠎ᠳᠤ ᠨᠡᠢ᠌ᠭᠡᠮ᠎ᠤᠨ ᠲᠤᠰᠬᠠᠯ ᠵᠶ᠋ᠠᠷ ᠨᠡᠯᠢᠶᠡᠳ ᠰᠠᠢ᠌ᠨ᠂ ᠠᠵᠢᠯ᠎ᠤᠨ ᠦᠷ᠎ᠡ ᠪᠦᠲᠦᠮᠵᠢ᠎ᠪᠠᠷ ᠲᠣᠪᠣᠢ᠌ᠮ᠎ᠠ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠂ ᠪᠦᠯᠬᠦᠮ ᠪᠠ ᠬᠤᠪᠢ ᠬᠥᠮᠥᠨ᠎ᠢ ᠵᠣᠬᠢᠶᠠᠨ ᠪᠠᠢ᠌ᠭᠤᠯᠵᠤ ᠰᠢᠯᠭ᠋ᠠᠷᠠᠭᠤᠯᠪᠠ᠃ ᠡᠳᠦᠭᠡ ᠰᠢᠯᠭ᠋ᠠᠷᠠᠭᠤᠯᠤᠭᠰᠠᠨ ᠦᠷ᠎ᠡ ᠳ᠋ᠦᠩ᠎ᠢ ᠵᠠᠷᠯᠠᠨ ᠨᠡᠢ᠌ᠲᠡᠯᠡᠶ᠎ᠡ᠂ ᠵᠠᠷᠯᠠᠨ ᠨᠡᠢ᠌ᠲᠡᠯᠡᠬᠦ ᠬᠤᠭᠤᠴᠠᠭ᠎ᠠ᠎ᠨᠢ 7 ᠡᠳᠦᠷ (2024 ᠣᠨ᠎ᠤ 2 ᠳ᠋ᠤᠭ᠋ᠠᠷ ᠰᠠᠷ᠎ᠠ ᠵᠢᠨ 19᠎ᠤ ᠡᠳᠦᠷ — 2 ᠳ᠋ᠤᠭ᠋ᠠᠷ ᠰᠠᠷ᠎ᠠ ᠵᠢᠨ 25᠎ᠤ ᠡᠳᠦᠷ) ᠪᠣᠯᠣᠨ᠎ᠠ᠃ ᠬᠡᠷᠪᠡ ᠠᠳᠠᠯᠢ ᠪᠤᠰᠤ ᠰᠠᠨᠠᠯ᠎ᠲᠠᠢ ᠪᠣᠯ᠂ ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ ᠪᠢᠴᠢᠭ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠭᠠᠵᠠᠷ᠎ᠲᠤ ᠬᠠᠷᠢᠭᠤ ᠲᠤᠰᠬᠠᠭ᠋ᠠᠷᠠᠢ᠃
ᠬᠠᠷᠢᠯᠴᠠᠬᠤ ᠬᠥᠮᠥᠨ ᠵᠢᠴᠢ ᠤᠲᠠᠰᠤ᠄ ᠶᠠᠨ ᠯᠢ ᠰᠢᠶᠠ 0471-6912799
ᠰᠢᠤᠳᠠᠨ ᠬᠠᠢ᠌ᠷᠴᠠᠭ᠄ nmwhtswc@163.com
ᠳᠠᠭ᠋ᠠᠯᠳᠤᠭᠤᠯᠤᠯ᠄ 2023 ᠣᠨ᠎ᠤ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠰᠢᠯᠢᠳᠡᠭ ᠲᠥᠷᠥᠯ ᠵᠦᠢ᠍ᠯ᠂ ᠪᠦᠯᠬᠦᠮ ᠨᠡᠶ᠋ᠢᠲᠡ᠂ ᠰᠠᠢ᠌ᠨ ᠳᠤᠷ᠎ᠠ ᠵᠢᠨ ᠠᠵᠢᠯᠯᠠᠭᠴᠢ ᠵᠢ ᠢᠯᠡ ᠨᠡᠢ᠌ᠲᠡᠯᠡᠬᠦ ᠨᠡᠷᠡᠰ᠃ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ᠎ᠳᠤ ᠨᠠᠷᠢᠪᠴᠢᠯᠠᠨ ᠦᠵᠡᠭᠡᠷᠡᠢ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
2024 ᠣᠨ᠎ᠤ 2 ᠳ᠋ᠤᠭ᠋ᠠᠷ ᠰᠠᠷ᠎ᠠ ᠵᠢᠨ 19᠎ᠤ ᠡᠳᠦᠷ