ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
2023 ᠣᠨ᠎ᠤ ᠵᠢᠭᠤᠯᠴᠢᠯᠠᠯ᠎ᠤᠨ ᠦᠢ᠍ᠯᠡᠴᠢᠯᠡᠭᠡᠨ᠎ᠤ ᠭᠠᠵᠠᠷ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠢᠲᠡᠭᠡᠮᠵᠢ ᠵᠢᠨ ᠲᠡᠰ᠎ᠤᠨ ᠨᠡᠷᠡᠰ᠎ᠤᠨ ᠨᠡᠢ᠌ᠲᠡᠯᠡᠯ
ᠨᠡᠶᠢᠲᠡᠯᠡᠭᠰᠡᠨ ᠴᠠᠭ᠄ 2024-01-13

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠵᠢᠭᠤᠯᠴᠢᠯᠠᠯ᠎ᠤᠨ ᠦᠢ᠍ᠯᠡᠴᠢᠯᠡᠭᠡᠨ᠎ᠤ ᠭᠠᠵᠠᠷ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠦᠨᠡᠨᠴᠢ ᠢᠲᠡᠭᠡᠮᠵᠢ ᠵᠢᠨ ᠲᠠᠰ᠎ᠤᠨ ᠦᠨᠡᠯᠡᠯᠲᠡ ᠬᠢᠭᠡᠳ ᠬᠤᠪᠢᠶᠠᠷᠢᠯᠠᠯ》᠎ᠤᠨ ᠣᠷᠣᠨ ᠨᠤᠲᠤᠭ᠎ᠤᠨ ᠪᠠᠷᠢᠮᠵᠢᠶ᠎ᠠ ᠵᠢ ᠦᠨᠳᠦᠰᠦᠯᠡᠨ᠂ ᠠᠢ᠌ᠮᠠᠭ ᠬᠣᠲᠠ ᠵᠢᠨ ᠲᠠᠨᠢᠯᠴᠠᠭᠤᠯᠭ᠎ᠠ᠂ ᠲᠤᠰᠬᠠᠢ ᠮᠡᠷᠭᠡᠵᠢᠯᠲᠡᠨ᠎ᠤ ᠬᠢᠨᠠᠨ ᠰᠢᠯᠭ᠋ᠠᠷᠠᠭᠤᠯᠤᠯᠲᠠ᠎ᠪᠠᠷ ᠳᠡᠮᠵᠢᠨ᠂ ᠡᠳᠦᠭᠡ 4A ᠲᠠᠰ ᠪᠠ 5A ᠲᠠᠰ᠎ᠤᠨ ᠵᠢᠭᠤᠯᠴᠢᠯᠠᠯ᠎ᠤᠨ ᠦᠢ᠍ᠯᠡᠴᠢᠯᠡᠭᠡᠨ᠎ᠤ ᠭᠠᠵᠠᠷ᠎ᠤᠨ ᠨᠡᠷᠡᠰ ᠵᠶ᠋ᠡᠷ ᠬᠢᠨᠠᠨ ᠲᠣᠭᠲᠠᠭ᠋ᠠᠬᠤ ᠵᠢ ᠵᠠᠷᠯᠠᠨ ᠨᠡᠢ᠌ᠲᠡᠯᠡᠨ᠎ᠡ᠃
      ᠨᠢᠭᠡ᠂ ᠢᠯᠡ ᠨᠡᠢ᠌ᠲᠡᠯᠡᠬᠦ ᠴᠠᠭ
     2024 ᠣᠨ᠎ᠤ 1 ᠰᠠᠷ᠎ᠠ ᠵᠢᠨ 2᠎ᠤᠨ ᠡᠳᠦᠷ᠎ᠠᠴᠠ 1 ᠰᠠᠷ᠎ᠠ ᠵᠢᠨ 4᠎ᠤ ᠡᠳᠦᠷ ᠪᠣᠯᠲᠠᠯ᠎ᠠ ᠨᠡᠶ᠋ᠢᠲᠡ 3 ᠡᠳᠦᠷ ᠪᠣᠯᠣᠨ᠎ᠠ᠃
      ᠬᠣᠶᠠᠷ᠂ ᠢᠯᠡ ᠨᠡᠢ᠌ᠲᠡᠯᠡᠬᠦ ᠡᠲᠡᠭᠡᠳ
     1.2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 4A ᠲᠡᠰ᠎ᠤᠨ ᠵᠢᠭᠤᠯᠴᠢᠯᠠᠯ᠎ᠤᠨ ᠭᠠᠵᠠᠷ᠎ᠤᠨ ᠨᠡᠷᠡᠰ᠃
     2.2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 5A ᠲᠠᠰ᠎ᠤᠨ ᠵᠢᠭᠤᠯᠴᠢᠯᠠᠯ᠎ᠤᠨ ᠭᠠᠵᠠᠷ᠎ᠤᠨ ᠨᠡᠷᠡᠰ᠃
      ᠭᠤᠷᠪᠠ᠂ ᠵᠠᠷᠯᠠᠨ ᠨᠡᠢ᠌ᠲᠡᠯᠡᠬᠦ ᠱᠠᠭ᠋ᠠᠷᠳᠠᠯᠭ᠎ᠠ
      ᠢᠯᠡ ᠨᠡᠢ᠌ᠲᠡᠯᠡᠬᠦ ᠬᠤᠭᠤᠴᠠᠭ᠋ᠠᠨ᠎ᠳᠤ᠂ ᠢᠯᠡ ᠨᠡᠢ᠌ᠲᠡᠯᠡᠬᠦ ᠡᠲᠡᠭᠡᠳ᠎ᠲᠤ ᠣᠨᠳᠣᠣ ᠰᠠᠨᠠᠯ᠎ᠲᠠᠢ ᠨᠢᠭᠡᠴᠢ᠂ ᠬᠤᠪᠢ ᠬᠥᠮᠥᠨ ᠴᠥᠮ ᠪᠢᠴᠢᠭ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠲᠤᠰᠬᠠᠵᠤ ᠪᠣᠯᠣᠨ᠎ᠠ᠃ ᠲᠤᠰᠬᠠᠬᠤ᠎ᠳᠤ᠎ᠪᠠᠨ ᠦᠨᠡᠨ᠎ᠠᠴᠠ ᠵᠥᠪ᠎ᠢ ᠡᠷᠢᠬᠦ ᠬᠡᠷᠡᠭᠲᠡᠢ ᠪᠥᠭᠡᠳ ᠲᠤᠰᠬᠠᠭᠰᠠᠨ ᠠᠰᠠᠭᠤᠳᠠᠯ᠎ᠤᠨ ᠵᠶ᠋ᠠᠨ ᠭᠡᠷᠡᠴᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠃ ᠨᠢᠭᠡᠴᠢ ᠵᠢᠨ ᠨᠡᠷ᠎ᠡ᠎ᠪᠠᠷ ᠲᠤᠰᠬᠠᠭᠰᠠᠨ ᠪᠠᠢ᠌ᠪᠠᠯ᠂ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠢ᠃ ᠬᠤᠪᠢ ᠬᠥᠮᠥᠨ᠎ᠤ ᠨᠡᠷ᠎ᠡ᠎ᠪᠠᠷ ᠲᠤᠰᠬᠠᠭᠰᠠᠨ ᠪᠠᠢ᠌ᠪᠠᠯ᠂ ᠦᠨᠡᠨ ᠪᠣᠳᠠᠲᠠᠢ ᠣᠪᠣᠭ ᠨᠡᠷ᠎ᠡ᠂ ᠠᠵᠢᠯᠯᠠᠵᠤ ᠪᠠᠢ᠌ᠭ᠎ᠠ ᠨᠢᠭᠡᠴᠢ᠂ ᠬᠠᠷᠢᠯᠴᠠᠬᠤ ᠬᠠᠶᠢᠭ ᠵᠢᠴᠢ ᠬᠠᠷᠢᠯᠴᠠᠬᠤ ᠤᠲᠠᠰᠤ᠎ᠪᠠᠨ ᠪᠢᠴᠢᠵᠦ᠂ ᠬᠣᠯᠪᠣᠭᠳᠠᠯ ᠪᠦᠬᠦᠢ ᠪᠠᠢ᠌ᠳᠠᠯ᠎ᠢ ᠬᠢᠨᠠᠨ ᠬᠠᠷᠭᠤᠭᠤᠯᠵᠤ ᠣᠢ᠌ᠯᠠᠭ᠋ᠠᠬᠤ᠎ᠳᠤ ᠳᠦᠭᠦᠮ ᠪᠣᠯᠭ᠋ᠠᠬᠤ ᠬᠡᠷᠡᠭᠲᠡᠢ᠃
      ᠬᠠᠷᠢᠯᠴᠠᠬᠤ ᠨᠢᠭᠡᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠵᠠᠬ᠎ᠠ ᠳᠡᠯᠭᠡᠭᠦᠷ᠎ᠤᠨ   ᠬᠠᠮᠢᠶᠠᠷᠤᠯᠲᠠ ᠵᠢᠨ ᠭᠠᠵᠠᠷ
      ᠬᠠᠷᠢᠯᠴᠠᠬᠤ ᠤᠲᠠᠰᠤ᠄ 0471-6356742
      ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠤᠯᠠᠭ᠋ᠠᠨᠴᠠᠪ ᠪᠠᠷᠠᠭᠤᠨ ᠵᠡᠭᠡᠯᠢ ᠵᠢᠨ 32 ᠳ᠋ᠤᠭ᠋ᠠᠷ ᠨᠣᠮᠧᠷ
      ᠰᠢᠤᠳᠠᠨ ᠳ᠋ᠤᠭ᠋ᠠᠷ᠄ 010020
      ᠳᠠᠭ᠋ᠠᠯᠳᠤᠭᠤᠯᠤᠯ᠄
     1.2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 4A ᠲᠠᠰ᠎ᠤᠨ ᠵᠢᠭᠤᠯᠴᠢᠯᠠᠯ᠎ᠤᠨ ᠭᠠᠵᠠᠷ᠎ᠤᠨ ᠨᠡᠷᠡᠰ  (ᠨᠠᠷᠢᠨ ᠵᠦᠢ᠍ᠯᠡᠰ᠎ᠢ ᠬᠢᠲᠠᠳ ᠰᠦᠯᠵᠢᠶᠡᠨ᠎ᠠᠴᠠ ᠯᠠᠪᠯᠠᠭ᠋ᠠᠷᠠᠢ  ᠃)
     2.2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 5A ᠲᠠᠰ᠎ᠤᠨ ᠵᠢᠭᠤᠯᠴᠢᠯᠠᠯ᠎ᠤᠨ ᠭᠠᠵᠠᠷ᠎ᠤᠨ   ᠨᠡᠷᠡᠰ  (ᠨᠠᠷᠢᠨ ᠵᠦᠢ᠍ᠯᠡᠰ᠎ᠢ ᠬᠢᠲᠠᠳ ᠰᠦᠯᠵᠢᠶᠡᠨ᠎ᠠᠴᠠ ᠯᠠᠪᠯᠠᠭ᠋ᠠᠷᠠᠢ  ᠃)

                ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
                ᠵᠢᠭᠤᠯᠴᠢᠯᠠᠯ᠎ᠤᠨ ᠪᠠᠷᠢᠮᠵᠢᠶᠠᠵᠢᠭᠤᠯᠬᠤ ᠮᠡᠷᠭᠡᠵᠢᠯ᠎ᠤᠨ ᠺᠣᠮᠢᠰ
                            2024 ᠣᠨ᠎ᠤ 1 ᠳ᠋ᠦ᠍ᠭᠡᠷ ᠰᠠᠷ᠎ᠠ ᠵᠢᠨ 2᠎ᠤᠨ ᠡᠲᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠴᠢᠩ ᠱᠦᠢ ᠾᠧ ᠮᠦᠽᠧᠢ ᠵᠢ ᠪᠠᠢ᠌ᠭᠤᠯᠵᠤ ᠳᠠᠩᠰᠠᠯᠠᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠠᠯᠪᠠᠨ ᠵᠠᠷ
2021 — 2022 ᠣᠨ᠎ᠤ ᠪᠥᠬᠥ ᠣᠷᠣᠨ᠎ᠤ ᠦᠨᠳᠦᠰᠦᠨ ᠱᠠᠲᠤᠨ᠎ᠤ ᠠᠷᠪᠠᠨ ᠶᠡᠬᠡ ᠰᠣᠶᠣᠯ᠎ᠤᠨ ᠰᠢᠯᠢᠳᠡᠭ ᠨᠢᠭᠡᠴᠢ ᠪᠠ ᠬᠤᠪᠢ ᠬᠥᠮᠥᠨ᠎ᠢ ᠰᠢᠯᠭ᠋ᠠᠷᠠᠭᠤᠯᠤᠭᠰᠠᠨ ᠦᠷ᠎ᠡ ᠳ᠋ᠦᠩ᠎ᠤᠨ ᠲᠤᠬᠠᠢ ᠨᠡᠢ᠌ᠲᠡᠯᠡᠯ
2023 ᠣᠨ᠎ᠤ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠰᠢᠯᠢᠳᠡᠭ ᠲᠥᠷᠥᠯ ᠵᠦᠢ᠍ᠯ᠂ ᠪᠦᠯᠬᠦᠮ ᠨᠡᠶ᠋ᠢᠲᠡ᠂ ᠰᠠᠢ᠌ᠨ ᠳᠤᠷ᠎ᠠ ᠵᠢᠨ ᠠᠵᠢᠯᠯᠠᠭᠴᠢ ᠵᠢ ᠰᠢᠯᠭ᠋ᠠᠷᠠᠭᠤᠯᠤᠭᠰᠠᠨ ᠦᠷ᠎ᠡ ᠳ᠋ᠦᠩ᠎ᠢ ᠵᠠᠷᠯᠠᠨ ᠨᠡᠢ᠌ᠲᠡᠯᠡᠬᠦ᠎ᠨᠢ
 
            