ᠥᠪᠥᠷ ᠵᠠᠰᠠᠭ ᠠᠯᠪᠠᠨ ᠲᠠᠷᠬᠠᠭ᠋ᠠᠭᠰᠠᠨ [2020] 52 ᠳ᠋ᠤᠭ᠋ᠠᠷ ᠲᠣᠭ᠋ᠠᠲᠤ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃
2020 ᠣᠨ᠎ᠤ 12 ᠳ᠋ᠤᠭ᠋ᠠᠷ ᠰᠠᠷ᠎ᠠ ᠵᠢᠨ 23᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠲᠦᠷᠢᠮ
ᠨᠢᠭᠡᠳᠦᠭᠡᠷ ᠵᠦᠢ᠍ᠯ
ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠤᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠲᠤᠨᠨᠳᠠᠯᠴᠠᠭ᠋ᠠᠨ᠎ᠤ ᠪᠠᠶ᠋ᠢᠭᠤᠯᠤᠯᠲᠠ ᠵᠢ ᠠᠬᠢᠭᠤᠯᠤᠨ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠵᠠᠬ᠎ᠠ ᠳᠡᠯᠭᠡᠭᠦᠷ᠎ᠲᠤ ᠦᠨᠡᠨᠴᠢ ᠢᠲᠡᠭᠡᠮᠵᠢᠲᠡᠶ ᠣᠷᠴᠢᠨ᠎ᠢ ᠪᠤᠢ ᠪᠣᠯᠭ᠋ᠠᠬᠤ ᠵᠢᠨ ᠲᠤᠰᠠᠳᠠ᠂ ᠤᠯᠤᠰ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠠᠷᠠᠳ᠎ᠤᠨ ᠳᠡᠭᠡᠳᠦ ᠰᠢᠭᠦᠬᠦ ᠬᠤᠷᠢᠶᠠᠨ᠎ᠤ 《ᠳᠠᠭ᠋ᠠᠭ᠋ᠠᠴᠢᠯᠠᠯᠲᠠ ᠵᠠᠷᠯᠠᠵᠦ ᠳᠠᠭ᠋ᠠᠭ᠋ᠠᠴᠢᠯᠠᠯᠲᠠ ᠬᠦᠯᠢᠶᠡᠬᠦ ᠠᠵᠢᠯᠯᠠᠭ᠋ᠠᠨ᠎ᠳᠠᠬᠢ ᠢᠲᠡᠭᠡᠯ ᠠᠯᠳᠠᠭᠰᠠᠨ ᠭᠦᠢ᠍ᠴᠡᠳᠬᠡᠭᠳᠡᠭᠴᠢ᠎ᠳᠤ ᠬᠤᠯᠪᠣᠭ᠋ᠠᠯᠠᠨ ᠵᠠᠯᠬᠠᠭ᠋ᠠᠵᠤ ᠴᠡᠭᠡᠷᠯᠡᠭᠦᠯᠬᠦ ᠵᠢ ᠬᠡᠷᠡᠭᠵᠢᠭᠦᠯᠬᠦ ᠲᠤᠬᠠᠢ ᠮᠡᠳᠡᠭᠳᠡᠯ》 (ᠰᠢᠭᠦᠬᠦ [2016] 285 ᠳ᠋ᠤᠭ᠋ᠠᠷ ᠲᠣᠭ᠋ᠠᠲᠤ)᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ ᠶᠠᠮᠤᠨ ᠵᠥᠪᠯᠡᠯ᠎ᠤᠨ 《〈ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠬᠦᠷᠢᠶᠡᠨ᠎ᠳᠠᠬᠢ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ᠎ᠳᠤ ᠬᠤᠯᠪᠣᠭ᠋ᠠᠯᠠᠨ ᠵᠠᠯᠬᠠᠭ᠋ᠠᠵᠤ ᠴᠡᠭᠡᠷᠯᠡᠭᠦᠯᠬᠦ ᠵᠢ ᠦᠷᠨᠢᠭᠦᠯᠬᠦ ᠰᠠᠨᠠᠭᠤᠯᠤᠮᠵᠢ〉 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》 (ᠬᠥᠭᠵᠢᠭᠦᠯᠦᠯᠲᠡ ᠥᠭᠡᠷᠡᠴᠢᠯᠡᠯᠲᠡ ᠬᠠᠤᠯᠢ ᠲᠣᠭᠲᠠᠭ᠋ᠠᠯ [2018] 457 ᠳ᠋ᠤᠭ᠋ᠠᠷ ᠲᠣᠭ᠋ᠠᠲᠤ) ᠵᠡᠷᠭᠡ ᠵᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠲᠤᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ
ᠲᠣᠰ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠠᠬᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠮᠡᠳᠡᠭᠡ ᠵᠠᠩᠭᠢ ᠵᠢ ᠰᠢᠩᠬᠡᠬᠡᠨ ᠲᠡᠮᠳᠡᠭᠯᠡᠬᠦ᠂ ᠴᠤᠭᠯᠠᠭᠤᠯᠤᠨ ᠨᠡᠶ᠋ᠢᠯᠡᠭᠦᠯᠬᠦ᠂ ᠢᠯᠡ ᠪᠣᠯᠭ᠋ᠠᠬᠤ᠂ ᠬᠠᠮᠳᠤ᠎ᠪᠠᠷ ᠭᠥᠷᠳᠡᠬᠦ ᠪᠠ ᠬᠡᠷᠡᠭᠯᠡᠬᠦ᠎ᠳᠤ ᠲᠣᠬᠢᠷᠠᠭᠤᠯᠣᠨ ᠬᠡᠷᠡᠭᠯᠡᠨ᠎ᠡ᠃
ᠲᠤᠰ ᠠᠷᠭ᠎ᠠ᠎ᠳᠤ ᠬᠡᠯᠡᠵᠦ ᠪᠠᠶ᠋ᠢᠭ᠎ᠠ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶ᠎ᠡ ᠭᠡᠳᠡᠭ᠎ᠨᠢ ᠣᠯᠠᠨ ᠨᠡᠶ᠋ᠢᠲᠡ ᠵᠢᠨ ᠠᠰᠢᠭ ᠲᠤᠰᠠ᠂ ᠣᠯᠠᠨ ᠨᠡᠶ᠋ᠢᠲᠡ ᠵᠢᠨ ᠠᠮᠤᠷ ᠲᠦᠪᠰᠢᠨ᠎ᠳᠤ ᠬᠤᠯᠪᠣᠭᠳᠠᠭᠰᠠᠨ ᠨᠡᠶ᠋ᠢᠲᠡ ᠵᠢᠨ ᠥᠮᠴᠢᠯᠡᠯ᠎ᠤᠨ ᠴᠢᠨᠠᠷᠲᠠᠶ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠡᠬᠢ ᠪᠠᠶᠠᠯᠢᠭ᠎ᠤᠨ ᠠᠷᠠᠯᠵᠢᠶᠡᠨ᠎ᠤ ᠠᠵᠢᠯᠯᠠᠭ᠎ᠠ ᠵᠢ ᠵᠢᠭ᠋ᠠᠵᠤ ᠪᠤᠶ᠃
ᠲᠤᠰ ᠠᠷᠭ᠎ᠠ᠎ᠳᠤ ᠬᠡᠯᠡᠵᠦ ᠪᠠᠶ᠋ᠢᠭ᠎ᠠ ᠤᠯᠠᠨ ᠨᠡᠶ᠋ᠢᠲᠠ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠤᠬᠠᠢ ᠵᠢᠨ ᠬᠥᠮᠦᠨ᠎ᠳᠤ ᠤᠯᠠᠨ ᠨᠡᠶ᠋ᠢᠲᠠ ᠵᠢᠨ ᠡᠬᠢ ᠪᠠᠶᠠᠯᠢᠭ᠎ᠤᠨ ᠠᠷᠠᠯᠵᠢᠶᠡᠨ᠎ᠳᠤ ᠣᠷᠣᠯᠴᠠᠭᠰᠠᠨ ᠳᠠᠭ᠋ᠠᠭ᠋ᠠᠴᠢᠯᠠᠯᠲᠠ ᠵᠠᠷᠯᠠᠭᠴᠢ᠂ ᠬᠤᠳᠠᠯᠳᠤᠨ ᠠᠪᠤᠭᠴᠢ᠂ ᠲᠥᠯᠥᠪᠦᠷᠢᠲᠡᠢ ᠰᠢᠯᠵᠢᠭᠦᠯᠦᠭᠴᠢ᠂ ᠰᠢᠯᠵᠢᠭᠦᠯᠦᠨ ᠦᠭᠭᠦᠭᠴᠢ᠂ ᠨᠠᠶ᠋ᠢᠳᠠᠭᠴᠢ ᠵᠡᠷᠭᠡ ᠲᠥᠷᠥᠯ ᠵᠦᠢ᠍ᠯ᠎ᠢ ᠡᠭᠦᠰᠭᠡᠨ ᠪᠠᠶ᠋ᠢᠭᠤᠯᠤᠭᠴᠢ; ᠳᠠᠭ᠋ᠠᠭ᠋ᠠᠴᠢᠯᠠᠯᠲᠠ ᠵᠠᠷᠯᠠᠬᠤ ᠣᠷᠤᠯᠠᠯ᠎ᠤᠨ ᠪᠠᠶ᠋ᠢᠭᠤᠯᠤᠮᠵᠢ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢ ᠣᠷᠤᠯᠠᠨ ᠭᠦᠢ᠍ᠴᠡᠳᠭᠡᠬᠦ ᠪᠠᠶ᠋ᠢᠭᠤᠯᠤᠮᠵᠢ᠂ ᠦᠨ᠎ᠡ ᠬᠠᠶᠠᠵᠤ ᠬᠤᠳᠠᠯᠳᠤᠭ᠋ᠠᠯᠠᠬᠤ ᠪᠠᠶ᠋ᠢᠭᠤᠯᠤᠮᠵᠢ᠂ ᠥᠮᠴᠢᠯᠡᠬᠦ ᠡᠷᠬᠡ ᠵᠢᠨ ᠠᠷᠠᠯᠵᠢᠶᠠᠨ᠎ᠤ ᠪᠠᠶ᠋ᠢᠭᠤᠯᠤᠮᠵᠢ ᠵᠡᠷᠭᠡ ᠵᠠᠭᠤᠴᠢ ᠣᠷᠤᠯᠠᠭᠴᠢ ᠪᠤᠶᠤ ᠦᠢ᠍ᠯᠡᠴᠢᠯᠡᠭᠡᠨ᠎ᠤ ᠪᠠᠶ᠋ᠢᠭᠤᠯᠤᠮᠵᠢ; ᠳᠠᠭ᠋ᠠᠭ᠋ᠠᠴᠢᠯᠠᠯᠲᠠ ᠬᠦᠯᠢᠶᠡᠭᠴᠢ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠂ ᠰᠢᠯᠵᠢᠭᠦᠯᠦᠨ ᠠᠪᠤᠭᠴᠢ᠂ ᠥᠷᠢᠰᠥᠯᠳᠦᠨ ᠬᠤᠳᠠᠯᠳᠤᠨ ᠠᠪᠤᠭᠴᠢ ᠵᠡᠷᠭᠡ ᠲᠥᠷᠥᠯ ᠵᠦᠢ᠍ᠯ᠎ᠢ ᠠᠶᠠᠳᠠᠨ ᠳᠠᠭ᠋ᠠᠭᠴᠢ; ᠳᠠᠭ᠋ᠠᠭ᠋ᠠᠴᠢᠯᠠᠯᠲᠠ ᠵᠢ ᠦᠨᠡᠯᠡᠨ ᠬᠢᠨᠠᠬᠤ ᠺᠣᠮᠢᠰ᠎ᠤᠨ ᠪᠦᠷᠢᠯᠳᠦᠬᠦᠨ ᠵᠢᠴᠢ ᠬᠠᠮᠢᠶ᠎ᠠ ᠪᠦᠬᠦᠢ ᠠᠵᠢᠯᠯᠠᠭᠰᠠᠳ ᠵᠡᠷᠭᠡ ᠪᠠᠭᠲᠠᠨ᠎ᠠ᠃
ᠲᠣᠰ ᠠᠷᠭ᠎ᠠ᠎ᠳᠤ ᠬᠡᠯᠡᠵᠦ ᠪᠠᠶ᠋ᠢᠭ᠎ᠠ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ ᠭᠡᠳᠡᠭ᠎ᠨᠢ ᠨᠢᠭᠡᠳᠦᠯᠲᠡᠶ ᠲᠦᠷᠢᠮ ᠪᠠ ᠪᠠᠷᠢᠮᠵᠢᠶ᠎ᠠ ᠵᠢ ᠬᠡᠷᠡᠭᠵᠢᠭᠦᠯᠵᠦ᠂ ᠨᠡᠭᠡᠭᠡᠯᠲᠡ ᠬᠢᠵᠦ ᠬᠠᠮᠲᠤ᠎ᠳᠤ᠎ᠪᠠᠨ ᠭᠥᠷᠳᠡᠬᠦ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠡᠯᠧᠺᠳ᠋ᠷᠣᠨ ᠦᠢ᠍ᠯᠡᠴᠢᠯᠡᠭᠡᠨ᠎ᠤ ᠰᠢᠰᠲ᠋ᠧᠮ ᠪᠠ ᠵᠢᠷᠤᠮᠵᠢᠭᠰᠠᠨ ᠢᠯᠡ ᠲᠣᠳᠣ ᠠᠵᠢᠯᠯᠠᠭ᠋ᠠᠨ᠎ᠤ ᠲᠣᠭᠲᠠᠴᠠ ᠵᠢ ᠪᠦᠷᠢᠯᠳᠦᠭᠦᠯᠵᠦ᠂ ᠵᠠᠬ᠎ᠠ ᠳᠡᠯᠭᠡᠭᠦᠷ᠎ᠤᠨ ᠭᠤᠤᠯ ᠴᠣᠭᠴᠠ᠂ ᠨᠡᠶ᠋ᠢᠭᠡᠮ᠎ᠤᠨ ᠣᠯᠠᠨ ᠨᠡᠶ᠋ᠢᠲᠡ᠂ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠵᠡᠷᠭᠡ᠎ᠳᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡ ᠬᠠᠩᠭ᠋ᠠᠬᠤ ᠲᠤᠨᠨᠳᠠᠯᠴᠠᠭ᠎ᠠ ᠵᠢ ᠵᠢᠭ᠋ᠠᠵᠤ ᠪᠣᠶ᠃
ᠲᠣᠰ ᠠᠷᠭ᠎ᠠ᠎ᠳᠤ ᠬᠡᠯᠡᠵᠦ ᠪᠠᠶ᠋ᠢᠭ᠎ᠠ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠡᠯᠧᠺᠳ᠋ᠷᠣᠨ ᠦᠢ᠍ᠯᠡᠴᠢᠯᠡᠭᠡᠨ᠎ᠤ ᠰᠢᠰᠲ᠋ᠧᠮ ᠭᠡᠳᠡᠭ᠎ᠨᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠡᠯᠧᠺᠳ᠋ᠷᠣᠨ ᠠᠷᠠᠯᠵᠢᠶᠡᠨ᠎ᠤ ᠰᠢᠰᠲ᠋ᠧᠮ᠂ ᠬᠢᠨᠠᠨ ᠬᠠᠮᠢᠶᠠᠷᠬᠤ ᠰᠢᠰᠲ᠋ᠧᠮ ᠪᠠ ᠪᠤᠰᠤᠳ ᠡᠯᠧᠺᠳ᠋ᠷᠣᠨ ᠰᠢᠰᠲ᠋ᠧᠮ᠎ᠢ ᠬᠤᠯᠪᠣᠨ ᠨᠡᠪᠲᠡᠷᠡᠭᠦᠯᠵᠦ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠮᠡᠳᠡᠭᠡ ᠵᠠᠩᠭᠢ ᠵᠢᠨ ᠳ᠋ᠠᠶ᠋ᠢᠲ᠋ᠠ᠎ᠪᠠᠨ ᠰᠣᠯᠢᠯᠴᠠᠵᠤ ᠬᠠᠮᠳᠣᠳᠤᠪᠠᠨ ᠭᠥᠷᠳᠡᠬᠦ ᠵᠢ ᠪᠡᠶᠡᠯᠡᠭᠦᠯᠬᠦ ᠵᠢᠨ ᠵᠡᠷᠭᠡ᠎ᠳᠤ ᠣᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ ᠵᠠᠩᠭᠢᠯᠠᠭ᠎ᠠ ᠵᠢ ᠵᠢᠭ᠋ᠠᠵᠤ ᠪᠣᠶ᠃
ᠲᠣᠰ ᠠᠷᠭ᠎ᠠ᠎ᠳᠤ ᠬᠡᠯᠡᠵᠦ ᠪᠠᠶ᠋ᠢᠭ᠎ᠠ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠮᠡᠳᠡᠭᠡ ᠵᠠᠩᠭᠢ ᠭᠡᠳᠡᠭ᠎ᠨᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠣᠬᠠᠢ ᠵᠢᠨ ᠬᠥᠮᠦᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠶᠠᠪᠤᠴᠠ᠎ᠳᠤ ᠪᠣᠶ ᠪᠣᠯᠤᠭᠰᠠᠨ ᠪᠤᠶᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ ᠵᠢᠴᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠡᠷᠬᠡ ᠣᠯᠭᠤᠭᠰᠠᠨ ᠣᠯᠠᠨ ᠨᠡᠶ᠋ᠢᠲᠡ ᠵᠢᠨ ᠠᠵᠢᠯ ᠶᠠᠪᠤᠳᠠᠯ᠎ᠤᠨ ᠬᠠᠮᠢᠶᠠᠷᠤᠯᠲᠠ ᠵᠢᠨ ᠡᠭᠦᠷᠭᠡ ᠴᠢᠳᠠᠪᠤᠷᠢ᠎ᠲᠠᠢ ᠪᠠᠶ᠋ᠢᠭᠤᠯᠤᠮᠵᠢ ᠵᠢᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠬᠠᠮᠢᠶᠠᠷᠤᠯᠲᠠ ᠪᠠ ᠦᠢ᠍ᠯᠡᠴᠢᠯᠡᠭᠡᠨ᠎ᠤ ᠶᠠᠪᠤᠴᠠ᠎ᠳᠤ ᠪᠣᠶ ᠪᠣᠯᠤᠭᠰᠠᠨ ᠪᠤᠶᠤ ᠣᠯᠤᠭᠰᠠᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠤᠬᠠᠢ ᠵᠢᠨ ᠬᠥᠮᠦᠨ᠎ᠤ ᠢᠲᠡᠭᠡᠮᠵᠢ ᠵᠢᠨ ᠪᠠᠶ᠋ᠢᠳᠠᠯ᠎ᠢ ᠲᠤᠰᠬᠠᠵᠤ ᠳᠡᠶ᠋ᠢᠯᠬᠦ ᠲᠤᠭ᠎ᠠ ᠪᠠᠷᠢᠮᠲᠠ ᠪᠠ ᠮᠠᠲ᠋ᠧᠷᠢᠶᠠᠯ᠎ᠢ ᠵᠢᠭ᠋ᠠᠵᠤ ᠪᠣᠶ᠃
ᠲᠣᠰ ᠠᠷᠭ᠎ᠠ᠎ᠳᠤ ᠬᠡᠯᠡᠵᠦ ᠪᠠᠶ᠋ᠢᠭ᠎ᠠ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠤᠨ ᠠᠵᠢᠯᠯᠠᠭᠤᠯᠵᠦ ᠦᠢ᠍ᠯᠡᠴᠢᠯᠡᠬᠦ ᠪᠠᠶ᠋ᠢᠭᠤᠯᠤᠮᠵᠢ ᠭᠡᠳᠡᠭ᠎ᠨᠢ ᠵᠠᠰᠠᠭ᠎ᠤᠨ ᠣᠷᠳᠣᠨ᠎ᠠᠴᠠ ᠠᠬᠢᠭᠤᠯᠤᠨ ᠪᠠᠶ᠋ᠢᠭᠤᠯᠤᠭᠰᠠᠨ ᠪᠤᠶᠤ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠲᠣᠭᠲᠠᠭ᠋ᠠᠭᠰᠠᠨ᠂ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ ᠬᠠᠮᠲᠤ᠎ᠳᠤ᠎ᠪᠠᠨ ᠭᠥᠷᠳᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠬᠠᠮᠢᠶ᠎ᠠ ᠪᠥᠬᠦᠶ ᠵᠠᠬ᠎ᠠ ᠳᠡᠯᠭᠡᠭᠦᠷ᠎ᠤᠨ ᠭᠤᠤᠯ ᠴᠣᠭᠴᠠ᠂ ᠨᠡᠶ᠋ᠢᠭᠡᠮ᠎ᠤᠨ ᠣᠯᠠᠨ ᠨᠡᠶ᠋ᠢᠲᠡ᠂ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠵᠡᠷᠭᠡ᠎ᠳᠤ ᠣᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ ᠨᠢᠭᠡᠴᠢ ᠵᠢ ᠵᠢᠭ᠋ᠠᠵᠤ ᠪᠣᠶ᠃ ᠥᠪᠡᠷᠲᠡᠭᠡᠨ ᠵᠠᠰᠠᠬᠤ ᠣᠷᠣᠨ ᠵᠢᠴᠢ ᠠᠶ᠋ᠢᠮᠠᠭ ᠬᠤᠲᠠ ᠵᠢᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠥᠪ ᠪᠣᠯ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠤᠨ ᠭᠤᠤᠯ ᠪᠣᠯᠬᠤ ᠠᠵᠢᠯᠯᠠᠭᠤᠯᠵᠦ ᠦᠢ᠍ᠯᠡᠴᠢᠯᠡᠬᠦ ᠪᠠᠶ᠋ᠢᠭᠤᠯᠤᠮᠵᠢ ᠪᠠᠶ᠋ᠢᠵᠤ᠂ ᠲᠣᠰ ᠱᠠᠲᠤᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠤᠨ ᠵᠶ᠋ᠠᠨ ᠪᠠᠶ᠋ᠢᠭᠤᠯᠤᠯᠲᠠ᠂ ᠬᠠᠮᠢᠶᠠᠷᠤᠯᠲᠠ ᠵᠢᠴᠢ ᠠᠵᠢᠯᠯᠠᠭᠤᠯᠤᠨ ᠬᠠᠮᠠᠭ᠋ᠠᠯᠠᠯᠲᠠ ᠬᠢᠬᠦ ᠵᠢ ᠬᠠᠷᠢᠭᠤᠴᠠᠨ᠎ᠠ᠃
ᠭᠤᠷᠪᠠᠳᠤᠭ᠋ᠠᠷ ᠵᠦᠢ᠍ᠯ
ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠬᠠᠮᠢᠶᠠᠷᠤᠯᠲᠠ᠎ᠨᠢ ᠬᠠᠤᠯᠢ ᠶᠣᠰᠣᠭ᠋ᠠᠷ ᠬᠡᠷᠡᠭᠵᠢᠭᠦᠯᠬᠦ᠂ ᠢᠯᠡ ᠲᠣᠳᠣ ᠪᠠᠶ᠋ᠢᠯᠭ᠋ᠠᠬᠤ᠂ ᠬᠠᠷᠢᠯᠴᠠᠨ ᠮᠡᠳᠡᠷᠡᠵᠦ ᠬᠠᠮᠲᠤ᠎ᠳᠤ᠎ᠪᠠᠨ ᠭᠥᠷᠳᠡᠬᠦ ᠵᠠᠷᠴᠢᠮ᠎ᠢ ᠵᠢᠷᠤᠮᠯᠠᠬᠤ ᠬᠡᠷᠡᠭᠲᠡᠶ᠃
ᠳᠥᠷᠪᠡᠳᠦᠭᠡᠷ ᠵᠦᠢ᠍ᠯ
ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠬᠠᠮᠢᠶᠠᠷᠤᠯᠲᠠ ᠵᠢᠨ ᠠᠵᠢᠯ᠎ᠤᠨ ᠬᠠᠮᠲᠤᠷᠠᠭᠰᠠᠨ ᠬᠤᠷᠠᠯ᠎ᠨᠢ ᠡᠯ᠎ᠡ ᠱᠠᠲᠤᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠬᠠᠮᠢᠶᠠᠷᠤᠯᠲᠠ ᠵᠢᠨ ᠬᠠᠮᠢᠶ᠎ᠠ ᠪᠥᠬᠦᠶ ᠠᠵᠢᠯ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠵᠢᠯᠣᠭᠤᠳᠬᠤ ᠵᠢ ᠬᠠᠷᠢᠭᠤᠴᠠᠬᠤ ᠬᠡᠷᠡᠭᠲᠡᠶ᠃
ᠡᠯ᠎ᠡ ᠱᠠᠲᠤᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠨᠢ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠲᠤᠰ ᠠᠵᠢᠯ ᠲᠥᠷᠥᠯ᠎ᠤᠨ ᠵᠶ᠋ᠠᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ᠎ᠳᠤ ᠬᠢᠨᠠᠯᠲᠠ ᠲᠠᠯᠪᠢᠬᠤ᠂ ᠬᠠᠮᠢᠶᠠᠷᠤᠯᠲᠠ ᠬᠢᠬᠦ ᠠᠵᠢᠯ᠎ᠢ ᠬᠠᠷᠢᠭᠤᠴᠠᠬᠤ ᠬᠡᠷᠡᠭᠲᠡᠶ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠡᠭᠦᠨ᠎ᠤ ᠬᠠᠷᠢᠶ᠎ᠠ ᠪᠥᠬᠦᠶ ᠢᠲᠡᠭᠡᠮᠵᠢ ᠵᠢᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠳᠤ ᠠᠰᠲᠠᠭ᠋ᠠᠨ ᠲᠣᠭᠲᠠᠭ᠋ᠠᠯ᠎ᠲᠠᠢ ᠪᠠᠶ᠋ᠢᠪᠠᠯ᠂ ᠲᠡᠷᠡ ᠲᠣᠭᠲᠠᠭ᠋ᠠᠯ ᠵᠶ᠋ᠠᠷ ᠬᠡᠷᠡᠭᠵᠢᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠬᠠᠮᠢᠶᠠᠷᠤᠯᠲᠠ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠬᠠᠮᠢᠶ᠎ᠠ ᠪᠥᠬᠦᠶ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠲᠠᠢ ᠬᠠᠮᠲᠤᠷᠠᠯᠴᠠᠨ ᠪᠥᠬᠦ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠲᠣᠨᠨᠳᠠᠯᠴᠠᠭ᠎ᠠ ᠵᠢ ᠨᠢᠭᠡᠳᠦᠯᠲᠡᠶ ᠲᠥᠯᠥᠪᠵᠢᠭᠦᠯᠦᠨ ᠪᠠᠶ᠋ᠢᠭᠤᠯᠬᠤ ᠪᠠ ᠪᠥᠬᠦ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠭᠤᠤᠯ ᠴᠣᠭᠴᠠ ᠵᠢᠨ ᠮᠡᠳᠡᠭᠡ ᠵᠠᠩᠭᠢ ᠵᠢᠨ ᠬᠥᠮᠥᠷᠭᠡ ᠵᠢ ᠪᠠᠶ᠋ᠢᠭᠤᠯᠬᠤ᠂ ᠬᠠᠮᠢᠶᠠᠷᠬᠤ ᠪᠠ ᠬᠠᠮᠠᠭ᠋ᠠᠯᠠᠬᠤ ᠠᠵᠢᠯ ᠵᠢᠴᠢ ᠪᠥᠬᠦ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠮᠡᠳᠡᠭᠡ ᠵᠠᠩᠭᠢ ᠵᠢ ᠬᠤᠷᠢᠶᠠᠩᠭᠤᠶ᠋ᠢᠯᠠᠨ ᠨᠡᠶ᠋ᠢᠲᠡᠯᠡᠬᠦ ᠵᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠯᠤᠭ᠎ᠠ ᠬᠠᠷᠢᠯᠴᠠᠨ ᠬᠠᠮᠲᠤ᠎ᠳᠤ᠎ᠪᠠᠨ ᠭᠥᠷᠳᠡᠬᠦ ᠪᠠ ᠬᠥᠳᠡᠯᠦᠩᠭᠦᠶ᠎ᠪᠠᠷ ᠰᠢᠨᠡᠳᠬᠡᠬᠦ ᠵᠢ ᠪᠡᠶᠡᠯᠡᠭᠦᠯᠬᠦ ᠬᠡᠷᠡᠭᠲᠡᠶ᠃
ᠡᠯ᠎ᠡ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠤᠨ ᠠᠵᠢᠯᠯᠠᠭᠤᠯᠵᠦ ᠦᠢ᠍ᠯᠡᠴᠢᠯᠡᠬᠦ ᠪᠠᠶ᠋ᠢᠭᠤᠯᠤᠮᠵᠢ᠎ᠨᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠲᠠᠢ ᠬᠠᠮᠵᠢᠯᠴᠠᠨ ᠠᠵᠢᠯᠯᠠᠵᠦ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠬᠢᠨᠠᠨ ᠰᠢᠨᠵᠢᠵᠦ᠂ ᠭᠡᠷᠡᠴᠢ ᠪᠠᠷᠢᠮᠲᠠ ᠵᠢᠨ ᠮᠠᠲ᠋ᠧᠷᠢᠶᠠᠯ ᠵᠶ᠋ᠠᠨ ᠲᠣᠬᠢᠲᠠᠶ ᠰᠠᠶ᠋ᠢᠲᠤᠷ ᠦᠯᠡᠳᠡᠭᠡᠨ᠂ ᠢᠲᠡᠭᠡᠮᠵᠢ ᠵᠢᠨ ᠮᠡᠳᠡᠭᠡ ᠵᠠᠩᠭᠢ ᠵᠢ ᠰᠢᠩᠬᠡᠬᠡᠨ ᠲᠡᠮᠳᠡᠭᠯᠡᠬᠦ᠂ ᠴᠤᠭᠯᠠᠭᠤᠯᠤᠨ ᠨᠡᠶ᠋ᠢᠯᠡᠭᠦᠯᠬᠦ᠂ ᠢᠯᠡ ᠪᠣᠯᠭ᠋ᠠᠬᠤ᠂ ᠬᠠᠮᠳᠣᠳᠤᠪᠠᠨ ᠭᠦᠷᠲᠡᠭᠦ ᠪᠠ ᠬᠡᠷᠡᠭᠯᠡᠬᠦ ᠠᠵᠢᠯ᠎ᠢ ᠰᠠᠶ᠋ᠢᠲᠤᠷ ᠬᠢᠵᠦ᠂ ᠲᠤᠰ ᠱᠠᠲᠤᠨ᠎ᠤ ᠨᠡᠶ᠋ᠢᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠯᠤᠭ᠎ᠠ ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠪᠠ ᠮᠡᠳᠡᠭᠡ ᠵᠠᠩᠭᠢ ᠵᠢ ᠬᠠᠮᠳᠣᠳᠤᠪᠠᠨ ᠭᠦᠷᠲᠡᠬᠦ᠂ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠭᠤᠤᠯ ᠴᠣᠭᠴᠠ ᠵᠢᠨ ᠮᠡᠳᠡᠭᠡ ᠵᠠᠩᠭᠢ ᠵᠢᠨ ᠬᠥᠮᠥᠷᠭᠡ ᠵᠢᠨ ᠳ᠋ᠠᠢ᠍ᠲ᠋ᠠᠯᠤᠭᠠ ᠰᠣᠯᠢᠯᠴᠠᠨ ᠵᠠᠯᠭ᠋ᠠᠯᠳᠤᠭᠤᠯᠬᠤ ᠵᠢ ᠪᠡᠶᠡᠯᠡᠭᠦᠯᠬᠦ ᠬᠡᠷᠡᠭᠲᠡᠶ᠃
ᠲᠠᠪᠤᠳᠤᠭ᠋ᠠᠷ ᠵᠦᠢ᠍ᠯ
ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠡᠯᠧᠺᠳ᠋ᠷᠣᠨ ᠦᠢ᠍ᠯᠡᠴᠢᠯᠡᠭᠡᠨ᠎ᠤ ᠰᠢᠰᠲ᠋ᠧᠮ᠎ᠨᠢ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠡᠯᠧᠺᠳ᠋ᠷᠣᠨ ᠦᠢ᠍ᠯᠡᠴᠢᠯᠡᠭᠡᠨ᠎ᠤ ᠰᠢᠰᠲ᠋ᠧᠮ ᠪᠠ ᠡᠯ᠎ᠡ ᠠᠶ᠋ᠢᠮᠠᠭ ᠬᠤᠲᠠ ᠵᠢᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠡᠯᠧᠺᠳ᠋ᠷᠣᠨ ᠦᠢ᠍ᠯᠡᠴᠢᠯᠡᠭᠡᠨ᠎ᠤ ᠰᠢᠰᠲ᠋ᠧᠮ ᠵᠶ᠋ᠠᠷ ᠪᠦᠷᠢᠯᠳᠦᠵᠦ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠮᠡᠳᠡᠭᠡ ᠵᠠᠩᠭᠢ ᠵᠢ ᠰᠢᠩᠬᠡᠬᠡᠨ ᠲᠡᠮᠳᠡᠭᠯᠡᠬᠦ᠂ ᠴᠤᠭᠯᠠᠭᠤᠯᠤᠨ ᠨᠡᠶ᠋ᠢᠯᠡᠭᠦᠯᠬᠦ᠂ ᠬᠠᠮᠳᠣᠳᠤᠪᠠᠨ ᠭᠦᠷᠲᠡᠬᠦ᠂ ᠰᠢᠨᠡᠳᠬᠡᠬᠦ᠂ ᠬᠡᠷᠡᠭᠯᠡᠬᠦ ᠵᠢᠨ ᠠᠴᠢᠶᠠᠯᠠᠪᠤᠷᠢ ᠪᠠ ᠵᠠᠩᠭᠢᠯᠠᠭ᠎ᠠ ᠪᠣᠯᠣᠨ᠎ᠠ᠃
ᠬᠤᠶᠠᠳᠤᠭ᠋ᠠᠷ ᠪᠦᠯᠦᠭ ᠢᠲᠡᠭᠡᠮᠵᠢ ᠵᠢᠨ ᠮᠡᠳᠡᠭᠡ ᠵᠠᠩᠭᠢ ᠵᠢ ᠰᠢᠩᠬᠡᠬᠡᠨ ᠲᠡᠮᠳᠡᠭᠯᠡᠬᠦ ᠪᠠ ᠴᠤᠭᠯᠠᠭᠤᠯᠤᠨ ᠨᠡᠶ᠋ᠢᠯᠡᠭᠦᠯᠬᠦ
ᠵᠢᠷᠭᠤᠳᠤᠭ᠋ᠠᠷ ᠵᠦᠢ᠍ᠯ
ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠮᠡᠳᠡᠭᠡ ᠵᠠᠩᠭᠢ᠎ᠳᠤ ᠦᠨᠳᠦᠰᠦᠨ ᠮᠡᠳᠡᠭᠡ ᠵᠠᠩᠭᠢ᠂ ᠠᠮᠠᠯᠠᠯᠲᠠ ᠵᠢᠨ ᠮᠡᠳᠡᠭᠡ ᠵᠠᠩᠭᠢ᠂ ᠱᠠᠩᠨᠠᠯ᠎ᠤᠨ ᠮᠡᠳᠡᠭᠡ ᠵᠠᠩᠭᠢ ᠪᠠ ᠵᠠᠯᠬᠠᠭ᠋ᠠᠨ ᠴᠡᠭᠡᠷᠯᠡᠭᠦᠯᠬᠦ ᠮᠡᠳᠡᠭᠡ ᠵᠠᠩᠭᠢ ᠪᠠᠭᠲᠠᠨ᠎ᠠ᠃
ᠳᠣᠯᠣᠳᠤᠭ᠋ᠠᠷ ᠵᠦᠢ᠍ᠯ
ᠦᠨᠳᠦᠰᠦᠨ ᠮᠡᠳᠡᠭᠡ ᠵᠠᠩᠭᠢ ᠭᠡᠳᠡᠭ᠎ᠨᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠤᠬᠠᠢ ᠵᠢᠨ ᠬᠥᠮᠦᠨ᠎ᠤ ᠦᠨᠳᠦᠰᠦᠨ ᠪᠠᠶ᠋ᠢᠳᠠᠯ᠎ᠢ ᠢᠯᠭ᠋ᠠᠨ ᠲᠠᠨᠢᠵᠤ ᠪᠣᠯᠬᠤ᠂ ᠵᠠᠳᠠᠯᠤᠯᠲᠠ ᠬᠢᠬᠦ ᠪᠠ ᠮᠠᠭ᠋ᠠᠳᠯᠠᠵᠤ ᠪᠣᠯᠬᠤ ᠮᠡᠳᠡᠭᠡ ᠵᠠᠩᠭᠢ ᠵᠢ ᠵᠢᠭ᠋ᠠᠵᠤ ᠪᠣᠶ᠃ ᠡᠭᠦᠨ᠎ᠳᠤ ᠭᠤᠣᠯᠳᠠᠭᠤ᠄
ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠳᠡᠩᠰᠡᠯᠡᠨ ᠲᠡᠮᠳᠡᠭᠯᠡᠬᠦ ᠪᠠᠶ᠋ᠢᠭᠤᠯᠭ᠎ᠠ᠎ᠳᠤ ᠳᠡᠩᠰᠡᠯᠡᠨ ᠲᠡᠮᠳᠡᠭᠯᠡᠬᠦᠯᠦᠭᠰᠡᠨ ᠮᠡᠳᠡᠭᠡ ᠵᠠᠩᠭᠢ᠂ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠶ ᠣᠷᠣᠯᠠᠬᠤ ᠨᠣᠮᠧᠷ᠂ ᠬᠢᠷᠢ ᠴᠢᠳᠠᠮᠵᠢ᠂ ᠠᠵᠢᠯ᠎ᠤᠨ ᠠᠮᠵᠢᠯᠲᠠ ᠪᠦᠲᠦᠮᠵᠢ ᠵᠡᠷᠭᠡ ᠮᠡᠳᠡᠭᠡ ᠵᠠᠩᠭᠢ;
ᠪᠠᠶ᠋ᠢᠭ᠋ᠠᠯᠢ ᠬᠥᠮᠦᠨ᠎ᠤ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠲᠤ ᠳᠡᠩᠰᠡᠯᠡᠨ ᠲᠡᠮᠳᠡᠭᠯᠡᠬᠦᠯᠦᠭᠰᠡᠨ ᠬᠤᠪᠢ ᠬᠥᠮᠦᠨ᠎ᠤ ᠪᠡᠶ᠎ᠡ ᠭᠠᠷᠤᠯ᠎ᠢ ᠢᠯᠭ᠋ᠠᠨ ᠲᠠᠨᠢᠬᠤ ᠮᠡᠳᠡᠭᠡ ᠵᠠᠩᠭᠢ᠂ ᠢᠲᠡᠭᠡᠮᠵᠢ ᠵᠢᠨ ᠮᠡᠳᠡᠭᠡ ᠵᠠᠩᠭᠢ ᠵᠢᠨ ᠬᠥᠮᠥᠷᠭᠡ᠎ᠳᠤ ᠲᠤᠰᠢᠶᠠᠬᠤ ᠴᠢᠬᠤᠯᠠᠲᠠᠶ ᠳᠠᠩᠰᠠᠯᠠᠭᠤᠯᠤᠭᠰᠠᠨ ᠠᠵᠢᠯ ᠡᠷᠭᠢᠯᠡᠭᠰᠡᠳ᠎ᠤᠨ ᠰᠤᠷᠤᠯᠭ᠎ᠠ ᠵᠢᠨ ᠨᠠᠮᠲᠠᠷ᠂ ᠮᠡᠷᠭᠡᠵᠢᠯ᠎ᠤᠨ ᠴᠣᠯᠠ᠂ ᠠᠵᠢᠯ ᠡᠷᠭᠢᠯᠡᠬᠦ ᠬᠢᠷᠢ ᠬᠡᠮ ᠵᠡᠷᠭᠡ ᠮᠡᠳᠡᠭᠡ ᠵᠠᠩᠭᠢ ᠪᠠᠭᠳᠠᠨ᠎ᠠ᠃
ᠨᠠᠢ᠍ᠮᠠᠳᠤᠭ᠋ᠠᠷ ᠵᠦᠢ᠍ᠯ
ᠠᠮᠠᠯᠠᠯᠲᠠ ᠵᠢᠨ ᠮᠡᠳᠡᠭᠡ ᠵᠠᠩᠭᠢ ᠭᠡᠳᠡᠭ᠎ᠨᠢ ᠪᠠᠶ᠋ᠢᠭ᠋ᠠᠯᠢ ᠬᠥᠮᠦᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ᠎ᠨᠤᠭᠤᠳ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠠᠵᠢᠯᠯᠠᠭ᠎ᠠ᠎ᠳᠤ ᠣᠷᠣᠯᠴᠠᠬᠤ ᠶᠠᠪᠤᠴᠠ᠎ᠳᠤ ᠵᠢᠷᠤᠮᠵᠢᠭᠰᠠᠨ ᠬᠡᠯᠪᠡᠷᠢ᠎ᠪᠠᠷ ᠨᠡᠶ᠋ᠢᠭᠡᠮ᠎ᠳᠤ ᠢᠯᠡ᠎ᠪᠠᠷ ᠠᠮᠠᠯᠳᠠᠭᠰᠠᠨ ᠢᠲᠡᠭᠡᠮᠵᠢ ᠵᠢᠨ ᠮᠡᠳᠡᠭᠡ ᠵᠠᠩᠭᠢ ᠵᠢ ᠵᠢᠭ᠋ᠠᠵᠤ ᠪᠤᠶ᠃
ᠤᠯᠠᠨ ᠨᠡᠶ᠋ᠢᠲᠠ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠤᠬᠠᠢ ᠵᠢᠨ ᠬᠥᠮᠦᠨ᠎ᠨᠢ ᠤᠯᠠᠨ ᠨᠡᠶ᠋ᠢᠲᠠ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨ᠎ᠡ᠂ ᠵᠢᠷᠤᠮᠵᠢᠭᠰᠠᠨ ᠬᠡᠯᠪᠡᠷᠢ᠎ᠪᠠᠷ ᠨᠡᠶ᠋ᠢᠭᠡᠮ᠎ᠳᠤ ᠢᠯᠡ᠎ᠪᠠᠷ ᠠᠮᠠᠯᠠᠯᠲᠠ ᠬᠢᠬᠦ ᠬᠡᠷᠡᠭᠲᠡᠢ᠃
ᠠᠮᠠᠯᠠᠯᠲᠠ ᠵᠢᠨ ᠮᠡᠳᠡᠭᠡ ᠵᠠᠩᠭᠢ ᠵᠢ ᠲᠤᠬᠠᠢ ᠵᠢᠨ ᠬᠥᠮᠦᠨ᠎ᠤ ᠢᠲᠡᠭᠡᠮᠵᠢ ᠵᠢᠨ ᠲᠡᠮᠳᠡᠭᠯᠡᠯ᠎ᠳᠤ ᠣᠷᠣᠭᠤᠯᠬᠤ ᠬᠡᠷᠡᠭᠲᠡᠢ᠃
ᠶᠢᠰᠦᠳᠦᠭᠡᠷ ᠵᠦᠢ᠍ᠯ
ᠱᠠᠩᠨᠠᠯ᠎ᠤᠨ ᠮᠡᠳᠡᠭᠡ ᠵᠠᠩᠭᠢ ᠭᠡᠳᠡᠭ᠎ᠨᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠤᠬᠠᠢ ᠵᠢᠨ ᠬᠥᠮᠦᠨ᠎ᠤ ᠣᠯᠤᠭᠰᠠᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶ᠎ᠠ᠎ᠲᠠᠢ ᠬᠤᠯᠪᠣᠭᠳᠠᠭᠰᠠᠨ᠂ ᠲᠥᠷᠥ ᠵᠢᠨ ᠶᠠᠪᠤᠳᠠᠯ᠎ᠤᠨ ᠬᠤᠷᠢᠶ᠎ᠠ ᠪᠤᠶᠤ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠥᠪᠰᠢᠶᠡᠷᠡᠵᠦ ᠦᠯᠡᠳᠡᠭᠡᠭᠰᠡᠨ ᠰᠢᠯᠭ᠋ᠠᠷᠠᠭᠤᠯᠬᠤ ᠪᠠᠷᠢᠮᠵᠢᠶ᠎ᠠ᠎ᠳᠤ ᠬᠦᠷᠴᠦ ᠰᠠᠶ᠋ᠢᠰᠢᠶᠠᠨ ᠬᠥᠬᠢᠭᠦᠯᠬᠦ ᠲᠥᠷᠥᠯ ᠵᠦᠢ᠍ᠯ᠎ᠤᠨ ᠱᠠᠩᠨᠠᠯ ᠣᠯᠤᠭᠰᠠᠨ ᠮᠡᠳᠡᠭᠡ ᠵᠠᠩᠭᠢ ᠵᠢ ᠵᠢᠭ᠋ᠠᠵᠤ ᠪᠣᠶ᠃
ᠠᠷᠪᠠᠳᠤᠭ᠋ᠠᠷ ᠵᠦᠢ᠍ᠯ
ᠵᠠᠯᠬᠠᠭ᠋ᠠᠨ ᠴᠡᠭᠡᠷᠯᠡᠭᠦᠯᠬᠦ ᠮᠡᠳᠡᠭᠡ ᠵᠠᠩᠭᠢ ᠭᠡᠳᠡᠭ᠎ᠨᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ ᠵᠢᠴᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠡᠷᠬᠡ ᠣᠯᠭᠤᠭᠰᠠᠨ ᠣᠯᠠᠨ ᠨᠡᠶ᠋ᠢᠲᠡ ᠵᠢᠨ ᠬᠡᠷᠡᠭ ᠶᠠᠪᠤᠳᠠᠯ᠎ᠤᠨ ᠬᠠᠮᠢᠶᠠᠷᠤᠯᠲᠠ ᠵᠢᠨ ᠡᠭᠦᠷᠭᠡ ᠴᠢᠳᠠᠪᠤᠷᠢ᠎ᠲᠠᠢ ᠪᠠᠶ᠋ᠢᠭᠤᠯᠤᠮᠵᠢ᠎ᠠᠴᠠ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠥᠭᠭᠦᠭᠰᠡᠨ ᠪᠤᠶᠤ ᠰᠢᠢ᠍ᠳᠪᠦᠷᠢᠯᠡᠬᠦ ᠲᠣᠭᠲᠠᠭ᠋ᠠᠯ ᠭᠠᠷᠭ᠋ᠠᠭᠰᠠᠨ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠣᠬᠠᠢ ᠵᠢᠨ ᠬᠥᠮᠦᠨ᠎ᠨᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶ᠎ᠠ ᠬᠢᠬᠦ ᠶᠠᠪᠤᠴᠠ᠎ᠳᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ᠂ ᠪᠣᠯᠵᠣᠨ ᠲᠣᠭᠲᠠᠭᠰᠠᠨ ᠡᠭᠦᠷᠭᠡ ᠪᠠ ᠠᠮᠠᠯᠠᠯᠲᠠ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠥᠬᠡᠶ ᠵᠡᠷᠭᠡ ᠢᠲᠡᠭᠡᠮᠵᠢ ᠠᠯᠳᠠᠭᠰᠠᠨ ᠮᠡᠳᠡᠭᠡ ᠵᠠᠩᠭᠢ ᠵᠢ ᠵᠢᠭ᠋ᠠᠵᠤ ᠪᠣᠶ᠃
ᠠᠷᠪᠠᠨ ᠨᠢᠭᠡᠳᠦᠭᠡᠷ ᠵᠦᠢ᠍ᠯ
ᠳᠠᠭ᠋ᠠᠭ᠋ᠠᠴᠢᠯᠠᠯᠲᠠ ᠵᠠᠷᠯᠠᠭᠴᠢ᠂ ᠬᠤᠳᠠᠯᠳᠤᠨ ᠠᠪᠤᠭᠴᠢ᠂ ᠲᠦᠯᠦᠪᠦᠷᠢᠲᠡᠢ ᠰᠢᠯᠵᠢᠭᠦᠯᠦᠭᠴᠢ᠂ ᠰᠢᠯᠵᠢᠭᠦᠯᠦᠨ ᠥᠭᠭᠦᠭᠴᠢ᠂ ᠨᠠᠶ᠋ᠢᠳᠠᠭᠴᠢ ᠵᠡᠷᠭᠡ ᠲᠥᠷᠥᠯ ᠵᠦᠢ᠍ᠯ᠎ᠢ ᠡᠭᠦᠰᠭᠡᠨ ᠪᠠᠶ᠋ᠢᠭᠤᠯᠤᠭᠴᠢ ᠵᠢᠨ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ᠎ᠳᠤ ᠭᠤᠤᠯᠳᠠᠭᠤ ᠳᠣᠣᠷᠠᠬᠢ ᠠᠵᠢᠯᠯᠠᠭ᠎ᠠ ᠪᠠᠭᠲᠠᠨ᠎ᠠ᠄
(ᠨᠢᠭᠡ) ᠬᠠᠤᠯᠢ ᠴᠠᠭ᠋ᠠᠵᠠ ᠵᠢᠨ ᠲᠣᠭᠲᠠᠭ᠋ᠠᠯ᠎ᠠᠴᠠ ᠵᠥᠷᠢᠴᠡᠵᠦ᠂ ᠳᠠᠭ᠋ᠠᠭ᠋ᠠᠴᠢᠯᠠᠯᠲᠠ ᠵᠠᠷᠯᠠᠬᠤ ᠴᠢᠬᠤᠯᠠᠳᠠᠢ ᠲᠦᠷᠦᠯ ᠵᠦᠢ᠍ᠯ ᠪᠠᠶ᠋ᠢᠲᠠᠯ᠎ᠠ ᠳᠠᠭ᠋ᠠᠭ᠋ᠠᠴᠢᠯᠠᠯᠲᠠ ᠵᠠᠷᠯᠠᠬᠤ ᠤᠢ᠍ᠭᠡᠢ᠂ ᠳᠠᠭ᠋ᠠᠭ᠋ᠠᠴᠢᠯᠠᠯᠲᠠ ᠵᠠᠷᠯᠠᠬᠤ ᠴᠢᠬᠤᠯᠠᠳᠠᠢ ᠲᠦᠷᠦᠯ ᠵᠦᠢ᠍ᠯ᠎ᠢ ᠬᠡᠰᠡᠭᠯᠡᠨ ᠰᠠᠯᠭ᠋ᠠᠭᠰᠠᠨ ᠪᠤᠶᠤ ᠪᠤᠰᠤᠳ ᠶᠠᠮᠠᠷᠪᠠ ᠠᠷᠭ᠎ᠠ ᠮᠠᠶᠢᠭ ᠵᠶ᠋ᠠᠷ ᠳᠠᠭ᠋ᠠᠭ᠋ᠠᠴᠢᠯᠠᠯᠲᠠ ᠵᠠᠷᠯᠠᠬᠤ᠎ᠠᠴᠠ ᠵᠠᠶ᠋ᠢᠯᠠᠭᠰᠠᠨ᠂ ᠳᠠᠭ᠋ᠠᠭ᠋ᠠᠴᠢᠯᠠᠯᠲᠠ ᠵᠠᠷᠯᠠᠭᠴᠢ ᠬᠠᠤᠯᠢ ᠶᠣᠰᠣᠭ᠋ᠠᠷ ᠢᠯᠠ᠎ᠪᠠᠷ ᠳᠠᠭ᠋ᠠᠭ᠋ᠠᠴᠢᠯᠠᠯᠲᠠ ᠵᠠᠷᠯᠠᠬᠤ ᠴᠢᠬᠤᠯᠠᠳᠠᠢ ᠪᠠᠶ᠋ᠢᠲᠠᠯ᠎ᠠ ᠬᠠᠷᠢᠨ ᠤᠷᠢᠵᠤ ᠳᠠᠭ᠋ᠠᠭ᠋ᠠᠴᠢᠯᠠᠯᠲᠠ ᠵᠠᠷᠯᠠᠭᠰᠠᠨ ᠪᠠᠶ᠋ᠢᠬᠤ;
(ᠬᠤᠶᠠᠷ) ᠳᠠᠭ᠋ᠠᠭ᠋ᠠᠴᠢᠯᠠᠯᠲᠠ ᠵᠠᠷᠯᠠᠭᠴᠢ᠎ᠨᠢ ᠳᠠᠭ᠋ᠠᠭ᠋ᠠᠴᠢᠯᠠᠯᠲᠠ ᠬᠦᠯᠢᠶᠡᠬᠦ ᠪᠣᠯᠤᠮᠵᠢ᠎ᠲᠠᠢ ᠬᠥᠮᠦᠨ᠎ᠢ ᠵᠦᠢ ᠵᠤᠬᠢᠰ ᠦᠭᠡᠢ ᠨᠥᠬᠦᠴᠡᠯ ᠵᠶ᠋ᠠᠷ ᠬᠢᠵᠠᠭ᠋ᠠᠷᠯᠠᠭᠰᠠᠨ ᠪᠤᠶᠤ ᠭᠠᠳᠠᠭᠤᠷᠴᠢᠯᠠᠭᠰᠠᠨ᠂ ᠳᠠᠭ᠋ᠠᠭ᠋ᠠᠴᠢᠯᠠᠯᠲᠠ ᠬᠦᠯᠢᠶᠡᠬᠦ ᠪᠣᠯᠤᠮᠵᠢ᠎ᠲᠠᠢ ᠬᠥᠮᠦᠨ᠎ᠳᠤ ᠠᠯᠠᠭᠴᠢᠯᠠᠨ ᠬᠠᠨᠳᠤᠬᠤ ᠵᠢ ᠬᠡᠷᠡᠭᠵᠢᠭᠦᠯᠦᠭᠰᠡᠨ᠂ ᠳᠠᠭ᠋ᠠᠭ᠋ᠠᠴᠢᠯᠠᠯᠲᠠ ᠬᠦᠯᠢᠶᠡᠭᠴᠢ ᠵᠢ ᠬᠤᠯᠪᠣᠭ᠋ᠠᠲᠤ ᠴᠣᠭᠴᠠ ᠪᠠᠶ᠋ᠢᠭᠤᠯᠵᠤ ᠬᠠᠮᠲᠤ᠎ᠪᠠᠷ ᠳᠠᠭ᠋ᠠᠭ᠋ᠠᠴᠢᠯᠠᠯᠲᠠ ᠬᠦᠯᠢᠶᠡᠯᠭᠡᠬᠦ᠎ᠪᠠᠷ ᠠᠯᠪᠡᠳᠡᠠ ᠱᠠᠭ᠋ᠠᠷᠳᠠᠭᠰᠠᠨ ᠪᠤᠶᠤ ᠳᠠᠭ᠋ᠠᠭ᠋ᠠᠴᠢᠯᠠᠯᠲᠠ ᠬᠦᠯᠢᠶᠡᠭᠴᠢ ᠵᠢᠨ ᠬᠤᠭᠤᠷᠣᠨᠳᠣᠬᠢ ᠥᠷᠢᠰᠥᠯᠳᠦᠭᠡᠨ᠎ᠢ ᠬᠢᠵᠠᠭ᠋ᠠᠷᠯᠠᠭᠰᠠᠨ ᠪᠠᠶ᠋ᠢᠬᠤ;
(ᠭᠤᠷᠪᠠ) ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ ᠬᠢᠷᠢ ᠬᠡᠮ᠎ᠢ ᠤᠷᠢᠳᠴᠢᠯᠠᠨ ᠬᠢᠨᠠᠭᠰᠠᠨ ᠪᠢᠴᠢᠭ ᠮᠠᠲ᠋ᠧᠷᠢᠶᠠᠯ᠎ᠢ ᠬᠤᠳᠠᠯᠳᠤᠬᠤ᠂ ᠲᠣᠳᠣᠷᠬᠠᠶ᠋ᠢᠯᠠᠬᠤ᠂ ᠵᠠᠰᠠᠪᠤᠷᠢ ᠣᠷᠣᠭᠤᠯᠬᠤ ᠴᠠᠭ ᠬᠤᠭᠤᠴᠠᠭ᠎ᠠ ᠪᠤᠶᠤ ᠬᠢᠷᠢ ᠬᠡᠮ᠎ᠢ ᠤᠷᠢᠳᠴᠢᠯᠠᠨ ᠬᠢᠨᠠᠭᠤᠯᠬᠤ ᠭᠤᠶᠤᠴᠢᠯᠠᠯ᠎ᠤᠨ ᠪᠢᠴᠢᠭ ᠮᠠᠲ᠋ᠧᠷᠢᠶᠠᠯ᠂ ᠳᠠᠭ᠋ᠠᠭ᠋ᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠵᠶ᠋ᠠᠨ ᠲᠤᠰᠢᠶᠠᠬᠤ᠎ᠪᠠᠷ ᠲᠣᠭᠲᠠᠭ᠋ᠠᠭᠰᠠᠨ ᠴᠠᠭ ᠬᠤᠭᠤᠴᠠᠭ᠎ᠠ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠳᠤ ᠨᠡᠶ᠋ᠢᠴᠡᠬᠦ ᠦᠭᠡᠶ ᠪᠠᠶ᠋ᠢᠬᠤ;
(ᠳᠥᠷᠪᠡ) ᠳᠠᠭ᠋ᠠᠭ᠋ᠠᠴᠢᠯᠠᠯᠲᠠ ᠵᠠᠷᠯᠠᠭᠴᠢ᠎ᠨᠢ ᠬᠢᠷᠢ ᠬᠡᠮ᠎ᠤᠨ ᠤᠷᠢᠳᠴᠢᠯᠠᠨ ᠬᠢᠨᠠᠯᠲᠠ ᠵᠢ ᠥᠩᠭᠡᠷᠡᠭᠡᠭᠰᠡᠨ ᠦᠭᠡᠢ ᠨᠢᠭᠡᠴᠢ ᠪᠤᠶᠤ ᠬᠤᠪᠢ ᠬᠥᠮᠦᠨ᠎ᠤ ᠳᠠᠭ᠋ᠠᠭ᠋ᠠᠴᠢᠯᠠᠯᠲᠠ ᠬᠦᠯᠢᠶᠡᠬᠦ᠎ᠳᠤ ᠣᠷᠤᠯᠴᠠᠬᠤ ᠵᠢ ᠬᠦᠯᠢᠶᠡᠠ ᠠᠪᠤᠭᠰᠠᠨ ᠪᠠᠶ᠋ᠢᠬᠤ;
(ᠲᠠᠪᠤ) ᠳᠠᠭ᠋ᠠᠭ᠋ᠠᠴᠢᠯᠠᠯᠲᠠ ᠵᠠᠷᠯᠠᠭᠴᠢ᠎ᠨᠢ ᠲᠡᠪᠴᠢᠪᠡᠰᠦ ᠵᠣᠬᠢᠬᠤ ᠳᠠᠭ᠋ᠠᠭ᠋ᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ᠎ᠢ ᠬᠦᠯᠢᠶᠡᠨ ᠠᠪᠤᠭᠰᠠᠨ ᠪᠠᠶ᠋ᠢᠬᠤ;
(ᠵᠢᠷᠭᠤᠭ᠎ᠠ) ᠬᠠᠤᠯᠢ ᠶᠣᠰᠣᠭ᠋ᠠᠷ ᠳᠠᠭ᠋ᠠᠭ᠋ᠠᠴᠢᠯᠠᠯᠲᠠ ᠵᠠᠷᠯᠠᠬᠤ ᠴᠢᠬᠤᠯᠠᠳᠠᠢ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠭᠴᠢ᠎ᠨᠢ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠢ ᠣᠯᠣᠭᠰᠠᠨ ᠳᠠᠭ᠋ᠠᠭ᠋ᠠᠴᠢᠯᠠᠯᠲᠠ ᠬᠦᠯᠢᠶᠡᠬᠦ ᠪᠣᠯᠤᠮᠵᠢ᠎ᠲᠠᠢ ᠬᠥᠮᠦᠨ᠎ᠤ ᠨᠡᠷᠡᠶ᠋ᠢᠳᠦᠯ᠂ ᠲᠤᠭ᠎ᠠ ᠬᠡᠮᠵᠢᠶ᠎ᠡ ᠪᠤᠶᠤ ᠲᠥᠪ ᠭᠤᠣᠯᠴᠢ ᠦᠷᠢᠰᠦᠯᠳᠦᠭᠡᠨ᠎ᠢ ᠨᠦᠯᠦᠭᠡᠯᠡᠬᠦ ᠪᠣᠯᠣᠯᠴᠠᠭ᠎ᠠ᠎ᠲᠠᠢ ᠳᠠᠭ᠋ᠠᠭ᠋ᠠᠴᠢᠯᠠᠯᠲᠠ ᠵᠠᠷᠯᠠᠵᠦ ᠳᠠᠭ᠋ᠠᠭ᠋ᠠᠴᠢᠯᠠᠯᠲᠠ ᠬᠦᠯᠢᠶᠡᠬᠦ᠎ᠳᠤ ᠬᠤᠯᠪᠣᠭᠳᠠᠬᠤ ᠪᠤᠰᠤᠳ ᠪᠠᠶ᠋ᠢᠳᠠᠯ᠎ᠢ ᠪᠤᠰᠤᠳ᠎ᠲᠤ ᠵᠠᠳᠠᠷᠠᠭᠤᠯᠤᠭᠰᠠᠨ᠂ ᠡᠰᠡᠬᠦᠯ᠎ᠡ ᠳᠠᠭ᠋ᠠᠭ᠋ᠠᠴᠢᠯᠠᠯᠲᠠ ᠵᠢᠨ ᠲᠦᠰᠦᠭᠡᠯᠡᠵᠦ ᠲᠣᠭᠲᠠᠭ᠋ᠠᠭᠰᠠᠨ ᠰᠠᠭᠤᠷᠢ ᠦᠨ᠎ᠡ ᠵᠢ ᠵᠠᠳᠠᠷᠠᠭᠤᠯᠤᠭᠰᠠᠨ ᠪᠠᠶ᠋ᠢᠬᠤ;
(ᠲᠤᠯᠤᠭ᠎ᠠ) ᠳᠠᠭ᠋ᠠᠭ᠋ᠠᠴᠢᠯᠠᠯᠲᠠ ᠵᠠᠷᠯᠠᠭᠴᠢ ᠬᠢᠭᠡᠳ ᠳᠠᠭ᠋ᠠᠭ᠋ᠠᠴᠢᠯᠠᠯᠲᠠ ᠬᠦᠯᠢᠶᠡᠭᠴᠢ ᠰᠦᠯᠪᠡᠭᠡᠯᠳᠦᠵᠦ ᠳᠠᠭ᠋ᠠᠭ᠋ᠠᠴᠢᠯᠠᠯᠲᠠ ᠬᠦᠯᠢᠶᠡᠭᠰᠡᠨ ᠪᠠᠶ᠋ᠢᠬᠤ;
(ᠨᠠᠢ᠍ᠮᠠ) ᠬᠠᠤᠯᠢ ᠶᠣᠰᠣᠭ᠋ᠠᠷ ᠳᠠᠭ᠋ᠠᠭ᠋ᠠᠴᠢᠯᠠᠯᠲᠠ ᠵᠠᠷᠯᠠᠬᠤ ᠴᠢᠬᠤᠯᠠᠳᠠᠢ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠭᠴᠢ᠎ᠨᠢ ᠲᠣᠭᠲᠠᠭ᠋ᠠᠯ ᠶᠣᠰᠣᠭ᠋ᠠᠷ ᠳᠠᠭ᠋ᠠᠭ᠋ᠠᠴᠢᠯᠠᠯᠲᠠ ᠦᠨᠡᠯᠡᠬᠦ ᠺᠣᠮᠢᠰ ᠪᠠᠶ᠋ᠢᠭᠤᠯᠤᠭᠰᠠᠨ ᠦᠬᠡᠢ ᠪᠤᠶᠤ ᠳᠠᠭ᠋ᠠᠭ᠋ᠠᠴᠢᠯᠠᠯᠲᠠ ᠦᠨᠡᠯᠡᠬᠦ ᠺᠣᠮᠢᠰ᠎ᠤᠨ ᠪᠦᠷᠢᠯᠳᠦᠬᠦᠨ᠎ᠢ ᠲᠣᠭᠲᠠᠭ᠋ᠠᠬᠤ᠂ ᠰᠣᠯᠢᠬᠤ᠎ᠳᠤ᠎ᠪᠠᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠠᠴᠠ ᠵᠥᠷᠢᠴᠡᠭᠰᠡᠨ ᠪᠠᠶ᠋ᠢᠬᠤ;
(ᠶᠢᠰᠦ) ᠬᠠᠤᠯᠢ ᠶᠣᠰᠣᠭ᠋ᠠᠷ ᠳᠠᠭ᠋ᠠᠭ᠋ᠠᠴᠢᠯᠠᠯᠲᠠ ᠵᠠᠷᠯᠠᠬᠤ ᠴᠢᠬᠤᠯᠠᠳᠠᠢ ᠲᠥᠷᠥᠯ ᠵᠦᠢ᠍ᠯ᠎ᠳᠤ᠂ ᠳᠠᠭ᠋ᠠᠭ᠋ᠠᠴᠢᠯᠠᠯᠲᠠ ᠵᠠᠷᠯᠠᠭᠴᠢ᠎ᠨᠢ ᠬᠠᠤᠯᠢ ᠴᠠᠭ᠋ᠠᠵᠠ ᠵᠢᠨ ᠲᠣᠭᠲᠠᠭ᠋ᠠᠯ᠎ᠠᠴᠠ ᠵᠥᠷᠢᠴᠡᠵᠦ᠂ ᠳᠠᠭ᠋ᠠᠭ᠋ᠠᠴᠢᠯᠠᠯᠲᠠ ᠬᠦᠯᠢᠶᠡᠭᠴᠢ᠎ᠲᠠᠢ ᠳᠠᠭ᠋ᠠᠭ᠋ᠠᠴᠢᠯᠠᠯᠲᠠ ᠬᠦᠯᠢᠶᠡᠬᠦ ᠦᠨ᠎ᠡ ᠬᠠᠩᠰᠢ᠂ ᠳᠠᠭ᠋ᠠᠭ᠋ᠠᠴᠢᠯᠠᠯᠲᠠ ᠬᠦᠯᠢᠶᠡᠬᠦ ᠲᠥᠰᠦᠯ ᠵᠡᠷᠭᠡ ᠮᠦᠨ ᠴᠢᠨᠠᠷ᠎ᠤᠨ ᠠᠭᠤᠯᠭ᠎ᠠ ᠵᠢᠨ ᠲᠤᠬᠠᠢ ᠬᠡᠯᠡᠯᠴᠡᠭᠡ ᠬᠢᠭᠰᠡᠨ ᠪᠠᠶ᠋ᠢᠬᠤ;
(ᠠᠷᠪᠠ) ᠳᠠᠭ᠋ᠠᠭ᠋ᠠᠴᠢᠯᠠᠯᠲᠠ ᠵᠠᠷᠯᠠᠭᠴᠢ᠎ᠠᠴᠠ ᠳᠠᠭ᠋ᠠᠭ᠋ᠠᠴᠢᠯᠠᠯᠲᠠ ᠦᠨᠡᠯᠡᠬᠦ ᠺᠣᠮᠢᠰ᠎ᠤᠨ ᠬᠠᠤᠯᠢ ᠶᠣᠰᠣᠭ᠋ᠠᠷ ᠲᠠᠨᠢᠯᠴᠠᠭᠤᠯᠤᠭᠰᠠᠨ ᠳᠠᠭ᠋ᠠᠭ᠋ᠠᠴᠢᠯᠠᠯᠲᠠ ᠤᠨᠤᠬᠤ᠎ᠪᠠᠷ ᠵᠢᠱ᠌ᠢᠭᠳᠡᠭᠰᠡᠳ᠎ᠠᠴᠠ ᠭᠠᠳᠠᠭᠤᠷ ᠳᠠᠭ᠋ᠠᠭ᠋ᠠᠴᠢᠯᠠᠯᠲᠠ ᠣᠨᠣᠭᠴᠢ ᠵᠢ ᠲᠣᠭᠲᠠᠭ᠋ᠠᠭᠰᠠᠨ᠂ ᠬᠠᠤᠯᠢ ᠶᠣᠰᠣᠭ᠋ᠠᠷ ᠳᠠᠭ᠋ᠠᠭ᠋ᠠᠴᠢᠯᠠᠯᠲᠠ ᠵᠠᠷᠯᠠᠬᠤ ᠴᠢᠬᠤᠯᠠᠳᠠᠢ ᠲᠥᠷᠥᠯ ᠵᠦᠢ᠍ᠯ᠎ᠳᠤ ᠪᠦᠬᠦ ᠳᠠᠭ᠋ᠠᠭ᠋ᠠᠴᠢᠯᠠᠯᠲᠠ ᠬᠦᠯᠢᠶᠡᠯᠲᠡ ᠵᠢ ᠳᠠᠭ᠋ᠠᠭ᠋ᠠᠴᠢᠯᠠᠯᠲᠠ ᠦᠨᠡᠯᠡᠬᠦ ᠺᠣᠮᠢᠰ᠎ᠠᠴᠠ ᠦᠭᠡᠶ᠋ᠢᠰᠬᠡᠭᠰᠡᠨᠤ ᠲᠡᠷᠠᠭ᠎ᠠ ᠥᠪᠡᠰᠦᠪᠡᠨ ᠳᠠᠭ᠋ᠠᠭ᠋ᠠᠴᠢᠯᠠᠯᠲᠠ ᠤᠨᠤᠨᠨᠴᠢ ᠵᠢ ᠲᠣᠭᠲᠠᠭ᠋ᠠᠭᠰᠠᠨ ᠪᠠᠶ᠋ᠢᠬᠤ;
(ᠠᠷᠪᠠᠨ ᠨᠢᠭᠡ) ᠳᠠᠭ᠋ᠠᠭ᠋ᠠᠴᠢᠯᠠᠯᠲᠠ ᠵᠠᠷᠯᠠᠭᠴᠢ ᠬᠢᠭᠡᠳ ᠳᠠᠭ᠋ᠠᠭ᠋ᠠᠴᠢᠯᠠᠯᠲᠠ ᠣᠨᠣᠭᠴᠢ᠎ᠨᠢ ᠳᠠᠭ᠋ᠠᠭ᠋ᠠᠴᠢᠯᠠᠯᠲᠠ ᠵᠠᠷᠯᠠᠭᠰᠠᠨ ᠪᠢᠴᠢᠭ ᠮᠠᠲ᠋ᠧᠷᠢᠶᠠᠯ ᠪᠠ ᠳᠠᠭ᠋ᠠᠭ᠋ᠠᠴᠢᠯᠠᠯᠲᠠ ᠣᠨᠣᠭᠴᠢ ᠵᠢᠨ ᠳᠠᠭ᠋ᠠᠭ᠋ᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ᠎ᠤᠨ ᠶᠣᠰᠣᠭ᠋ᠠᠷ ᠭᠡᠷ᠎ᠡ ᠲᠣᠭᠲᠠᠭ᠋ᠠᠭᠰᠠᠨ ᠦᠭᠡᠢ᠂ ᠡᠰᠡᠬᠦᠯ᠎ᠡ ᠳᠠᠭ᠋ᠠᠭ᠋ᠠᠴᠢᠯᠠᠯᠲᠠ ᠵᠠᠷᠯᠠᠭᠴᠢ᠂ ᠳᠠᠭ᠋ᠠᠭ᠋ᠠᠴᠢᠯᠠᠯᠲᠠ ᠣᠨᠣᠭᠴᠢ᠎ᠨᠢ ᠭᠡᠷ᠎ᠡ ᠵᠢᠨ ᠮᠥᠨ ᠴᠢᠨᠠᠷ᠎ᠤᠨ ᠠᠭᠤᠯᠭ᠎ᠠ᠎ᠠᠴᠠ ᠲᠡᠷᠰᠯᠡᠭᠰᠡᠨ ᠬᠡᠯᠡᠯᠴᠡᠭᠡᠷ ᠲᠣᠭᠲᠠᠭ᠋ᠠᠭᠰᠠᠨ ᠪᠠᠶ᠋ᠢᠬᠤ;
(ᠠᠷᠪᠠᠨ ᠬᠤᠶᠠᠷ) ᠳᠠᠭ᠋ᠠᠭ᠋ᠠᠴᠢᠯᠠᠯᠲᠠ ᠵᠠᠷᠯᠠᠭᠴᠢ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠬᠠᠷᠢᠴᠠᠯ᠎ᠠᠴᠠ ᠳᠠᠪᠠᠭᠤᠯᠤᠨ ᠳᠠᠭ᠋ᠠᠭ᠋ᠠᠴᠢᠯᠠᠯᠲᠠ ᠬᠦᠯᠢᠶᠡᠬᠦ ᠪᠠᠲᠤᠯᠠᠭ᠎ᠠ ᠵᠢᠨ ᠮᠥᠩᠭᠦ᠂ ᠪᠣᠯᠵᠤᠭ᠎ᠠ ᠭᠦᠢ᠍ᠴᠡᠳᠬᠡᠬᠦ ᠪᠠᠲᠤᠯᠠᠭ᠎ᠠ ᠵᠢᠨ ᠮᠥᠩᠭᠦ ᠬᠤᠷᠢᠶᠠᠭᠰᠠᠨ ᠪᠤᠶᠤ ᠳᠠᠭ᠋ᠠᠭ᠋ᠠᠴᠢᠯᠠᠯᠲᠠ ᠬᠦᠯᠢᠶᠡᠬᠦ ᠪᠠᠲᠤᠯᠠᠭ᠎ᠠ ᠵᠢᠨ ᠮᠥᠩᠭᠦ ᠵᠢᠴᠢ ᠪᠠᠩᠬᠢ ᠵᠢᠨ ᠠᠳᠠᠯᠢ ᠬᠤᠭᠤᠴᠠᠭ᠋ᠠᠨ᠎ᠤ ᠬᠠᠳᠠᠭ᠋ᠠᠯᠠᠮᠵᠢ ᠵᠢᠨ ᠬᠦᠦ ᠮᠥᠩᠭᠦ ᠵᠢ ᠲᠣᠭᠲᠠᠭ᠋ᠠᠯ ᠶᠣᠰᠣᠭ᠋ᠠᠷ ᠪᠤᠴᠠᠭ᠋ᠠᠵᠤ ᠥᠭᠭᠦᠭᠰᠡᠨ ᠦᠭᠡᠶ ᠪᠠᠶ᠋ᠢᠬᠤ;
(ᠠᠷᠪᠠᠨ ᠭᠤᠷᠪᠠ) ᠳᠠᠭ᠋ᠠᠭ᠋ᠠᠴᠢᠯᠠᠯᠲᠠ ᠵᠠᠷᠯᠠᠭᠴᠢ᠎ᠨᠢ ᠦᠪᠡᠰᠦᠪᠡᠨ ᠳᠠᠭ᠋ᠠᠭ᠋ᠠᠴᠢᠯᠠᠯᠲᠠ ᠵᠠᠷᠯᠠᠬᠤ ᠨᠥᠬᠦᠴᠡᠯ᠎ᠢ ᠪᠦᠷᠢᠯᠳᠦᠭᠦᠯᠦᠭᠰᠡᠨ ᠦᠭᠡᠢ ᠪᠠᠶ᠋ᠢᠭ᠋ᠠᠳ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠢ ᠨᠠᠶ᠋ᠢᠷᠠᠭᠤᠯᠤᠨ ᠵᠣᠬᠢᠶᠠᠬᠤ ᠪᠠ ᠳᠠᠭ᠋ᠠᠭ᠋ᠠᠴᠢᠯᠠᠯᠲᠠ ᠵᠠᠷᠯᠠᠬᠤ ᠵᠢ ᠵᠣᠬᠢᠶᠠᠨ ᠪᠠᠶ᠋ᠢᠭᠤᠯᠬᠤ ᠶᠠᠪᠤᠴᠠ᠎ᠳᠤ ᠬᠦᠨᠳᠦ ᠶᠡᠭᠡ ᠠᠯᠳᠠᠭ᠎ᠠ ᠪᠤᠷᠤᠭᠤ ᠭᠠᠷᠭ᠋ᠠᠵᠤ᠂ ᠳᠠᠭ᠋ᠠᠭ᠋ᠠᠴᠢᠯᠠᠯᠲᠠ ᠵᠠᠷᠯᠠᠬᠤ ᠵᠢ ᠨᠦᠯᠦᠭᠡᠯᠡᠭᠰᠡᠨ ᠪᠠᠶ᠋ᠢᠬᠤ;
(ᠠᠷᠪᠠᠨ ᠳᠥᠷᠪᠡ) ᠬᠤᠳᠠᠯᠳᠤᠨ ᠠᠪᠤᠭᠴᠢ᠎ᠨᠢ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠠᠷᠭ᠎ᠠ ᠮᠠᠶᠢᠭ ᠵᠶ᠋ᠠᠷ ᠬᠤᠳᠠᠯᠳᠤᠨ ᠠᠪᠬᠤ ᠴᠢᠬᠤᠯᠠᠳᠠᠢ ᠪᠠᠶ᠋ᠢᠲᠠᠯ᠎ᠠ ᠳᠤᠷ᠎ᠠ᠎ᠪᠠᠷ ᠪᠤᠰᠤᠳ ᠠᠷᠭ᠎ᠠ ᠮᠠᠶᠢᠭ᠎ᠢ ᠬᠡᠷᠡᠭᠯᠡᠵᠦ ᠬᠤᠳᠠᠯᠳᠤᠨ ᠠᠪᠬᠤ᠂ ᠬᠤᠳᠠᠯᠳᠤᠨ ᠠᠪᠬᠤ ᠪᠠᠷᠢᠮᠵᠢᠶ᠎ᠠ᠎ᠪᠠᠨ ᠳᠤᠷ᠎ᠠ᠎ᠪᠠᠷ ᠳᠡᠭᠡᠭᠰᠢᠯᠡᠭᠦᠯᠦᠨ᠂ ᠵᠦᠶ ᠵᠣᠬᠢᠰ ᠦᠭᠡᠶ ᠨᠥᠬᠦᠴᠡᠯ ᠵᠶ᠋ᠠᠷ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠳᠤ ᠢᠯᠭ᠋ᠠᠭ᠎ᠠ᠎ᠲᠠᠢ ᠣᠯᠭᠤᠮᠵᠢ ᠪᠤᠶᠤ ᠭᠠᠳᠠᠭᠤᠷᠴᠢᠯᠠᠭᠰᠠᠨ ᠣᠯᠭᠤᠮᠵᠢ ᠬᠦᠷᠲᠡᠭᠡᠵᠦ᠂ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠶᠠᠪᠤᠴᠠ᠎ᠳᠤ ᠳᠠᠭ᠋ᠠᠭ᠋ᠠᠴᠢᠯᠠᠯᠲᠠ ᠬᠦᠯᠢᠶᠡᠭᠴᠢᠯᠦᠭᠡ ᠵᠥᠪᠳᠡᠯᠴᠡᠨ ᠬᠡᠯᠡᠯᠴᠡᠭᠡ ᠬᠢᠵᠦ᠂ ᠳᠠᠭ᠋ᠠᠭ᠋ᠠᠴᠢᠯᠠᠯᠲᠠ ᠤᠨᠤᠨᠨᠰᠠᠨ ᠪᠠ ᠠᠷᠠᠯᠵᠢᠶ᠎ᠠ ᠪᠦᠲᠦᠭᠰᠡᠨ ᠮᠡᠳᠡᠭᠳᠡᠯ᠎ᠤᠨ ᠪᠢᠴᠢᠭ᠎ᠢ ᠶᠠᠪᠤᠭᠤᠯᠤᠭᠰᠠᠨ᠎ᠤ ᠳᠠᠷᠠᠭ᠎ᠠ ᠳᠠᠭ᠋ᠠᠭ᠋ᠠᠴᠢᠯᠠᠯᠲᠠ ᠤᠨᠤᠨᠨᠰᠠᠨ ᠪᠠ ᠠᠷᠠᠯᠵᠢᠶ᠎ᠠ ᠪᠦᠲᠦᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨᠯᠤᠭᠠ ᠬᠤᠳᠠᠯᠳᠤᠨ ᠠᠪᠬᠤ ᠭᠡᠷ᠎ᠡ ᠲᠣᠨᠨᠳ᠋ᠬᠠᠰᠠᠨ ᠦᠭᠡᠶ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠲᠡᠪᠴᠢᠭᠰᠡᠨ ᠵᠡᠷᠭᠡ ᠪᠠᠶ᠋ᠢᠳᠠᠯ ᠣᠷᠣᠰᠢᠵᠤ ᠪᠠᠶ᠋ᠢᠬᠤ;
(ᠠᠷᠪᠠᠨ ᠲᠠᠪᠤ) ᠬᠤᠳᠠᠯᠳᠤᠨ ᠠᠪᠤᠭᠴᠢ ᠵᠢᠴᠢ ᠲᠡᠭᠦᠨ᠎ᠤ ᠠᠵᠢᠯᠳᠠᠨ᠎ᠨᠢ ᠬᠠᠩᠭ᠋ᠠᠯᠭ᠎ᠠ ᠵᠢᠨ ᠬᠤᠳᠠᠯᠳᠤᠭ᠋ᠠᠴᠢᠨ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠲᠠᠢ ᠬᠤᠤᠪᠢᠯᠳᠤᠨ ᠰᠦᠯᠪᠡᠭᠡᠯᠳᠦᠵᠦ᠂ ᠬᠤᠳᠠᠯᠳᠤᠨ ᠠᠪᠬᠤ ᠶᠠᠪᠤᠴᠠ᠎ᠳᠤ ᠬᠡᠭᠡᠯᠢ ᠬᠠᠭ᠍ᠤᠤᠯᠢ ᠢᠳᠡᠭᠰᠡᠨ ᠪᠤᠶᠤ ᠪᠤᠰᠤᠳ ᠵᠦᠢ ᠪᠤᠰᠤ ᠠᠰᠢᠭ ᠲᠤᠰᠠ ᠣᠯᠤᠭᠰᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠬᠡᠷᠡᠭᠵᠢᠭᠦᠯᠵᠦ ᠪᠠᠶ᠋ᠢᠭ᠎ᠠ ᠬᠢᠨᠠᠯᠲᠠ ᠪᠠᠶ᠋ᠢᠴᠠᠭ᠋ᠠᠯᠲᠠ᠎ᠳᠤ ᠬᠤᠳᠠᠯ ᠬᠠᠭᠤᠷᠮᠠᠭ ᠪᠠᠶ᠋ᠢᠳᠠᠯ ᠬᠠᠩᠭ᠋ᠠᠭᠰᠠᠨ᠂ ᠡᠰᠡᠬᠦᠯ᠎ᠡ ᠳᠠᠭ᠋ᠠᠭ᠋ᠠᠴᠢᠯᠠᠯᠲᠠ ᠨᠡᠶ᠋ᠢᠲᠡᠯᠡᠬᠦ᠎ᠠᠴᠠ ᠡᠮᠦᠨ᠎ᠡ ᠳᠠᠭ᠋ᠠᠭ᠋ᠠᠴᠢᠯᠠᠯᠲᠠ ᠵᠢᠨ ᠲᠦᠰᠦᠭᠡᠯᠡᠨ ᠲᠣᠭᠲᠠᠭ᠋ᠠᠭᠰᠠᠨ ᠰᠠᠭᠤᠷᠢ ᠦᠨ᠎ᠡ ᠵᠢ ᠵᠠᠳᠠᠷᠠᠭᠤᠯᠤᠭᠰᠠᠨ ᠵᠡᠷᠭᠡ ᠪᠠᠶ᠋ᠢᠳᠠᠯ᠎ᠲᠠᠢ ᠪᠠᠶ᠋ᠢᠬᠤ;
(ᠠᠷᠪᠠᠨ ᠵᠢᠷᠭᠤᠭ᠎ᠠ) ᠬᠤᠳᠠᠯᠳᠤᠨ ᠠᠪᠤᠭᠴᠢ᠎ᠨᠢ ᠲᠥᠪᠯᠡᠷᠡᠭᠦᠯᠦᠨ ᠬᠤᠳᠠᠯᠳᠤᠨ ᠠᠪᠬᠤ ᠵᠢ ᠬᠡᠷᠡᠭᠵᠢᠭᠦᠯᠬᠦ ᠴᠢᠬᠤᠯᠠᠳᠠᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥᠯ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠪᠠᠶ᠋ᠢᠭᠤᠯᠤᠮᠵᠢ᠎ᠳᠤ ᠨᠠᠶ᠋ᠢᠳᠠᠵᠤ ᠲᠥᠪᠯᠡᠷᠡᠭᠦᠯᠦᠨ ᠬᠤᠳᠠᠯᠳᠤᠨ ᠠᠪᠬᠤ ᠵᠢ ᠬᠡᠷᠡᠭᠵᠢᠭᠦᠯᠦᠭᠰᠡᠨ ᠦᠭᠡᠢ ᠪᠠᠶ᠋ᠢᠬᠤ;
(ᠠᠷᠪᠠᠨ ᠳᠤᠯᠤᠭ᠎ᠠ) ᠬᠤᠳᠠᠯᠳᠤᠨ ᠠᠪᠤᠭᠴᠢ᠎ᠨᠢ ᠬᠠᠤᠯᠢ ᠴᠠᠭ᠋ᠠᠵᠠ ᠵᠢᠨ ᠲᠣᠭᠲᠠᠭ᠋ᠠᠯ᠎ᠠᠴᠠ ᠵᠦᠷᠢᠴᠡᠵᠦ ᠦᠯᠡᠳᠡᠬᠡᠨ ᠬᠠᠳᠠᠭ᠋ᠠᠯᠠᠬᠤ ᠴᠢᠬᠤᠯᠠᠳᠠᠢ ᠬᠤᠳᠠᠯᠳᠤᠨ ᠠᠪᠤᠯᠲᠠ ᠵᠢᠨ ᠪᠢᠴᠢᠭ ᠮᠠᠲ᠋ᠧᠷᠢᠶᠠᠯ᠎ᠢ ᠨᠢᠭᠤᠨ ᠳᠠᠯᠳᠠᠯᠠᠭᠰᠠᠨ᠂ ᠤᠰᠠᠳᠬᠠᠭᠰᠠᠨ ᠪᠤᠶᠤ ᠬᠤᠳᠠᠯᠳᠤᠨ ᠠᠪᠤᠯᠲᠠ ᠵᠢᠨ ᠪᠢᠴᠢᠭ ᠮᠠᠲ᠋ᠧᠷᠢᠶᠠᠯ᠎ᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠠᠶ᠋ᠢᠬᠤ;
(ᠠᠷᠪᠠᠨ ᠨᠠᠢ᠍ᠮᠠ) ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠃
ᠠᠷᠪᠠᠨ ᠬᠤᠶᠠᠳᠤᠭ᠋ᠠᠷ ᠵᠦᠢ᠍ᠯ
ᠳᠠᠭ᠋ᠠᠭ᠋ᠠᠴᠢᠯᠠᠯᠲᠠ ᠵᠠᠷᠯᠠᠬᠤ ᠣᠷᠤᠯᠠᠯ᠎ᠤᠨ ᠪᠠᠶ᠋ᠢᠭᠤᠯᠤᠮᠵᠢ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢ ᠣᠷᠤᠯᠠᠨ ᠭᠦᠢ᠍ᠴᠡᠳᠭᠡᠬᠦ ᠪᠠᠶ᠋ᠢᠭᠤᠯᠤᠮᠵᠢ᠂ ᠦᠨ᠎ᠡ ᠬᠠᠶᠠᠵᠤ ᠬᠤᠳᠠᠯᠳᠤᠬᠤ ᠪᠠᠶ᠋ᠢᠭᠤᠯᠤᠮᠵᠢ᠂ ᠥᠮᠴᠢᠯᠡᠬᠦ ᠡᠷᠬᠡ ᠵᠢᠨ ᠠᠷᠠᠯᠵᠢᠶᠡᠨ᠎ᠤ ᠪᠠᠶ᠋ᠢᠭᠤᠯᠤᠮᠵᠢ ᠵᠡᠷᠭᠡ ᠵᠠᠭᠤᠴᠢ ᠣᠷᠤᠯᠠᠭᠴᠢ ᠪᠤᠶᠤ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ᠎ᠳᠤ ᠭᠤᠣᠯᠳᠠᠭᠤ ᠳᠣᠣᠷᠠᠬᠢ ᠠᠵᠢᠯᠯᠠᠭ᠎ᠠ ᠪᠠᠭᠲᠠᠨ᠎ᠠ᠄
(ᠨᠢᠭᠡ) ᠬᠠᠤᠯᠢ ᠴᠠᠭ᠋ᠠᠵᠠ ᠵᠢᠨ ᠲᠣᠭᠲᠠᠭ᠋ᠠᠯ᠎ᠠᠴᠠ ᠵᠥᠷᠢᠴᠡᠵᠦ᠂ ᠤᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠠᠵᠢᠯᠯᠠᠭ᠎ᠠ᠎ᠯᠤᠭ᠎ᠠ ᠬᠤᠯᠪᠣᠭᠳᠠᠭᠰᠠᠨ ᠨᠢᠭᠤᠴᠠ ᠵᠢ ᠬᠠᠮᠠᠭ᠋ᠠᠯᠠᠬᠤ ᠴᠢᠬᠤᠯᠠᠳᠠᠢ ᠪᠠᠶ᠋ᠢᠳᠠᠯ ᠪᠠ ᠮᠠᠲ᠋ᠧᠷᠢᠶᠠᠯ᠎ᠢ ᠵᠠᠳᠠᠷᠠᠭᠤᠯᠤᠭᠰᠠᠨ᠂ ᠡᠰᠡᠬᠦᠯ᠎ᠡ ᠳᠠᠭ᠋ᠠᠭ᠋ᠠᠴᠢᠯᠠᠯᠲᠠ ᠵᠠᠷᠯᠠᠭᠴᠢ᠂ ᠳᠠᠭ᠋ᠠᠭ᠋ᠠᠴᠢᠯᠠᠯᠲᠠ ᠬᠦᠯᠢᠶᠡᠭᠴᠢ᠂ ᠬᠠᠩᠭ᠋ᠠᠯᠭ᠎ᠠ ᠵᠢᠨ ᠬᠤᠳᠠᠯᠳᠤᠭ᠋ᠠᠴᠢᠨ ᠵᠡᠷᠭᠡ᠎ᠲᠠᠢ ᠰᠦᠯᠪᠡᠭᠡᠯᠳᠦᠵᠦ ᠪᠠᠶ᠋ᠢᠭ᠋ᠠᠳ ᠤᠯᠤᠰ᠎ᠤᠨ ᠠᠰᠢᠭ ᠲᠤᠰᠠ᠂ ᠨᠡᠶ᠋ᠢᠭᠡᠮ ᠨᠡᠶ᠋ᠢᠲᠡ ᠵᠢᠨ ᠠᠰᠢᠭ ᠲᠤᠰᠠ ᠪᠤᠶᠤ ᠪᠤᠰᠤᠳ ᠬᠦᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠤᠬᠢᠷᠠᠭᠤᠯᠤᠭᠰᠠᠨ ᠪᠠᠶ᠋ᠢᠬᠤ;
(ᠬᠤᠶᠠᠷ) ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠠᠷᠭ᠎ᠠ ᠮᠠᠶᠢᠭ ᠵᠶ᠋ᠠᠷ ᠬᠤᠳᠠᠯᠳᠤᠨ ᠠᠪᠬᠤ ᠴᠢᠬᠤᠯᠠᠳᠠᠢ ᠪᠠᠶ᠋ᠢᠲᠠᠯ᠎ᠠ ᠳᠤᠷ᠎ᠠ᠎ᠪᠠᠷ ᠪᠤᠰᠤᠳ ᠠᠷᠭ᠎ᠠ ᠮᠠᠶᠢᠭ ᠬᠡᠷᠡᠭᠯᠡᠵᠦ ᠬᠤᠳᠠᠯᠳᠤᠨ ᠠᠪᠬᠤ᠂ ᠬᠤᠳᠠᠯᠳᠤᠨ ᠠᠪᠬᠤ ᠪᠠᠷᠢᠮᠵᠢᠶ᠎ᠠ᠎ᠪᠠᠨ ᠲᠤᠷ᠎ᠠ᠎ᠪᠠᠷ ᠲᠡᠬᠡᠭᠰᠢᠯᠡᠬᠦᠯᠦᠨ᠂ ᠵᠦᠢ ᠵᠤᠬᠢᠰ ᠦᠭᠡᠢ ᠨᠥᠬᠦᠴᠡᠯ ᠵᠶ᠋ᠠᠷ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠳᠤ ᠢᠯᠭ᠋ᠠᠭ᠎ᠠ᠎ᠲᠠᠢ ᠣᠯᠭᠤᠮᠵᠢ ᠪᠤᠶᠤ ᠭᠠᠳᠠᠭᠤᠷᠴᠢᠯᠠᠭᠰᠠᠨ ᠣᠯᠭᠤᠮᠵᠢ ᠬᠦᠷᠲᠡᠭᠡᠵᠦ᠂ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠶᠠᠪᠤᠴᠠ᠎ᠳᠤ ᠳᠠᠭ᠋ᠠᠭ᠋ᠠᠴᠢᠯᠠᠯᠲᠠ ᠬᠦᠯᠢᠶᠡᠭᠴᠢ᠎ᠲᠠᠢ ᠵᠥᠪᠳᠡᠯᠴᠡᠨ ᠬᠡᠯᠡᠯᠴᠡᠭᠡ ᠬᠢᠭᠰᠡᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠲᠡᠪᠴᠢᠭᠰᠡᠨ ᠵᠡᠷᠭᠡ ᠪᠠᠶ᠋ᠢᠳᠠᠯ ᠣᠷᠣᠰᠢᠵᠤ ᠪᠠᠶ᠋ᠢᠬᠤ;
(ᠭᠤᠷᠪᠠ) ᠬᠠᠩᠭ᠋ᠠᠯᠭ᠎ᠠ ᠵᠢᠨ ᠬᠤᠳᠠᠯᠳᠤᠭ᠋ᠠᠴᠢᠨ ᠪᠤᠶᠤ ᠬᠤᠳᠠᠯᠳᠤᠨ ᠠᠪᠤᠭᠴᠢ᠎ᠲᠠᠢ ᠬᠤᠣᠪᠢᠯᠳᠤᠨ ᠰᠦᠯᠪᠡᠭᠡᠯᠳᠦᠵᠦ᠂ ᠬᠤᠳᠠᠯᠳᠤᠨ ᠠᠪᠬᠤ ᠶᠠᠪᠤᠴᠠ᠎ᠳᠤ ᠬᠡᠭᠡᠯᠢ ᠬᠠᠭ᠍ᠤᠤᠯᠢ ᠢᠳᠡᠭᠰᠡᠨ ᠪᠤᠶᠤ ᠪᠤᠰᠤᠳ ᠵᠦᠢ ᠪᠤᠰᠤ ᠠᠰᠢᠭ ᠲᠤᠰᠠ ᠣᠯᠤᠭᠰᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠬᠡᠷᠡᠭᠵᠢᠭᠦᠯᠵᠦ ᠪᠠᠶ᠋ᠢᠭ᠎ᠠ ᠬᠢᠨᠠᠯᠲᠠ ᠪᠠᠶ᠋ᠢᠴᠠᠭ᠋ᠠᠯᠲᠠ᠎ᠳᠤ ᠬᠤᠳᠠᠯ ᠬᠠᠭᠤᠷᠮᠠᠭ ᠪᠠᠶ᠋ᠢᠳᠠᠯ ᠬᠠᠩᠭ᠋ᠠᠭᠰᠠᠨ᠂ ᠡᠰᠡᠬᠦᠯ᠎ᠡ ᠳᠠᠭ᠋ᠠᠭ᠋ᠠᠴᠢᠯᠠᠯᠲᠠ ᠨᠡᠶ᠋ᠢᠲᠡᠯᠡᠬᠦ᠎ᠠᠴᠠ ᠡᠮᠦᠨ᠎ᠡ ᠳᠠᠭ᠋ᠠᠭ᠋ᠠᠴᠢᠯᠠᠯᠲᠠ ᠵᠢᠨ ᠲᠦᠰᠦᠭᠡᠯᠡᠨ ᠲᠣᠭᠲᠠᠭ᠋ᠠᠭᠰᠠᠨ ᠰᠠᠭᠤᠷᠢ ᠦᠨ᠎ᠡ ᠵᠢ ᠵᠠᠳᠠᠷᠠᠭᠤᠯᠤᠭᠰᠠᠨ ᠵᠡᠷᠭᠡ ᠪᠠᠶ᠋ᠢᠳᠠᠯ ᠣᠷᠣᠰᠢᠵᠤ ᠪᠠᠶ᠋ᠢᠬᠤ;
(ᠳᠦᠷᠪᠡ) ᠬᠠᠤᠯᠢ ᠴᠠᠭ᠋ᠠᠵᠠ ᠵᠢᠨ ᠲᠣᠭᠲᠠᠭ᠋ᠠᠯ᠎ᠢ ᠵᠥᠷᠢᠴᠡᠵᠦ᠂ ᠦᠯᠡᠳᠡᠬᠡᠨ ᠬᠠᠳᠠᠭ᠋ᠠᠯᠠᠬᠤ ᠴᠢᠬᠤᠯᠠᠳᠠᠢ ᠬᠤᠳᠠᠯᠳᠤᠨ ᠠᠪᠤᠯᠲᠠ ᠵᠢᠨ ᠪᠢᠴᠢᠭ ᠮᠠᠲ᠋ᠧᠷᠢᠶᠠᠯ᠎ᠢ ᠨᠢᠭᠤᠨ ᠳᠠᠯᠳᠠᠯᠠᠭᠰᠠᠨ᠂ ᠤᠰᠠᠳᠬᠠᠭᠰᠠᠨ ᠪᠤᠶᠤ ᠬᠤᠳᠠᠯᠳᠤᠨ ᠠᠪᠤᠯᠲᠠ ᠵᠢᠨ ᠪᠢᠴᠢᠭ ᠮᠠᠲ᠋ᠧᠷᠢᠶᠠᠯ᠎ᠢ ᠬᠠᠭᠤᠷᠮᠠᠭᠯᠠᠨ ᠵᠣᠬᠢᠶᠠᠭᠰᠠᠨ ᠪᠠ ᠥᠭᠡᠷᠡᠲᠦᠭᠦᠯᠦᠨ ᠵᠣᠬᠢᠶᠠᠭᠰᠠᠨ ᠪᠠᠶ᠋ᠢᠬᠤ;
(ᠲᠠᠪᠤ) ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠭᠤᠤᠯ ᠴᠣᠭᠴᠠ ᠵᠢᠨ ᠮᠡᠳᠡᠭᠡ ᠵᠠᠩᠭᠢ ᠵᠢᠨ ᠬᠥᠮᠥᠷᠭᠡ᠎ᠳᠤ ᠬᠤᠳᠠᠯ ᠬᠠᠭᠤᠷᠮᠠᠭ ᠮᠡᠳᠡᠭᠡ ᠵᠠᠩᠭᠢ ᠬᠠᠩᠭ᠋ᠠᠭᠰᠠᠨ ᠪᠠᠶ᠋ᠢᠬᠤ;
(ᠵᠢᠷᠭᠤᠭ᠎ᠠ) ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠢ ᠨᠠᠶ᠋ᠢᠷᠠᠭᠤᠯᠤᠨ ᠵᠣᠬᠢᠶᠠᠬᠤ ᠪᠤᠶᠤ ᠳᠠᠭ᠋ᠠᠭ᠋ᠠᠴᠢᠯᠠᠯᠲᠠ ᠵᠠᠷᠯᠠᠬᠤ ᠵᠢ ᠵᠣᠬᠢᠶᠠᠨ ᠪᠠᠶ᠋ᠢᠭᠤᠯᠬᠤ ᠶᠠᠪᠤᠴᠠ᠎ᠳᠤ ᠬᠦᠨᠳᠦ ᠶᠡᠭᠡ ᠠᠯᠳᠠᠭ᠎ᠠ ᠪᠤᠷᠤᠭᠤ ᠭᠠᠷᠭ᠋ᠠᠭ᠋ᠠᠳ ᠳᠠᠭ᠋ᠠᠭ᠋ᠠᠴᠢᠯᠠᠯᠲᠠ ᠵᠠᠷᠯᠠᠬᠤ ᠵᠢ ᠨᠥᠯᠥᠭᠡᠯᠡᠭᠰᠡᠨ ᠪᠠᠶ᠋ᠢᠬᠤ;
(ᠳᠣᠯᠤᠭ᠎ᠠ) ᠵᠠᠭᠤᠴᠢ ᠣᠷᠣᠯᠠᠭᠴᠢ ᠪᠤᠶᠤ ᠦᠢ᠍ᠯᠡᠴᠢᠯᠡᠭᠡᠨ᠎ᠤ ᠪᠠᠶ᠋ᠢᠭᠤᠯᠤᠮᠵᠢ᠎ᠠᠴᠠ ᠬᠤᠯᠪᠣᠭᠳᠠᠯ ᠪᠦᠬᠦᠢ ᠠᠵᠢᠯ᠎ᠢ ᠡᠭᠦᠷᠭᠡᠯᠡᠬᠦ᠎ᠪᠠᠷ ᠨᠠᠶ᠋ᠢᠳᠠᠯᠭ᠎ᠠ ᠵᠢᠨ ᠭᠡᠷ᠎ᠡ᠎ᠳᠤ ᠪᠣᠯᠵᠣᠨ ᠲᠣᠭᠲᠠᠭᠰᠠᠨ ᠮᠥᠷᠲᠡᠭᠡᠨ ᠲᠤᠰ ᠠᠷᠭ᠎ᠠ ᠵᠢᠨ ᠠᠷᠪᠠᠨ ᠨᠢᠭᠡᠳᠦᠭᠡᠷ ᠵᠦᠢ᠍ᠯ᠎ᠳᠤ ᠲᠣᠭᠲᠠᠭ᠋ᠠᠭᠰᠠᠨ ᠪᠠᠶ᠋ᠢᠳᠠᠯ᠎ᠲᠠᠢ ᠪᠠᠶ᠋ᠢᠬᠤ᠃
ᠠᠷᠪᠠᠨ ᠭᠤᠷᠪᠠᠳᠤᠭ᠋ᠠᠷ ᠵᠦᠢ᠍ᠯ
ᠳᠠᠭ᠋ᠠᠭ᠋ᠠᠴᠢᠯᠠᠯᠲᠠ ᠬᠦᠯᠢᠶᠡᠭᠴᠢ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠂ ᠰᠢᠯᠵᠢᠭᠦᠯᠦᠨ ᠠᠪᠤᠨᠨᠴᠢ᠂ ᠦᠨ᠎ᠡ ᠬᠠᠶᠠᠵᠤ ᠬᠤᠳᠠᠯᠳᠤᠨ ᠠᠪᠤᠭᠴᠢ ᠵᠡᠷᠭᠡ ᠲᠥᠷᠥᠯ ᠵᠦᠢ᠍ᠯ᠎ᠤᠨ ᠠᠶᠠᠳᠠᠨ ᠳᠠᠭ᠋ᠠᠬᠤ ᠲᠠᠯ᠎ᠠ ᠵᠢᠨ ᠢᠲᠡᠭᠡᠯ ᠵᠶ᠋ᠠᠨ ᠠᠯᠳᠠᠭᠰᠠᠨ ᠦᠢ᠍ᠯᠡ ᠠᠵᠢᠯᠯᠠᠭ᠎ᠠ᠎ᠳᠤ ᠭᠤᠣᠯᠳᠠᠭᠤ ᠳᠣᠣᠷᠠᠬᠢ ᠠᠵᠢᠯᠯᠠᠭ᠎ᠠ ᠪᠠᠭᠲᠠᠨ᠎ᠠ᠄
(ᠨᠢᠭᠡ) ᠳᠠᠭ᠋ᠠᠭ᠋ᠠᠴᠢᠯᠠᠯᠲᠠ ᠬᠦᠯᠢᠶᠡᠭᠴᠢ᠎ᠨᠢ ᠬᠠᠷᠢᠯᠴᠠᠨ ᠰᠦᠯᠪᠡᠭᠡᠯᠳᠦᠵᠦ ᠪᠠᠶ᠋ᠢᠭ᠋ᠠᠳ ᠳᠠᠭ᠋ᠠᠭ᠋ᠠᠴᠢᠯᠠᠯᠲᠠ ᠬᠦᠯᠢᠶᠡᠬᠦ ᠪᠤᠶᠤ ᠳᠠᠭ᠋ᠠᠭ᠋ᠠᠴᠢᠯᠠᠯᠲᠠ ᠵᠠᠷᠯᠠᠭᠴᠢᠯᠤᠭᠠ ᠰᠦᠯᠪᠡᠭᠡᠯᠳᠦᠵᠦ ᠪᠠᠶ᠋ᠢᠭ᠋ᠠᠳ ᠳᠠᠭ᠋ᠠᠭ᠋ᠠᠴᠢᠯᠠᠯᠲᠠ ᠬᠦᠯᠢᠶᠡᠭᠰᠡᠨ᠂ ᠳᠠᠭ᠋ᠠᠭ᠋ᠠᠴᠢᠯᠠᠯᠲᠠ ᠬᠦᠯᠢᠶᠡᠭᠴᠢ᠎ᠨᠢ ᠳᠠᠭ᠋ᠠᠭ᠋ᠠᠴᠢᠯᠠᠯᠲᠠ ᠵᠠᠷᠯᠠᠭᠴᠢ ᠪᠤᠶᠤ ᠳᠠᠭ᠋ᠠᠭ᠋ᠠᠴᠢᠯᠠᠯᠲᠠ ᠦᠨᠡᠯᠡᠬᠦ ᠺᠣᠮᠢᠰ᠎ᠤᠨ ᠪᠦᠷᠢᠯᠳᠦᠬᠦᠨ᠎ᠳᠤ ᠬᠡᠭᠡᠯᠢ ᠬᠠᠭ᠍ᠤᠤᠯᠢ ᠲᠦᠯᠬᠢᠬᠦ ᠠᠷᠭ᠎ᠠ᠎ᠪᠠᠷ ᠳᠠᠭ᠋ᠠᠭ᠋ᠠᠴᠢᠯᠠᠯᠲᠠ ᠣᠯᠣᠭᠰᠠᠨ;
(ᠬᠤᠶᠠᠷ) ᠳᠠᠭ᠋ᠠᠭ᠋ᠠᠴᠢᠯᠠᠯᠲᠠ ᠬᠦᠯᠢᠶᠡᠭᠴᠢ᠎ᠨᠢ ᠪᠤᠰᠤᠳ᠎ᠤᠨ ᠨᠡᠷ᠎ᠡ᠎ᠪᠠᠷ ᠳᠠᠭ᠋ᠠᠭ᠋ᠠᠴᠢᠯᠠᠯᠲᠠ ᠬᠦᠯᠢᠶᠡᠬᠦ ᠪᠤᠶᠤ ᠪᠤᠰᠤᠳ ᠠᠷᠭ᠎ᠠ ᠮᠠᠶᠢᠭ ᠵᠶ᠋ᠠᠷ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠪᠠᠶ᠋ᠢᠭ᠋ᠠᠳ ᠳᠠᠭ᠋ᠠᠭ᠋ᠠᠴᠢᠯᠠᠯᠲᠠ ᠵᠢ ᠮᠡᠬᠡᠯᠡᠵᠦ ᠣᠯᠣᠭᠰᠠᠨ;
(ᠭᠤᠷᠪᠠ) ᠳᠠᠭ᠋ᠠᠭ᠋ᠠᠴᠢᠯᠠᠯᠲᠠ ᠤᠨᠤᠨᠨᠰᠠᠳᠨᠢ ᠳᠠᠭ᠋ᠠᠭ᠋ᠠᠴᠢᠯᠠᠯᠲᠠ ᠤᠨᠤᠨᠨᠰᠠᠨ ᠲᠥᠷᠥᠯ ᠵᠦᠢ᠍ᠯ ᠵᠶ᠋ᠠᠨ ᠪᠤᠰᠤᠳ᠎ᠲᠤ ᠰᠢᠯᠵᠢᠭᠦᠯᠦᠨ ᠥᠭᠭᠦᠭᠰᠡᠨ᠂ ᠳᠠᠭ᠋ᠠᠭ᠋ᠠᠴᠢᠯᠠᠯᠲᠠ ᠤᠨᠤᠨᠨᠰᠠᠨ ᠲᠥᠷᠥᠯ ᠵᠦᠢ᠍ᠯ ᠵᠶ᠋ᠠᠨ ᠬᠡᠰᠡᠭᠯᠡᠨ ᠰᠠᠯᠭ᠋ᠠᠭᠰᠠᠨ᠎ᠤ ᠲᠡᠷᠠᠭ᠎ᠠ ᠲᠤᠰ ᠲᠤᠰ ᠪᠤᠰᠤᠳ᠎ᠲᠤ ᠰᠢᠯᠵᠢᠭᠦᠯᠦᠨ ᠥᠭᠭᠦᠭᠰᠡᠨ᠂ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠵᠥᠷᠢᠴᠡᠨ ᠲᠠᠭ᠋ᠠᠭ᠋ᠠᠴᠢᠯᠠᠯᠳᠠ ᠤᠨᠤᠨᠨᠰᠠᠨ ᠲᠥᠷᠥᠯ ᠵᠦᠢ᠍ᠯ᠎ᠤᠨ ᠵᠶ᠋ᠠᠨ ᠬᠡᠰᠡᠭ ᠭᠤᠣᠯ ᠴᠣᠭᠴᠠ᠂ ᠵᠠᠩᠭᠢᠯᠠᠭ᠎ᠠ ᠵᠢᠨ ᠴᠢᠨᠠᠷᠲᠠᠢ ᠠᠵᠢᠯ᠎ᠢ ᠪᠤᠰᠤᠳ᠎ᠲᠤ ᠬᠤᠪᠢᠶᠠᠨ ᠳᠠᠭ᠋ᠠᠭ᠋ᠠᠴᠢᠯᠠᠭᠤᠯᠤᠭᠰᠠᠨ᠂ ᠡᠰᠡᠭᠦᠯ᠎ᠡ ᠬᠤᠪᠢᠶᠠᠨ ᠳᠠᠭ᠋ᠠᠭ᠋ᠠᠴᠢᠯᠠᠭᠴᠢ᠎ᠨᠢ ᠲᠠᠬᠢᠨ ᠬᠤᠪᠢᠶᠠᠨ ᠳᠠᠭ᠋ᠠᠭ᠋ᠠᠴᠢᠯᠠᠭᠤᠯᠤᠭᠰᠠᠨ;
(ᠳᠥᠷᠪᠡ) ᠳᠠᠭ᠋ᠠᠭ᠋ᠠᠴᠢᠯᠠᠯᠲᠠ ᠤᠨᠤᠨᠨᠴᠢ ᠬᠢᠭᠡᠳ ᠳᠠᠭ᠋ᠠᠭ᠋ᠠᠴᠢᠯᠠᠯᠲᠠ ᠵᠠᠷᠯᠠᠭᠴᠢ᠎ᠨᠢ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠪᠠ ᠳᠠᠭ᠋ᠠᠭ᠋ᠠᠴᠢᠯᠠᠯᠲᠠ ᠤᠨᠤᠨᠨᠴᠢ ᠵᠢᠨ ᠳᠠᠭ᠋ᠠᠭ᠋ᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ᠎ᠤᠨ ᠶᠣᠰᠣᠭ᠋ᠠᠷ ᠭᠡᠷ᠎ᠡ ᠲᠣᠭᠲᠠᠭ᠋ᠠᠭᠰᠠᠨ ᠦᠭᠡᠢ᠂ ᠡᠰᠡᠬᠦᠯ᠎ᠡ ᠭᠡᠷ᠎ᠡ ᠵᠢᠨ ᠮᠥᠨ ᠴᠢᠨᠠᠷ᠎ᠤᠨ ᠠᠭᠤᠯᠭ᠎ᠠ᠎ᠠᠴᠠ ᠲᠡᠷᠰᠯᠡᠭᠰᠡᠨ ᠬᠡᠯᠡᠯᠴᠡᠭᠡᠷ ᠲᠣᠭᠲᠠᠭ᠋ᠠᠭᠰᠠᠨ;
(ᠲᠠᠪᠤ) ᠳᠠᠭ᠋ᠠᠭ᠋ᠠᠴᠢᠯᠠᠯᠲᠠ ᠤᠨᠤᠨᠨᠴᠢ᠎ᠨᠢ ᠵᠦᠢ ᠶᠣᠰᠣᠨ᠎ᠤ ᠰᠢᠯᠲᠠᠭ᠋ᠠᠨ ᠦᠭᠡᠢ᠎ᠪᠠᠷ ᠳᠠᠭ᠋ᠠᠭ᠋ᠠᠴᠢᠯᠠᠯᠲᠠ ᠵᠠᠷᠯᠠᠭᠴᠢᠯᠤᠭᠠ ᠭᠡᠷ᠎ᠡ ᠲᠣᠭᠲᠠᠭ᠋ᠠᠬᠤ ᠦᠭᠡᠢ᠂ ᠭᠡᠷ᠎ᠡ ᠲᠣᠭᠲᠠᠭ᠋ᠠᠬᠤ᠎ᠳᠤ᠎ᠪᠠᠨ ᠳᠠᠭ᠋ᠠᠭ᠋ᠠᠴᠢᠯᠠᠯᠲᠠ ᠵᠠᠷᠯᠠᠭᠴᠢ᠎ᠳᠤ ᠲᠠᠭ᠋ᠠᠯᠲᠠ ᠨᠥᠬᠦᠴᠡᠯ ᠳᠤᠷᠠᠳᠬᠤ᠂ ᠡᠰᠡᠬᠦᠯ᠎ᠡ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ ᠭᠡᠷ᠎ᠡ ᠭᠦᠢ᠍ᠴᠡᠳᠬᠡᠬᠦ ᠪᠠᠲᠤᠯᠠᠭ᠎ᠠ ᠵᠢᠨ ᠮᠥᠩᠭᠦ᠎ᠪᠠᠨ ᠲᠤᠰᠢᠶᠠᠬᠤ ᠦᠭᠡᠢ;
(ᠵᠢᠷᠭᠤᠭ᠎ᠠ) ᠳᠠᠭ᠋ᠠᠭ᠋ᠠᠴᠢᠯᠠᠯᠲᠠ ᠤᠨᠤᠨᠨᠴᠢ᠎ᠨᠢ ᠳᠠᠭ᠋ᠠᠭ᠋ᠠᠴᠢᠯᠠᠯᠲᠠ ᠵᠠᠷᠯᠠᠭᠴᠢᠯᠤᠭᠠ ᠲᠣᠭᠲᠠᠭ᠋ᠠᠭᠰᠠᠨ ᠭᠡᠷ᠎ᠡ ᠵᠢᠨ ᠶᠣᠰᠣᠭ᠋ᠠᠷ ᠡᠭᠦᠷᠭᠡ᠎ᠪᠠᠨ ᠭᠦᠢ᠍ᠴᠡᠳᠬᠡᠭᠰᠡᠨ ᠦᠭᠡᠢ᠂ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ ᠪᠠᠶ᠋ᠢᠬᠤ;
(ᠳᠤᠯᠤᠭ᠎ᠠ) ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠨᠢ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠵᠤ ᠪᠠᠶ᠋ᠢᠭ᠋ᠠᠳ ᠳᠠᠭ᠋ᠠᠭ᠋ᠠᠴᠢᠯᠠᠯᠲᠠ ᠣᠯᠣᠭᠰᠠᠨ ᠪᠠ ᠠᠷᠠᠯᠵᠢᠭᠰᠠᠨ᠂ ᠵᠦᠢ ᠪᠤᠰᠤ ᠠᠷᠭ᠎ᠠ ᠪᠠᠷᠢᠯ ᠵᠶ᠋ᠠᠷ ᠪᠤᠰᠤᠳ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠭᠦᠳᠬᠡᠨ ᠭᠠᠳᠠᠭᠤᠷᠴᠢᠯᠠᠵᠤ᠂ ᠬᠤᠳᠠᠯᠳᠤᠨ ᠠᠪᠤᠭᠴᠢ᠂ ᠪᠤᠰᠤᠳ ᠬᠠᠩᠭ᠋ᠠᠯᠭ᠎ᠠ ᠵᠢᠨ ᠬᠤᠳᠠᠯᠳᠤᠭ᠋ᠠᠴᠢᠨ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠲᠠᠢ ᠬᠤᠣᠪᠢᠯᠳᠤᠨ ᠰᠦᠯᠪᠡᠭᠡᠯᠳᠦᠵᠦ᠂ ᠬᠤᠳᠠᠯᠳᠤᠨ ᠠᠪᠤᠭᠴᠢ᠂ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠬᠡᠭᠡᠯᠢ ᠬᠠᠭ᠍ᠤᠤᠯᠢ ᠲᠦᠯᠬᠢᠭᠰᠡᠨ ᠪᠤᠶᠤ ᠪᠤᠰᠤᠳ ᠵᠦᠢ ᠪᠤᠰᠤ ᠠᠰᠢᠭ ᠲᠤᠰᠠ ᠬᠠᠩᠭ᠋ᠠᠭᠰᠠᠨ᠂ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠶᠠᠪᠤᠴᠠ᠎ᠳᠤ ᠬᠤᠳᠠᠯᠳᠤᠨ ᠠᠪᠤᠭᠴᠢ᠎ᠲᠠᠢ ᠵᠥᠪᠳᠡᠯᠴᠡᠨ ᠬᠡᠯᠡᠯᠴᠡᠭᠡ ᠬᠢᠭᠰᠡᠨ᠂ ᠡᠰᠡᠬᠦᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠢᠨᠠᠯᠲᠠ ᠪᠠᠶ᠋ᠢᠴᠠᠭ᠋ᠠᠯᠲᠠ ᠵᠢ ᠲᠡᠪᠴᠢᠭᠰᠡᠨ ᠪᠤᠶᠤ ᠬᠤᠳᠠᠯ ᠬᠠᠭᠤᠷᠮᠠᠭ ᠪᠠᠶ᠋ᠢᠳᠠᠯ ᠬᠠᠩᠭ᠋ᠠᠭᠰᠠᠨ ᠵᠡᠷᠭᠡ ᠪᠠᠶ᠋ᠢᠳᠠᠯ ᠣᠷᠣᠰᠢᠵᠤ ᠪᠠᠶ᠋ᠢᠬᠤ;
(ᠨᠠᠢ᠍ᠮᠠ) ᠸᠠᠺᠼᠢᠨ ᠦᠢ᠍ᠯᠡᠳᠪᠦᠷᠢᠯᠡᠬᠦ ᠠᠵᠤ ᠠᠬᠤᠶ᠋ᠢᠯᠠᠯ᠎ᠨᠢ ᠬᠤᠰᠢᠭᠤ ᠰᠢᠶᠠᠨ᠎ᠤ ᠱᠠᠲᠤᠨ᠎ᠤ ᠡᠪᠡᠳᠴᠢᠨ ᠡᠮᠭᠡᠭ᠎ᠢ ᠰᠡᠷᠭᠡᠶ᠋ᠢᠯᠡᠨ ᠬᠤᠷᠢᠭᠯᠠᠬᠤ ᠪᠠᠶ᠋ᠢᠭᠤᠯᠤᠮᠵᠢ᠎ᠠᠴᠠ ᠪᠤᠰᠤᠳ ᠨᠢᠭᠡᠴᠢ ᠪᠤᠶᠤ ᠬᠤᠪᠢ ᠬᠥᠮᠦᠨ᠎ᠳᠤ ᠬᠤᠶᠠᠳᠤᠭ᠋ᠠᠷ ᠲᠥᠷᠥᠯ᠎ᠤᠨ ᠸᠠᠺᠼᠢᠨ᠎ᠢ ᠬᠤᠳᠠᠯᠳᠤᠵᠤ ᠥᠭᠭᠦᠭᠰᠡᠨ;
(ᠶᠢᠰᠦ) ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠭᠤᠤᠯ ᠴᠣᠭᠴᠠ ᠵᠢᠨ ᠮᠡᠳᠡᠭᠡ ᠵᠠᠩᠭᠢ ᠵᠢᠨ ᠬᠥᠮᠥᠷᠭᠡ᠎ᠳᠤ ᠬᠤᠳᠠᠯ ᠬᠠᠭᠤᠷᠮᠠᠭ ᠮᠡᠳᠡᠭᠡ ᠵᠠᠩᠭᠢ ᠬᠠᠩᠭ᠋ᠠᠭᠰᠠᠨ;
(ᠠᠷᠪᠠ) ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠃
ᠠᠷᠪᠠᠨ ᠳᠥᠷᠪᠡᠳᠦᠭᠡᠷ ᠵᠦᠢ᠍ᠯ
ᠳᠠᠭ᠋ᠠᠭ᠋ᠠᠴᠢᠯᠠᠯᠲᠠ ᠦᠨᠡᠯᠡᠨ ᠬᠢᠨᠠᠬᠤ ᠺᠣᠮᠢᠰ᠎ᠤᠨ ᠪᠦᠷᠢᠯᠳᠦᠬᠦᠨ᠎ᠤ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ᠎ᠳᠤ ᠭᠤᠤᠯᠳᠠᠭᠤ ᠳᠣᠣᠷᠠᠬᠢ ᠠᠵᠢᠯᠯᠠᠭ᠎ᠠ ᠪᠠᠭᠲᠠᠨ᠎ᠠ᠄
(ᠨᠢᠭᠡ) ᠵᠠᠶ᠋ᠢᠯᠠᠭᠤᠯᠬᠤ ᠲᠦᠷᠢᠮ᠎ᠢ ᠵᠥᠷᠢᠴᠡᠭᠡᠳ ᠵᠠᠶ᠋ᠢᠯᠠᠬᠤ ᠴᠢᠬᠤᠯᠠᠳᠠᠢ ᠪᠠᠶ᠋ᠢᠲᠠᠯ᠎ᠠ ᠵᠠᠶ᠋ᠢᠯᠠᠭᠰᠠᠨ ᠦᠭᠡᠢ;
(ᠬᠤᠶᠠᠷ) ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠭᠤᠤᠯ ᠴᠣᠭᠴᠠ ᠵᠢᠨ ᠮᠡᠳᠡᠭᠡ ᠵᠠᠩᠭᠢ ᠵᠢᠨ ᠬᠥᠮᠥᠷᠭᠡ᠎ᠳᠤ ᠬᠤᠳᠠᠯ ᠬᠠᠭᠤᠷᠮᠠᠭ ᠮᠡᠳᠡᠭᠡ ᠵᠠᠩᠭᠢ ᠬᠠᠩᠭ᠋ᠠᠭᠰᠠᠨ;
(ᠭᠤᠷᠪᠠ) ᠳᠠᠭ᠋ᠠᠭ᠋ᠠᠴᠢᠯᠠᠯᠲᠠ ᠦᠨᠡᠯᠡᠬᠦ᠎ᠳᠤ ᠣᠷᠣᠯᠴᠠᠬᠤ᠎ᠪᠠᠷ ᠲᠣᠨᠨᠳ᠋ᠬᠠᠰᠠᠨ ᠪᠣᠯᠪᠠᠴᠤ ᠠᠬᠤᠢ ᠲᠠᠯᠠᠪᠠᠢ᠎ᠳᠤ ᠭᠦᠷᠦᠭᠰᠡᠨ ᠦᠭᠡᠶ ᠮᠥᠷᠲᠡᠭᠡᠨ ᠴᠢᠯᠥᠭᠡ ᠠᠪᠤᠭᠰᠠᠨ ᠦᠭᠡᠶ ᠪᠤᠯᠬᠤᠷ ᠳᠠᠭ᠋ᠠᠭ᠋ᠠᠴᠢᠯᠠᠯᠲᠠ ᠦᠨᠡᠯᠡᠨ ᠬᠢᠨᠠᠬᠤ ᠠᠵᠢᠯ᠎ᠤᠨ ᠬᠡᠪ᠎ᠤᠨ ᠶᠣᠰᠣᠭ᠋ᠠᠷ ᠶᠠᠪᠤᠭᠳᠠᠬᠤ ᠵᠢ ᠨᠥᠯᠥᠭᠡᠯᠡᠭᠰᠡᠨ;
(ᠳᠥᠷᠪᠡ) ᠳᠠᠭ᠋ᠠᠭ᠋ᠠᠴᠢᠯᠠᠯᠲᠠ ᠦᠨᠡᠯᠡᠨ ᠬᠢᠨᠠᠬᠤ ᠬᠤᠭᠤᠴᠠᠭ᠋ᠠᠨ᠎ᠳᠤ ᠳᠤᠷ᠎ᠠ᠎ᠪᠠᠷ ᠵᠶ᠋ᠠᠨ ᠲᠤᠰᠢᠶᠠᠯ᠎ᠤᠨ ᠪᠠᠶ᠋ᠢᠷᠢ᠎ᠠᠴᠠ᠎ᠪᠠᠨ ᠰᠠᠯᠤᠭᠰᠠᠨ ᠪᠤᠶᠤ ᠳᠠᠭ᠋ᠠᠭ᠋ᠠᠴᠢᠯᠠᠯᠲᠠ ᠦᠨᠡᠯᠡᠨ ᠬᠢᠨᠠᠬᠤ ᠠᠬᠤᠢ ᠲᠠᠯᠠᠪᠠᠶ ᠵᠢᠨ ᠬᠠᠮᠢᠶᠠᠷᠤᠯᠲᠠ ᠵᠢ ᠳᠠᠭ᠋ᠠᠬᠤ ᠦᠭᠡᠶ ᠪᠠᠶ᠋ᠢᠬᠤ;
(ᠲᠠᠪᠤ) ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠪᠤᠶᠤ ᠬᠤᠳᠠᠯᠳᠤᠨ ᠠᠪᠤᠯᠲᠠ ᠵᠢᠨ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠳᠠᠭ᠋ᠠᠭ᠋ᠠᠴᠢᠯᠠᠯᠲᠠ ᠦᠨᠡᠯᠡᠨ ᠬᠢᠨᠠᠬᠤ ᠳᠡᠰ ᠳᠠᠷᠠᠭ᠋ᠠᠯᠠᠯ᠂ ᠪᠠᠷᠢᠮᠵᠢᠶ᠎ᠠ ᠪᠠ ᠠᠷᠭ᠎ᠠ ᠵᠢᠨ ᠶᠣᠰᠣᠭ᠋ᠠᠷ ᠪᠡᠶ᠎ᠡ᠎ᠪᠠᠨ ᠳᠠᠭ᠋ᠠᠭ᠋ᠠᠵᠤ ᠳᠠᠭ᠋ᠠᠭ᠋ᠠᠴᠢᠯᠠᠯᠲᠠ ᠦᠨᠡᠯᠡᠵᠦ ᠬᠢᠨ᠋ᠬᠠᠰᠠᠨ ᠦᠭᠡᠢ;
(ᠵᠢᠷᠭᠤᠭ᠎ᠠ) ᠳᠠᠭ᠋ᠠᠭ᠋ᠠᠴᠢᠯᠠᠯᠲᠠ ᠬᠦᠯᠢᠶᠡᠭᠴᠢ᠎ᠲᠠᠢ ᠳᠠᠯᠳᠠᠭᠤᠷ ᠣᠶ᠋ᠢᠷᠠᠲᠤᠭᠰᠠᠨ;
(ᠳᠣᠯᠤᠭ᠎ᠠ) ᠲᠥᠷᠥᠯ ᠵᠦᠢ᠍ᠯ ᠡᠭᠦᠰᠭᠡᠨ ᠪᠠᠶ᠋ᠢᠭᠤᠯᠤᠭᠴᠢ᠂ ᠵᠠᠭᠤᠴᠢ ᠣᠷᠣᠯᠠᠭᠴᠢ ᠪᠤᠶᠤ ᠦᠢ᠍ᠯᠡᠴᠢᠯᠡᠭᠡᠨ᠎ᠤ ᠪᠠᠶ᠋ᠢᠭᠤᠯᠤᠮᠵᠢ᠎ᠠᠴᠠ ᠳᠠᠭ᠋ᠠᠭ᠋ᠠᠴᠢᠯᠠᠯᠲᠠ ᠤᠨᠤᠨᠨᠴᠢ ᠵᠢ ᠲᠣᠭᠲᠠᠭ᠋ᠠᠬᠤ ᠰᠠᠨᠠᠮᠵᠢ ᠬᠤᠷᠢᠶᠠᠨ ᠯᠠᠪᠯᠠᠵᠦ᠂ ᠶᠠᠮᠠᠷᠪᠠ ᠨᠢᠭᠡᠨ ᠨᠢᠭᠡᠴᠢ ᠪᠠ ᠬᠤᠪᠢ ᠬᠥᠮᠦᠨ᠎ᠤ ᠳᠤᠷᠠᠳᠤᠨ ᠭᠠᠷᠭ᠋ᠠᠭᠰᠠᠨ ᠣᠨᠴᠠᠭ᠋ᠠᠢ ᠲᠣᠭᠲᠠᠭ᠋ᠠᠭᠰᠠᠨ ᠳᠠᠭ᠋ᠠᠭ᠋ᠠᠴᠢᠯᠠᠯᠲᠠ ᠬᠦᠯᠢᠶᠡᠭᠴᠢ ᠲᠡᠶ᠋ᠢᠰᠢ ᠬᠡᠯᠪᠡᠶ᠋ᠢᠬᠦ ᠪᠣᠶᠤ ᠭᠠᠳᠠᠭᠤᠷᠴᠢᠯᠠᠬᠤ ᠱᠠᠭ᠋ᠠᠷᠳᠠᠯᠭ᠎ᠠ ᠵᠢ ᠬᠦᠯᠢᠶᠡᠭᠰᠡᠨ;
(ᠨᠠᠢ᠍ᠮᠠ) ᠬᠠᠤᠯᠢ ᠶᠣᠰᠣᠭ᠋ᠠᠷ ᠦᠭᠡᠶ᠋ᠢᠰᠬᠡᠪᠡᠰᠦ ᠵᠣᠬᠢᠬᠤ ᠳᠠᠭ᠋ᠠᠭ᠋ᠠᠴᠢᠯᠠᠯᠲᠠ ᠬᠦᠯᠢᠶᠡᠬᠦ ᠶᠠᠪᠤᠳᠠᠯ᠎ᠳᠤ ᠦᠭᠡᠶ᠋ᠢᠰᠬᠡᠬᠦ ᠰᠠᠨᠠᠯ ᠲᠤᠷᠠᠳᠤᠨᠨᠰᠠᠨ ᠦᠭᠡᠶ;
(ᠶᠢᠰᠦ) ᠳᠠᠭ᠋ᠠᠭ᠋ᠠᠴᠢᠯᠠᠯᠲᠠ ᠬᠦᠯᠢᠶᠡᠭᠴᠢ ᠵᠢ ᠳᠠᠯᠳᠠᠭᠤᠷ ᠲᠤᠬᠢᠬᠤ ᠪᠤᠶᠤ ᠥᠳᠥᠭᠡᠵᠦ ᠪᠠᠶ᠋ᠢᠭ᠋ᠠᠳ ᠲᠣᠳᠣᠯᠠᠨ ᠲᠣᠳᠤᠷᠬᠠᠶ᠋ᠢᠯᠠᠭᠤᠯᠬᠤ᠂ ᠲᠣᠳᠣᠷᠬᠠᠶ᠋ᠢᠯᠠᠯᠲᠠ ᠬᠢᠯᠭᠡᠬᠦ ᠪᠤᠶᠤ ᠳᠠᠭ᠋ᠠᠭ᠋ᠠᠴᠢᠯᠠᠯᠲᠠ ᠬᠦᠯᠢᠶᠡᠭᠴᠢ ᠵᠢᠨ ᠰᠠᠨᠠᠭ᠋ᠠᠴᠢᠯᠠᠭ᠎ᠠ᠎ᠠᠴᠠ᠎ᠪᠠᠨ ᠳᠤᠷᠠᠳᠤᠭᠰᠠᠨ ᠲᠣᠳᠣᠯᠠᠨ ᠲᠣᠳᠤᠷᠬᠠᠶ᠋ᠢᠯᠠᠯᠲᠠ ᠪᠠ ᠲᠣᠳᠣᠷᠬᠠᠶ᠋ᠢᠯᠠᠯᠲᠠ ᠵᠢ ᠬᠦᠯᠢᠶᠡᠠ ᠠᠪᠤᠭᠰᠠᠨ;
(ᠠᠷᠪᠠ) ᠵᠦᠢ ᠶᠣᠰᠣᠨ᠎ᠤ ᠰᠢᠯᠲᠠᠭ᠋ᠠᠨ ᠦᠭᠡᠢ᠎ᠪᠠᠷ ᠳᠠᠭ᠋ᠠᠭ᠋ᠠᠴᠢᠯᠠᠯᠲᠠ ᠦᠨᠡᠯᠡᠬᠦ ᠮᠡᠳᠡᠭᠦᠯᠦᠯᠲᠡ ᠳᠡᠭᠡᠷ᠎ᠡ ᠭᠠᠷᠤᠨ ᠦᠰᠦᠭ ᠵᠢᠷᠤᠬᠤ ᠵᠢ ᠡᠷᠡᠰ ᠲᠡᠪᠴᠢᠭᠰᠡᠨ;
(ᠠᠷᠪᠠᠨ ᠨᠢᠭᠡ) ᠳᠠᠭ᠋ᠠᠭ᠋ᠠᠴᠢᠯᠠᠯᠲᠠ ᠬᠦᠯᠢᠶᠡᠭᠴᠢ ᠡᠰᠡᠭᠦᠯ᠎ᠡ ᠠᠰᠢᠭ ᠬᠤᠣᠷ᠎ᠤᠨ ᠬᠠᠷᠢᠴᠠᠭ᠎ᠠ᠎ᠲᠠᠢ ᠪᠤᠰᠤᠳ ᠬᠥᠮᠦᠨ᠎ᠤ ᠡᠳ᠋ ᠮᠥᠩᠭᠦ ᠪᠤᠶᠤ ᠪᠤᠰᠤᠳ ᠠᠰᠢᠭᠲᠠᠢ ᠵᠦᠢ᠍ᠯᠡᠰ᠎ᠢ ᠬᠦᠯᠢᠶᠡᠠ ᠠᠪᠤᠭᠰᠠᠨ;
(ᠠᠷᠪᠠᠨ ᠬᠤᠶᠠᠷ) ᠳᠠᠭ᠋ᠠᠭ᠋ᠠᠴᠢᠯᠠᠯᠲᠠ ᠦᠨᠡᠯᠡᠬᠦ ᠺᠣᠮᠢᠰ᠎ᠤᠨ ᠪᠦᠷᠢᠯᠳᠦᠬᠦᠨ ᠪᠤᠶᠤ ᠳᠠᠭ᠋ᠠᠭ᠋ᠠᠴᠢᠯᠠᠯᠲᠠ ᠦᠨᠡᠯᠡᠬᠦ᠎ᠳᠤ ᠣᠷᠣᠯᠴᠠᠭᠰᠠᠨ ᠬᠤᠯᠪᠣᠭᠳᠠᠯ ᠪᠦᠬᠦᠢ ᠠᠵᠢᠯᠳᠡᠠ᠎ᠨᠢ ᠳᠠᠭ᠋ᠠᠭ᠋ᠠᠴᠢᠯᠠᠯᠲᠠ ᠵᠠᠷᠯᠬᠠᠰᠠᠨ ᠪᠢᠴᠢᠭ ᠮᠠᠲ᠋ᠧᠷᠢᠶᠠᠯ᠎ᠤᠨ ᠦᠨᠡᠯᠡᠵᠦ ᠬᠢᠨ᠋ᠬᠠᠰᠠᠨ ᠪᠠ ᠠᠳᠠᠯᠢᠳᠬᠠᠭᠰᠠᠨ᠂ ᠳᠠᠭ᠋ᠠᠭ᠋ᠠᠴᠢᠯᠠᠯᠲᠠ ᠤᠨᠤᠬᠤ᠎ᠪᠠᠷ ᠵᠢᠱ᠌ᠢᠭᠳᠡᠭᠰᠡᠳ᠎ᠢ ᠲᠠᠨᠢᠯᠴᠠᠭᠤᠯᠤᠭᠰᠠᠨ ᠵᠢᠴᠢ ᠳᠠᠭ᠋ᠠᠭ᠋ᠠᠴᠢᠯᠠᠯᠲᠠ ᠦᠨᠡᠯᠡᠬᠦ᠎ᠳᠤ ᠬᠤᠯᠪᠣᠭᠳᠠᠬᠤ ᠪᠤᠰᠤᠳ ᠪᠠᠶ᠋ᠢᠳᠠᠯ᠎ᠢ ᠦᠷᠦᠬᠡᠯ ᠪᠤᠰᠤᠳ᠎ᠲᠤ ᠵᠠᠳᠠᠷᠠᠭᠤᠯᠤᠭᠰᠠᠨ;
(ᠠᠷᠪᠠᠨ ᠭᠤᠷᠪᠠ) ᠪᠠᠷᠢᠮᠵᠢᠶ᠎ᠠ᠎ᠠᠴᠠ ᠬᠡᠲᠦᠷᠡᠭᠰᠡᠨ ᠬᠥᠳᠡᠯᠮᠦᠷᠢ ᠦᠢ᠍ᠯᠡᠴᠢᠯᠡᠭᠡᠨ᠎ᠤ ᠬᠥᠯᠥᠰᠥ ᠣᠯᠭᠤᠮᠵᠢ ᠠᠪᠬᠤ ᠪᠤᠶᠤ ᠪᠤᠰᠤᠳ ᠬᠡᠷᠡᠭᠯᠡᠭᠡᠨ᠎ᠤ ᠱᠠᠭ᠋ᠠᠷᠳᠠᠯᠭ᠎ᠠ ᠳᠤᠷᠠᠳᠤᠭᠰᠠᠨ;
(ᠠᠷᠪᠠᠨ ᠳᠥᠷᠪᠡ) ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠰᠡᠵᠢᠭᠯᠡᠨ ᠠᠰᠠᠭᠤᠬᠤ᠂ ᠵᠠᠭ᠋ᠠᠯᠳᠤᠬᠤ᠂ ᠠᠰᠠᠭᠤᠨ ᠯᠠᠪᠯᠠᠬᠤ᠂ ᠬᠢᠨᠠᠯᠲᠠ ᠲᠠᠯᠪᠢᠬᠤ᠂ ᠪᠠᠶ᠋ᠢᠴᠠᠭ᠋ᠠᠯᠲᠠ ᠬᠢᠬᠦ᠎ᠳᠤ ᠲᠣᠰᠠᠯᠠᠬᠤ ᠪᠠ ᠬᠠᠮᠵᠢᠯᠴᠠᠬᠤ ᠵᠢ ᠲᠡᠪᠴᠢᠭᠰᠡᠨ;
(ᠠᠷᠪᠠᠨ ᠲᠠᠪᠤ) ᠳᠠᠭ᠋ᠠᠭ᠋ᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ᠎ᠤ ᠬᠤᠪᠢ᠎ᠠᠴᠠ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢᠨ ᠨᠡᠶ᠋ᠢᠲᠡ᠎ᠳᠤ ᠢᠲᠡᠭᠡᠭᠦᠯᠬᠦ ᠬᠦᠴᠦᠨ᠎ᠢ ᠬᠤᠬᠢᠷᠠᠭᠤᠯᠬᠤ ᠠᠵᠢᠯᠯᠠᠭ᠎ᠠ ᠬᠢᠭᠰᠡᠨ;
(ᠠᠷᠪᠠᠨ ᠵᠢᠷᠭᠤᠭ᠎ᠠ) ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠃
ᠠᠷᠪᠠᠨ ᠲᠠᠪᠤᠳᠤᠭ᠋ᠠᠷ ᠵᠦᠢ᠍ᠯ
ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠤᠬᠠᠢ ᠵᠢᠨ ᠬᠥᠮᠦᠨ᠎ᠨᠢ ᠠᠩᠬ᠎ᠠ ᠤᠳᠠᠭ᠎ᠠ ᠳᠠᠩᠰᠠᠯᠠᠭᠤᠯᠬᠤ ᠦᠶ᠎ᠡ᠎ᠳᠤ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠭᠤᠤᠯ ᠴᠣᠭᠴᠠ ᠵᠢᠨ ᠮᠡᠳᠡᠭᠡ ᠵᠠᠩᠭᠢ ᠵᠢᠨ ᠬᠥᠮᠥᠷᠭᠡ᠎ᠳᠤ ᠬᠠᠮᠢᠶ᠎ᠠ ᠪᠥᠬᠦᠶ ᠮᠡᠳᠡᠭᠡ ᠵᠠᠩᠭᠢ ᠵᠢ ᠲᠠᠭᠯᠠᠨ ᠪᠢᠴᠢᠬᠦ ᠵᠢᠨ ᠬᠠᠮᠲᠤ᠂ ᠲᠡᠭᠦᠨ᠎ᠤ ᠲᠠᠭᠯᠠᠭᠰᠠᠨ ᠢᠲᠡᠭᠡᠮᠵᠢ ᠵᠢᠨ ᠮᠡᠳᠡᠭᠡ ᠵᠠᠩᠭᠢ᠎ᠳᠤ᠎ᠪᠠᠨ ᠬᠠᠷᠢᠭᠤᠴᠠᠵᠤ᠂ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠬᠦᠯᠢᠶᠡᠬᠦ ᠬᠡᠷᠡᠭᠲᠡᠶ᠃ ᠠᠩᠬ᠎ᠠ ᠤᠳᠠᠭ᠎ᠠ ᠳᠠᠩᠰᠠᠯᠠᠭᠤᠯᠬᠤ ᠵᠢ ᠪᠡᠶᠡᠯᠡᠭᠦᠯᠦᠭᠰᠡᠨ ᠪᠠᠶ᠋ᠢᠪᠠᠯ᠂ ᠮᠡᠳᠡᠭᠡ ᠵᠠᠩᠭᠢ᠎ᠳᠤ ᠬᠤᠪᠢᠷᠠᠯᠲᠠ ᠭᠠᠷᠤᠭᠰᠠᠨ ᠦᠶ᠎ᠡ᠎ᠳᠤ ᠴᠠᠭ ᠲᠤᠬᠠᠢᠳᠤᠨᠢ ᠨᠥᠬᠦᠪᠥᠷᠢᠯᠡᠬᠦ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ
ᠤᠯᠠᠨ ᠨᠡᠶ᠋ᠢᠲᠠ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠤᠨ ᠡᠯ᠎ᠡ ᠠᠵᠢᠯᠯᠠᠭᠤᠯᠵᠦ ᠦᠢ᠍ᠯᠡᠴᠢᠯᠡᠬᠦ ᠪᠠᠶ᠋ᠢᠭᠤᠯᠤᠮᠵᠢ᠎ᠨᠢ ᠡᠯ᠎ᠡ ᠲᠥᠷᠥᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠴᠠᠭ ᠲᠤᠬᠠᠢᠳᠤᠨᠢ ᠨᠡᠶ᠋ᠢᠲᠡᠯᠡᠵᠦ ᠰᠢᠨᠡᠴᠢᠯᠡᠨ᠂ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠭᠤᠣᠯ ᠴᠣᠭᠴᠠ ᠵᠢᠨ ᠮᠡᠳᠡᠭᠡ ᠵᠠᠩᠭᠢ ᠵᠢᠨ ᠬᠦᠮᠦᠷᠭᠡ ᠵᠢᠨ ᠲᠤᠭ᠎ᠠ ᠪᠠᠷᠢᠮᠲᠠ᠎ᠯᠤᠭ᠎ᠠ ᠵᠠᠯᠭ᠋ᠠᠯᠳᠤᠭᠤᠯᠤᠨ ᠰᠣᠯᠢᠯᠴᠠᠬᠤ ᠵᠢ ᠪᠡᠶᠡᠯᠡᠭᠦᠯᠬᠦ ᠬᠡᠷᠡᠭᠲᠡᠢ᠃
ᠤᠯᠠᠨ ᠨᠡᠶ᠋ᠢᠲᠠ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠤᠨ ᠠᠵᠢᠯᠯᠠᠭᠤᠯᠵᠤ ᠦᠢ᠍ᠯᠡᠴᠢᠯᠡᠬᠦ ᠪᠠᠶ᠋ᠢᠭᠤᠯᠤᠮᠵᠢ᠎ᠨᠢ ᠬᠢᠨᠠᠨ ᠬᠡᠮᠵᠢᠭᠡᠳ ᠣᠯᠤᠭᠰᠠᠨ ᠤᠯᠠᠨ ᠨᠡᠶ᠋ᠢᠲᠠ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠤᠬᠠᠢ ᠵᠢᠨ ᠬᠥᠮᠦᠨ᠎ᠤ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠰᠦᠪᠡᠭᠴᠢ ᠵᠢ ᠲᠤᠰ ᠲᠥᠷᠥᠯ ᠵᠦᠢ᠍ᠯ᠎ᠳᠤ ᠬᠢᠨᠠᠯᠲᠠ ᠲᠠᠯᠪᠢᠵᠤ ᠪᠠᠶ᠋ᠢᠭ᠎ᠠ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠲᠤ ᠴᠠᠭ ᠲᠤᠬᠠᠢᠳᠤᠨᠢ ᠰᠢᠯᠵᠢᠭᠦᠯᠦᠨ ᠬᠦᠷᠭᠡᠵᠦ᠂ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠤᠳ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠵᠢᠨ ᠬᠠᠮᠲᠤ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠠᠨ ᠴᠠᠭ ᠲᠤᠬᠠᠢᠳᠤᠨᠢ ᠬᠠᠷᠢᠭᠤ ᠲᠤᠰᠬᠠᠬᠤ ᠬᠡᠷᠡᠭᠲᠡᠢ᠃
ᠠᠷᠪᠠᠨ ᠳᠣᠯᠣᠳᠤᠭ᠋ᠠᠷ ᠵᠦᠢ᠍ᠯ
ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ ᠵᠢᠴᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠡᠷᠬᠡ ᠣᠯᠭᠤᠭᠰᠠᠨ ᠣᠯᠠᠨ ᠨᠡᠶ᠋ᠢᠲᠡ ᠵᠢᠨ ᠠᠵᠢᠯ ᠶᠠᠪᠤᠳᠠᠯ᠎ᠤᠨ ᠬᠠᠮᠢᠶᠠᠷᠤᠯᠲᠠ ᠵᠢᠨ ᠡᠭᠦᠷᠭᠡ ᠴᠢᠳᠠᠪᠤᠷᠢ᠎ᠲᠠᠢ ᠪᠠᠶ᠋ᠢᠭᠤᠯᠤᠮᠵᠢ᠎ᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠲᠤᠬᠠᠶ ᠵᠢᠨ ᠬᠥᠮᠦᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠶᠠᠪᠤᠴᠠ᠎ᠳᠤ ᠪᠣᠶ ᠪᠣᠯᠤᠭᠰᠠᠨ ᠡᠯ᠎ᠡ ᠲᠥᠷᠥᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠰᠢᠩᠬᠡᠬᠡᠨ ᠲᠡᠮᠳᠡᠭᠯᠡᠬᠦ ᠵᠢᠨ ᠬᠠᠮᠲᠤ᠂ ᠬᠠᠮᠢᠶ᠎ᠠ ᠪᠥᠬᠦᠶ ᠮᠡᠳᠡᠭᠡ ᠵᠠᠩᠭᠢ ᠵᠢ ᠴᠠᠭ ᠲᠤᠬᠠᠶ᠎ᠳᠤᠨᠢ ᠠᠳᠠᠯᠢ ᠱᠠᠲᠤᠨ᠎ᠤ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠳᠤ ᠲᠡᠪᠰᠢᠬᠦᠯᠦᠨ ᠬᠦᠷᠭᠡᠵᠦ᠂ ᠵᠡᠷᠭᠡ᠎ᠳᠤ᠎ᠨᠢ ᠠᠳᠠᠯᠢ ᠱᠠᠲᠤᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠳᠤ ᠬᠠᠭᠤᠯᠤᠨ ᠢᠯᠡᠬᠡᠭᠦ ᠪᠤᠶᠤ ᠬᠠᠮᠲᠤ᠎ᠳᠤ᠎ᠪᠠᠨ ᠭᠥᠷᠳᠡᠬᠦ ᠬᠡᠷᠡᠭᠲᠡᠶ᠃ ᠡᠯ᠎ᠡ ᠱᠠᠲᠤᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠠᠴᠠ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠳᠤ ᠵᠡᠷᠭᠡ᠎ᠪᠠᠷ ᠲᠡᠪᠰᠢᠬᠦᠯᠦᠨ ᠬᠦᠷᠭᠡᠬᠦ ᠬᠡᠷᠡᠭᠲᠡᠶ᠃
ᠭᠤᠷᠪᠠᠳᠤᠭ᠋ᠠᠷ ᠪᠦᠯᠦᠭ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠪᠠ ᠬᠠᠮᠲᠤ᠎ᠪᠠᠷ ᠬᠦᠷᠲᠡᠬᠦ
ᠠᠷᠪᠠᠨ ᠨᠠᠢ᠍ᠮᠠᠳᠤᠭ᠋ᠠᠷ ᠵᠦᠢ᠍ᠯ
ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠣᠬᠠᠢ ᠵᠢᠨ ᠬᠥᠮᠦᠨ᠎ᠤ ᠦᠨᠳᠦᠰᠦᠨ ᠮᠡᠳᠡᠭᠡ ᠵᠠᠩᠭᠢ᠂ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠶ ᠣᠷᠣᠯᠠᠬᠤ ᠨᠣᠮᠧᠷ᠂ ᠠᠮᠠᠯᠠᠯᠲᠠ ᠵᠢᠨ ᠮᠡᠳᠡᠭᠡ ᠵᠠᠩᠭᠢ᠂ ᠱᠠᠩᠨᠠᠯ᠎ᠤᠨ ᠮᠡᠳᠡᠭᠡ ᠵᠠᠩᠭᠢ ᠵᠢᠨ ᠨᠡᠷᠡᠶ᠋ᠢᠳᠦᠯ ᠵᠢᠴᠢ ᠱᠠᠩᠨᠠᠵᠤ ᠨᠤᠲᠠᠯᠠᠭᠰᠠᠨ ᠪᠢᠴᠢᠭ ᠮᠠᠲ᠋ᠧᠷᠢᠶᠠᠯ᠂ ᠵᠠᠯᠬᠠᠭ᠋ᠠᠨ ᠴᠡᠭᠡᠷᠯᠡᠭᠦᠯᠬᠦ ᠮᠡᠳᠡᠭᠡ ᠵᠠᠩᠭᠢ ᠵᠢᠨ ᠨᠡᠷᠡᠶ᠋ᠢᠳᠦᠯ᠂ ᠰᠢᠢ᠍ᠳᠪᠦᠷᠢᠯᠡᠬᠦ ᠲᠣᠭᠲᠠᠭ᠋ᠠᠯ᠎ᠤᠨ ᠪᠢᠴᠢᠭ᠂ ᠰᠢᠢ᠍ᠳᠪᠦᠷᠢᠯᠡᠬᠦ ᠴᠠᠭ ᠬᠤᠭᠤᠴᠠᠭ᠎ᠠ᠂ ᠵᠠᠯᠬᠠᠭ᠋ᠠᠨ ᠴᠡᠭᠡᠷᠯᠡᠭᠦᠯᠬᠦ ᠬᠤᠭᠤᠴᠠᠭ᠎ᠠ ᠬᠢᠵᠠᠭ᠋ᠠᠷ ᠵᠡᠷᠭᠡ ᠵᠢ ᠡᠯ᠎ᠡ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠵᠶ᠋ᠠᠨ ᠦᠨᠳᠦᠰᠦᠯᠡᠨ ᠰᠠᠨᠠᠭ᠋ᠠᠴᠢᠯᠠᠭ᠎ᠠ᠎ᠠᠴᠠ᠎ᠪᠠᠨ ᠨᠡᠶ᠋ᠢᠭᠡᠮ᠎ᠳᠤ ᠢᠯᠡ ᠪᠣᠯᠭ᠋ᠠᠬᠤ ᠬᠡᠷᠡᠭᠲᠡᠶ᠃
ᠠᠷᠪᠠ ᠶᠢᠰᠦᠳᠦᠭᠡᠷ ᠵᠦᠢ᠍ᠯ
ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠮᠡᠳᠡᠭᠡ ᠵᠠᠩᠭᠢ ᠵᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠬᠤᠭᠤᠴᠠᠭ᠎ᠠ ᠬᠢᠵᠠᠭ᠋ᠠᠷ ᠶᠣᠰᠣᠭ᠋ᠠᠷ ᠢᠯᠡ ᠪᠣᠯᠭ᠋ᠠᠬᠤ ᠬᠡᠷᠡᠭᠲᠡᠶ᠃
ᠵᠠᠯᠬᠠᠭ᠋ᠠᠨ ᠴᠡᠭᠡᠷᠯᠡᠭᠦᠯᠬᠦ ᠮᠡᠳᠡᠭᠡ ᠵᠠᠩᠭᠢ ᠵᠢᠨ ᠲᠠᠯ᠎ᠠ᠎ᠪᠠᠷ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠥᠬᠡᠶ ᠪᠠᠶ᠋ᠢᠪᠠᠯ᠂ ᠵᠠᠷᠴᠢᠮ ᠳᠡᠭᠡᠷ᠎ᠡ᠎ᠪᠠᠨ ᠢᠯᠡ ᠪᠣᠯᠭ᠋ᠠᠬᠤ ᠬᠤᠭᠤᠴᠠᠭ᠎ᠠ ᠬᠢᠵᠠᠭ᠋ᠠᠷ᠎ᠨᠢ ᠲᠠᠪᠤᠨ ᠵᠢᠯ ᠪᠣᠯᠤᠨ᠎ᠠ᠃ ᠢᠯᠡ ᠪᠣᠯᠭ᠋ᠠᠬᠤ ᠴᠠᠭ ᠬᠤᠭᠤᠴᠠᠭ᠎ᠠ᠎ᠨᠢ ᠭᠦᠢ᠍ᠴᠡᠭᠰᠡᠨ ᠪᠠᠶ᠋ᠢᠪᠠᠯ ᠢᠯᠡ ᠪᠣᠯᠭ᠋ᠠᠬᠤ ᠵᠢ ᠵᠣᠭᠰᠣᠭ᠋ᠠᠵᠤ᠂ ᠲᠠᠩᠰᠠ ᠡᠪᠬᠡᠮᠡᠯ ᠪᠣᠯᠭ᠋ᠠᠨ ᠬᠠᠳᠠᠭ᠋ᠠᠯᠠᠬᠤ ᠬᠡᠷᠡᠭᠲᠡᠶ᠃
ᠬᠤᠷᠢᠳᠤᠭ᠋ᠠᠷ ᠵᠦᠢ᠍ᠯ
ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠣᠬᠠᠢ ᠵᠢᠨ ᠬᠥᠮᠦᠨ᠎ᠤ ᠳᠤᠲᠤᠷᠠᠬᠢ ᠳᠠᠭ᠋ᠠᠭ᠋ᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ᠎ᠤ ᠬᠤᠪᠢ ᠬᠥᠮᠦᠨ᠎ᠤ ᠨᠢᠭᠤᠴᠠ᠂ ᠠᠵᠤ ᠠᠬᠤᠶ᠋ᠢᠯᠠᠯ᠎ᠤᠨ ᠬᠤᠳᠠᠯᠳᠤᠭ᠋ᠠᠨ᠎ᠤ ᠨᠢᠭᠤᠴᠠ ᠵᠢᠴᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠢᠯᠡ ᠪᠣᠯᠭ᠋ᠠᠵᠤ ᠪᠣᠯᠬᠤ ᠥᠬᠡᠶ ᠭᠡᠵᠦ ᠲᠣᠭᠲᠠᠭ᠋ᠠᠭᠰᠠᠨ ᠮᠡᠳᠡᠭᠡ ᠵᠠᠩᠭᠢ ᠵᠢ ᠢᠯᠡ ᠪᠣᠯᠭ᠋ᠠᠵᠤ ᠪᠣᠯᠬᠤ ᠥᠬᠡᠶ᠂ ᠭᠤᠶᠤᠴᠢᠯᠠᠬᠤ ᠠᠷᠭ᠎ᠠ ᠮᠠᠶᠢᠭ ᠵᠶ᠋ᠠᠷ ᠳᠠᠮᠵᠢᠨ ᠪᠠᠶ᠋ᠢᠴᠠᠭ᠋ᠠᠨ ᠯᠠᠪᠯᠠᠬᠤ ᠬᠡᠷᠡᠭᠲᠡᠶ᠃
ᠬᠤᠷᠢᠨ ᠨᠢᠭᠡᠳᠦᠭᠡᠷ ᠵᠦᠢ᠍ᠯ
ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠡᠯᠧᠺᠳ᠋ᠷᠣᠨ ᠦᠢ᠍ᠯᠡᠴᠢᠯᠡᠭᠡᠨ᠎ᠤ ᠰᠢᠰᠲ᠋ᠧᠮ᠎ᠨᠢ ᠬᠠᠮᠢᠶ᠎ᠠ ᠪᠥᠬᠦᠶ ᠢᠲᠡᠭᠡᠮᠵᠢ ᠵᠢᠨ ᠮᠡᠳᠡᠭᠡ ᠵᠠᠩᠭᠢ ᠵᠢᠨ ᠢᠷᠡᠯᠲᠡ᠂ ᠲᠡᠮᠳᠡᠭᠯᠡᠬᠦ ᠬᠠᠷᠢᠭᠤᠴᠠᠯᠭ᠎ᠠ ᠵᠢᠨ ᠭᠤᠤᠯ ᠴᠣᠭᠴᠠ ᠪᠠ ᠳᠡᠩᠰᠡᠯᠡᠨ ᠲᠡᠮᠳᠡᠭᠯᠡᠵᠦ ᠰᠡᠯᠭᠦᠬᠦ ᠴᠠᠭ ᠵᠡᠷᠭᠡ ᠠᠭᠤᠯᠭ᠎ᠠ ᠵᠢ ᠢᠯᠡ ᠪᠣᠯᠭ᠋ᠠᠬᠤ ᠬᠡᠷᠡᠭᠲᠡᠶ᠃ ᠲᠣᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠲᠡᠮᠳᠡᠭᠯᠡᠵᠦ᠂ ᠡᠭᠦᠰᠭᠡᠵᠦ᠂ ᠰᠡᠯᠭᠦᠭᠰᠡᠨ ᠦᠭᠡᠢ ᠮᠡᠳᠡᠭᠡ ᠵᠠᠩᠭᠢ ᠵᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠡᠯᠧᠺᠳ᠋ᠷᠣᠨ ᠦᠢ᠍ᠯᠡᠴᠢᠯᠡᠭᠡᠨ᠎ᠤ ᠰᠢᠰᠲ᠋ᠧᠮ᠎ᠳᠤ ᠢᠯᠡ ᠪᠣᠯᠭ᠋ᠠᠬᠤ ᠪᠠ ᠬᠡᠷᠡᠭᠯᠡᠵᠦ ᠪᠣᠯᠬᠤ ᠥᠬᠡᠶ᠃
ᠬᠤᠷᠢᠨ ᠬᠤᠶᠠᠳᠤᠭ᠋ᠠᠷ ᠵᠦᠢ᠍ᠯ
ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠨᠢ ᠡᠯ᠎ᠡ ᠱᠠᠲᠤᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠠᠴᠠ ᠳᠠᠮᠵᠢᠭᠤᠯᠤᠭᠰᠠᠨ ᠢᠲᠡᠭᠡᠮᠵᠢ ᠵᠢᠨ ᠮᠡᠳᠡᠭᠡ ᠵᠠᠩᠭᠢ ᠵᠢᠴᠢ ᠥᠪᠡᠷᠲᠡᠭᠡᠨ ᠵᠠᠰᠠᠬᠤ ᠣᠷᠣᠨ᠎ᠤ ᠡᠯ᠎ᠡ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠤᠨ ᠣᠨᠣᠪᠴᠢᠲᠠᠶ᠎ᠪᠠᠷ ᠴᠤᠭᠯᠠᠭᠤᠯᠤᠭᠰᠠᠨ ᠡᠯ᠎ᠡ ᠲᠥᠷᠥᠯ᠎ᠤᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠭᠤᠤᠯ ᠴᠣᠭᠴᠠ ᠵᠢᠨ ᠢᠲᠡᠭᠡᠮᠵᠢ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠭᠥᠯᠢᠶᠡᠨ ᠠᠪᠴᠤ᠂ ᠬᠠᠮᠲᠤᠳᠤᠨᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠦᠶ ᠠᠵᠢᠯ ᠲᠥᠷᠥᠯᠯᠦᠭᠡ ᠮᠡᠳᠡᠭᠡ ᠵᠠᠩᠭᠢ ᠵᠢ ᠬᠠᠮᠳᠣ᠎ᠳᠤᠨᠢ ᠭᠥᠷᠳᠡᠬᠦ ᠠᠵᠢᠯ᠎ᠢ ᠰᠠᠶ᠋ᠢᠲᠤᠷ ᠬᠢᠬᠦ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠡᠯᠧᠺᠳ᠋ᠷᠣᠨ ᠦᠢ᠍ᠯᠡᠴᠢᠯᠡᠭᠡᠨ᠎ᠤ ᠰᠢᠰᠲ᠋ᠧᠮ ᠵᠶ᠋ᠠᠷ ᠳᠠᠮᠵᠢᠭᠤᠯᠤᠨ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃
ᠬᠤᠷᠢᠨ ᠭᠤᠷᠪᠠᠳᠤᠭ᠋ᠠᠷ ᠵᠦᠢ᠍ᠯ
ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠴᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠤᠨ ᠠᠵᠢᠯᠯᠠᠭᠤᠯᠵᠦ ᠦᠢ᠍ᠯᠡᠴᠢᠯᠡᠬᠦ ᠪᠠᠶ᠋ᠢᠭᠤᠯᠤᠮᠵᠢ᠎ᠨᠢ ᠬᠤᠯᠪᠣᠭᠳᠠᠯ ᠪᠥᠬᠦᠶ ᠲᠣᠭᠲᠠᠭ᠋ᠠᠯ᠎ᠢ ᠴᠢᠩᠭ᠎ᠠ ᠵᠢᠷᠤᠮᠯᠠᠨ᠂ ᠢᠲᠡᠭᠡᠮᠵᠢ ᠵᠢᠨ ᠮᠡᠳᠡᠭᠡ ᠵᠠᠩᠭᠢ ᠵᠢᠨ ᠠᠮᠤᠷ ᠲᠦᠪᠰᠢᠨ᠎ᠤ ᠲᠣᠭᠲᠠᠭ᠋ᠠᠯ ᠲᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠴᠢᠬᠤᠯᠠ ᠪᠥᠬᠦᠶ ᠮᠡᠷᠭᠡᠵᠢᠯ᠎ᠤᠨ ᠠᠷᠭ᠎ᠠ ᠬᠡᠮᠵᠢᠶ᠎ᠡ ᠠᠪᠴᠤ᠂ ᠳ᠋ᠠᠶ᠋ᠢᠲ᠋ᠠ ᠵᠢᠨ ᠠᠮᠤᠷ ᠲᠦᠪᠰᠢᠨ᠎ᠢ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠮᠡᠳᠡᠭᠡ ᠵᠠᠩᠭᠢ ᠵᠢᠨ ᠳᠠᠩᠰᠠᠯᠠᠨ ᠲᠡᠮᠳᠡᠭᠯᠡᠬᠦ᠂ ᠪᠠᠶ᠋ᠢᠴᠠᠭ᠋ᠠᠨ ᠯᠠᠪᠯᠠᠬᠤ᠂ ᠬᠡᠷᠡᠭᠯᠡᠬᠦ᠂ ᠬᠢᠨᠠᠨ ᠪᠤᠳᠤᠬᠤ᠂ ᠬᠠᠷᠭᠤᠭᠤᠯᠤᠨ ᠰᠢᠯᠭ᠋ᠠᠬᠤ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠮᠡᠳᠡᠭᠡ ᠵᠠᠩᠭᠢ ᠵᠢᠨ ᠯᠡᠪᠡᠷᠡᠬᠦ᠎ᠠᠴᠠ ᠰᠡᠷᠭᠡᠶ᠋ᠢᠯᠡᠨ ᠬᠤᠷᠢᠭᠯᠠᠬᠤ ᠬᠡᠷᠡᠭᠲᠡᠢ᠃
ᠳᠥᠷᠪᠡᠳᠦᠭᠡᠷ ᠪᠦᠯᠦᠭ ᠢᠲᠡᠭᠡᠮᠵᠢ ᠵᠢᠨ ᠮᠡᠳᠡᠭᠡ ᠵᠠᠩᠭᠢ ᠵᠢᠨ ᠬᠡᠷᠡᠭᠯᠡᠭᠡ
ᠬᠤᠷᠢᠨ ᠳᠥᠷᠪᠡᠳᠦᠭᠡᠷ ᠵᠦᠢ᠍ᠯ
ᠣᠯᠠᠨ ᠨᠡᠶ᠋ᠢᠲᠡ ᠵᠢᠨ ᠡᠬᠢ ᠪᠠᠶᠠᠯᠢᠭ᠎ᠢ ᠠᠷᠠᠯᠵᠢᠶᠠᠯᠠᠬᠤ ᠶᠠᠪᠤᠴᠠ᠎ᠳᠤ᠂ ᠢᠲᠡᠭᠡᠮᠵᠢ ᠵᠢᠨ ᠦᠨᠡᠯᠡᠬᠦ ᠳᠦᠷᠢᠮ᠎ᠢ ᠬᠡᠷᠡᠭᠵᠢᠭᠦᠯᠦᠨ᠎ᠡ᠃ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠣᠬᠠᠢ ᠵᠢᠨ ᠬᠥᠮᠦᠨ᠎ᠤ ᠢᠲᠡᠭᠡᠮᠵᠢ ᠵᠢᠨ ᠦᠨᠡᠯᠡᠭᠰᠡᠨ ᠦᠷ᠎ᠡ ᠳ᠋ᠦᠩ᠎ᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠬᠠᠮᠢᠶᠠᠷᠤᠯᠲᠠ ᠵᠢᠴᠢ ᠲᠤᠬᠠᠶ᠋ᠢᠯᠠᠭᠰᠠᠨ ᠠᠵᠢᠯ ᠥᠷᠨᠢᠭᠦᠯᠬᠦ ᠵᠢᠨ ᠴᠢᠬᠤᠯᠠ ᠦᠨᠳᠦᠰᠦᠯᠡᠯ ᠪᠣᠯᠭ᠋ᠠᠵᠤ ᠪᠣᠯᠤᠨ᠎ᠠ᠃
ᠬᠤᠷᠢᠨ ᠲᠠᠪᠤᠳᠤᠭ᠋ᠠᠷ ᠵᠦᠢ᠍ᠯ
ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠵᠢᠴᠢ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠬᠠᠮᠢᠶᠠᠷᠤᠯᠲᠠ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠠᠳᠠᠯᠢ ᠪᠤᠰᠤ ᠠᠷᠠᠯᠵᠢᠶᠡᠨ᠎ᠤ ᠲᠥᠷᠥᠯ ᠬᠡᠯᠪᠡᠷᠢ ᠵᠢᠨ ᠣᠨᠴᠠᠯᠢᠭ᠎ᠢ ᠦᠨᠳᠦᠰᠦᠯᠡᠨ᠂ ᠠᠷᠠᠯᠵᠢᠶᠡᠨ᠎ᠤ ᠭᠤᠤᠯ ᠴᠣᠭᠴᠠ ᠵᠢᠨ ᠢᠲᠡᠭᠡᠮᠵᠢ ᠵᠢᠨ ᠦᠨᠡᠯᠡᠬᠦ ᠲᠣᠨᠨᠳᠠᠯᠴᠠᠭ᠎ᠠ ᠵᠢ ᠪᠠᠶ᠋ᠢᠭᠤᠯᠵᠤ᠂ ᠦᠨᠡᠯᠡᠬᠦ ᠠᠷᠭ᠎ᠠ᠎ᠪᠠᠨ ᠲᠣᠳᠣᠷᠬᠠᠶ᠋ᠢᠯᠠᠨ᠂ ᠢᠲᠡᠭᠡᠮᠵᠢ᠎ᠪᠠᠷ ᠰᠠᠭᠤᠷᠢ ᠪᠣᠯᠭ᠋ᠠᠭᠰᠠᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠶ᠃
ᠬᠤᠷᠢᠨ ᠵᠢᠷᠭᠤᠳᠤᠭ᠋ᠠᠷ ᠵᠦᠢ᠍ᠯ
ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠬᠠᠮᠢᠶᠠᠷᠤᠯᠲᠠ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠴᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠭᠤᠤᠯ ᠴᠣᠭᠴᠠ ᠵᠢ ᠵᠣᠷᠢᠭᠵᠢᠭᠤᠯᠵᠤ ᠪᠠᠶ᠋ᠢᠭ᠋ᠠᠳ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠠᠵᠢᠯ ᠶᠠᠪᠤᠳᠠᠯ᠎ᠤᠨ ᠡᠮᠦᠨᠡᠬᠢ ᠳᠤᠮᠳᠠᠬᠢ ᠪᠠ ᠳᠠᠷᠠᠭ᠋ᠠᠬᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ ᠵᠶ᠋ᠠᠷ ᠢᠯᠡ ᠪᠣᠯᠭ᠋ᠠᠭᠰᠠᠨ ᠢᠲᠡᠭᠡᠮᠵᠢ ᠵᠢᠨ ᠮᠡᠳᠡᠭᠡ ᠵᠠᠩᠭᠢ ᠵᠢ ᠬᠡᠷᠡᠭᠯᠡᠭᠦᠯᠵᠦ᠂ ᠢᠲᠡᠭᠡᠮᠵᠢ ᠵᠢᠨ ᠤᠷᠮᠠᠰᠢᠭᠤᠯᠬᠤ ᠪᠠ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠪᠦᠷᠢᠯᠳᠦᠭᠦᠯᠦᠨ ᠠᠬᠢᠭᠤᠯᠬᠤ ᠬᠡᠷᠡᠭᠲᠡᠶ᠃
ᠬᠤᠷᠢᠨ ᠳᠣᠯᠣᠳᠤᠭ᠋ᠠᠷ ᠵᠦᠢ᠍ᠯ
ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠣᠬᠠᠢ ᠵᠢᠨ ᠬᠥᠮᠦᠨ᠎ᠤ ᠢᠲᠡᠭᠡᠮᠵᠢ ᠵᠢᠨ ᠦᠨᠡᠯᠡᠭᠰᠡᠨ ᠦᠷ᠎ᠡ ᠳ᠋ᠦᠩ᠎ᠨᠢ ᠰᠠᠶ᠋ᠢᠨ ᠪᠠᠶ᠋ᠢᠪᠠᠯ᠂ ᠳᠣᠤᠷᠠᠬᠢ ᠮᠡᠲᠦ ᠤᠷᠮᠠᠰᠢᠭᠤᠯᠬᠤ ᠠᠷᠭ᠎ᠠ ᠬᠡᠮᠵᠢᠶ᠎ᠡ ᠵᠢ ᠠᠪᠴᠤ ᠪᠣᠯᠤᠨ᠎ᠠ᠄
(ᠨᠢᠭᠡ) ᠲᠥᠷᠥᠯ ᠵᠦᠢ᠍ᠯ ᠡᠭᠦᠰᠭᠡᠨ ᠪᠠᠶ᠋ᠢᠭᠤᠯᠤᠭᠴᠢ ᠵᠢ ᠵᠤᠷᠢᠨᠨᠵᠢᠭᠤᠯᠵᠦ ᠪᠠᠶ᠋ᠢᠭ᠋ᠠᠳ ᠢᠲᠡᠭᠡᠮᠵᠢ ᠵᠢᠨ ᠦᠨᠡᠯᠡᠭᠰᠡᠨ ᠦᠷ᠎ᠡ ᠳ᠋ᠦᠩ ᠵᠶ᠋ᠠᠷ ᠰᠠᠶ᠋ᠢᠨ ᠪᠠᠶ᠋ᠢᠬᠤ ᠵᠠᠭᠤᠴᠢ ᠣᠷᠤᠯᠠᠭᠴᠢ ᠪᠠ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠤᠷᠢᠳ ᠵᠶ᠋ᠠᠷ ᠰᠣᠩᠭᠤᠭᠤᠯᠣᠨ᠎ᠠ;
(ᠬᠤᠶᠠᠷ) ᠡᠳᠦᠷ ᠲᠤᠲᠤᠮ᠎ᠤᠨ ᠪᠠᠶ᠋ᠢᠴᠠᠭ᠋ᠠᠯᠲᠠ᠂ ᠲᠤᠰᠬᠠᠶ ᠵᠦᠢ᠍ᠯ᠎ᠤᠨ ᠪᠠᠶ᠋ᠢᠴᠠᠭ᠋ᠠᠯᠲᠠ᠂ ᠲᠠᠰᠢᠷᠠᠮ ᠵᠶ᠋ᠠᠷ ᠰᠤᠭᠤᠴᠢᠨ ᠪᠠᠶ᠋ᠢᠴᠠᠭ᠋ᠠᠬᠤ ᠬᠠᠷᠢᠴᠠᠯ ᠪᠠ ᠤᠳᠠᠭ᠎ᠠ ᠳᠠᠷᠠᠭ᠎ᠠ ᠵᠢ᠎ᠨᠢ ᠪᠠᠭᠤᠷᠠᠭᠤᠯᠤᠨ᠎ᠠ᠃
ᠬᠤᠷᠢᠨ ᠨᠠᠢ᠍ᠮᠠᠳᠤᠭ᠋ᠠᠷ ᠵᠦᠢ᠍ᠯ
ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠣᠬᠠᠢ ᠵᠢᠨ ᠬᠥᠮᠦᠨ᠎ᠳᠤ ᠠᠷᠪᠠᠨ ᠨᠢᠭᠡᠳᠦᠭᠡᠷ ᠵᠦᠢ᠍ᠯ᠎ᠠᠴᠠ ᠠᠷᠪᠠᠨ ᠳᠥᠷᠪᠡᠳᠦᠭᠡᠷ ᠵᠦᠢ᠍ᠯ ᠬᠦᠷᠲᠡᠯ᠎ᠡ ᠲᠣᠭᠲᠠᠭ᠋ᠠᠭᠰᠠᠨ ᠵᠠᠯᠬᠠᠭ᠋ᠠᠨ ᠴᠡᠭᠡᠷᠯᠡᠭᠦᠯᠬᠦ ᠮᠡᠳᠡᠭᠡ ᠵᠠᠩᠭᠢ ᠪᠠᠶ᠋ᠢᠪᠠᠯ᠂ ᠳᠣᠤᠷᠠᠬᠢ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠠᠪᠴᠤ ᠪᠣᠯᠤᠨ᠎ᠠ᠄
(ᠨᠢᠭᠡ) ᠲᠥᠷᠥᠯ ᠵᠦᠢ᠍ᠯ᠎ᠢ ᠡᠭᠦᠰᠭᠡᠨ ᠪᠠᠶ᠋ᠢᠭᠤᠯᠤᠭᠴᠢ᠎ᠨᠢ ᠵᠠᠭᠤᠴᠢ ᠣᠷᠤᠯᠠᠭᠴᠢ ᠪᠤᠶᠤ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠢᠲᠡᠭᠡᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠢ ᠪᠠᠶ᠋ᠢᠴᠠᠭ᠋ᠠᠨ ᠯᠠᠪᠯᠠᠬᠤ᠎ᠪᠠᠷ ᠳᠠᠮᠵᠢᠭᠤᠯᠤᠨ᠂ ᠢᠲᠡᠭᠡᠮᠵᠢ ᠠᠯᠳᠠᠭᠰᠠᠨ ᠵᠠᠭᠤᠴᠢ ᠣᠷᠣᠯᠬᠠᠴᠢ ᠪᠤᠶᠤ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠠᠵᠤ ᠠᠬᠤᠶ᠋ᠢᠯᠠᠯ᠎ᠤᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠤᠬᠠᠶ᠋ᠢᠯᠠᠭᠰᠠᠨ ᠠᠵᠢᠯ ᠵᠶ᠋ᠠᠨ ᠳᠠᠭ᠋ᠠᠭ᠋ᠠᠨ ᠵᠠᠯᠭ᠋ᠠᠭᠤᠯᠬᠤ ᠵᠢ ᠬᠠᠤᠯᠢ ᠶᠣᠰᠣᠭ᠋ᠠᠷ ᠬᠢᠵᠠᠭ᠋ᠠᠷᠯᠠᠨ᠎ᠠ;
(ᠬᠤᠶᠠᠷ) ᠲᠥᠷᠥᠯ ᠵᠦᠢ᠍ᠯ ᠡᠭᠦᠰᠭᠡᠨ ᠪᠠᠶ᠋ᠢᠭᠤᠯᠤᠭᠴᠢ᠎ᠠᠴᠠ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ ᠬᠤᠳᠠᠯᠳᠤᠨ ᠠᠪᠤᠯᠲᠠ ᠵᠢᠨ ᠪᠢᠴᠢᠭ ᠮᠠᠲ᠋ᠧᠷᠢᠶᠠᠯ ᠵᠡᠷᠭᠡ ᠠᠷᠠᠯᠵᠢᠶᠠᠨ᠎ᠤ ᠪᠢᠴᠢᠭ ᠮᠠᠲ᠋ᠧᠷᠢᠶᠠᠯ ᠵᠶ᠋ᠠᠷ ᠳᠡᠮᠵᠢᠨ ᠪᠣᠯᠵᠣᠨ ᠲᠣᠭᠲᠠᠵᠤ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶ᠎ᠠ᠎ᠳᠤ ᠣᠷᠣᠯᠴᠠᠬᠤ ᠵᠢ᠎ᠨᠢ ᠬᠠᠤᠯᠢ ᠶᠣᠰᠣᠭ᠋ᠠᠷ ᠬᠢᠵᠠᠭ᠋ᠠᠷᠯᠠᠨ᠎ᠠ᠃ ᠬᠤᠯᠪᠣᠭ᠋ᠠᠲᠤ ᠴᠣᠭᠴᠠ ᠵᠢᠨ ᠬᠡᠯᠪᠡᠷᠢ᠎ᠪᠠᠷ ᠠᠷᠠᠯᠵᠢᠶᠠᠯᠠᠬᠤ᠎ᠪᠠᠷ ᠭᠤᠶᠤᠴᠢᠯᠠᠭᠰᠠᠨ᠂ ᠬᠤᠯᠪᠣᠭ᠋ᠠᠲᠤ ᠴᠣᠭᠴᠠ ᠵᠢᠨ ᠪᠦᠷᠢᠯᠳᠦᠬᠦᠨ᠎ᠨᠢ ᠵᠠᠯᠬᠠᠭ᠋ᠠᠨ ᠴᠡᠭᠡᠷᠯᠡᠭᠦᠯᠦᠭᠳᠡᠭᠰᠡᠨ ᠮᠡᠳᠡᠭᠡ ᠵᠠᠩᠭᠢ᠎ᠲᠠᠢ ᠪᠠᠶ᠋ᠢᠪᠠᠯ᠂ ᠲᠣᠰ ᠬᠤᠯᠪᠣᠭ᠋ᠠᠲᠤ ᠴᠣᠭᠴᠠ ᠵᠢ ᠵᠠᠯᠬᠠᠭ᠋ᠠᠨ ᠴᠡᠭᠡᠷᠯᠡᠭᠦᠯᠬᠦ ᠡᠲᠡᠭᠡᠳ ᠵᠶ᠋ᠠᠷ ᠦᠵᠡᠬᠦ ᠬᠡᠷᠡᠭᠲᠡᠶ;
(ᠭᠤᠷᠪᠠ) ᠳᠠᠭ᠋ᠠᠭ᠋ᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠤᠯᠪᠣᠭᠳᠠᠯ ᠪᠥᠬᠦᠶ ᠲᠣᠭᠲᠠᠭ᠋ᠠᠯ᠎ᠢ ᠦᠨᠳᠦᠰᠦᠯᠡᠨ᠂ ᠵᠠᠯᠬᠠᠭ᠋ᠠᠨ ᠴᠡᠭᠡᠷᠯᠡᠭᠦᠯᠬᠦ ᠮᠡᠳᠡᠭᠡ ᠵᠠᠩᠭᠢ ᠵᠢᠨ ᠬᠦᠴᠦᠨ᠎ᠲᠠᠢ ᠬᠤᠭᠤᠴᠠᠭ᠋ᠠᠨ᠎ᠳᠠᠬᠢ ᠲᠤᠰᠬᠠᠶ ᠮᠡᠷᠭᠡᠵᠢᠯᠲᠡᠨ᠎ᠤ ᠳᠠᠭ᠋ᠠᠭ᠋ᠠᠴᠢᠯᠠᠯᠲᠠ ᠦᠨᠡᠯᠡᠨ ᠬᠢᠨᠠᠬᠤ᠎ᠳᠤ ᠣᠷᠣᠯᠴᠠᠬᠤ ᠵᠢ ᠬᠢᠵᠠᠭ᠋ᠠᠷᠯᠠᠬᠤ ᠬᠡᠷᠡᠭᠲᠡᠶ;
(ᠳᠥᠷᠪᠡ) ᠵᠠᠭᠤᠴᠢ ᠣᠷᠣᠯᠠᠭᠴᠢ ᠪᠤᠶᠤ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠵᠠᠯᠬᠠᠭ᠋ᠠᠨ ᠴᠡᠭᠡᠷᠯᠡᠭᠦᠯᠬᠦ ᠮᠡᠳᠡᠭᠡ ᠵᠠᠩᠭᠢ ᠵᠢᠨ ᠬᠦᠴᠦᠨ᠎ᠲᠠᠢ ᠬᠤᠭᠤᠴᠠᠭ᠋ᠠᠨ᠎ᠳᠠᠬᠢ ᠠᠵᠢᠯᠲᠠᠨ᠎ᠢ ᠬᠡᠷᠡᠭᠯᠡᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠠᠵᠢᠯᠯᠠᠭ᠎ᠠ᠎ᠳᠤ ᠣᠷᠣᠯᠴᠠᠭᠤᠯᠵᠤ ᠪᠣᠯᠬᠤ ᠥᠬᠡᠶ;
(ᠲᠠᠪᠤ) ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠨᠢ ᠵᠠᠯᠬᠠᠭ᠋ᠠᠨ ᠴᠡᠭᠡᠷᠯᠡᠭᠦᠯᠬᠦ ᠮᠡᠳᠡᠭᠡ ᠵᠠᠩᠭᠢ᠎ᠲᠠᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠤᠬᠠᠢ ᠵᠢᠨ ᠬᠥᠮᠦᠨ᠎ᠢ ᠭᠤᠣᠯᠳᠠᠯᠭ᠎ᠠ᠎ᠲᠠᠢ ᠬᠢᠨᠠᠯᠲᠠ ᠲᠠᠯᠪᠢᠨ ᠪᠠᠶ᠋ᠢᠴᠠᠭ᠋ᠠᠬᠤ ᠡᠲᠡᠭᠡᠳ ᠪᠣᠯᠭ᠋ᠠᠵᠤ᠂ ᠡᠳᠦᠷ ᠲᠤᠲᠤᠮ᠎ᠤᠨ ᠬᠢᠨᠠᠯᠲᠠ ᠲᠠᠯᠪᠢᠯᠲᠠ ᠪᠠ ᠲᠤᠰᠬᠠᠶ ᠪᠠᠶ᠋ᠢᠴᠠᠭ᠋ᠠᠯᠲᠠ ᠵᠢᠨ ᠶᠠᠪᠤᠴᠠ᠎ᠳᠤ᠎ᠪᠠᠨ ᠪᠠᠶ᠋ᠢᠴᠠᠭ᠋ᠠᠬᠤ ᠳᠠᠪᠲᠠᠮᠵᠢ ᠤᠳᠠᠭ᠎ᠠ ᠵᠢ᠎ᠨᠢ ᠨᠡᠮᠡᠭᠳᠡᠭᠦᠯᠬᠦ ᠬᠡᠷᠡᠭᠲᠡᠶ᠃
ᠬᠤᠷᠢ ᠶᠢᠰᠦᠳᠦᠭᠡᠷ ᠵᠦᠢ᠍ᠯ
ᠠᠷᠠᠯᠵᠢᠶᠠᠨ᠎ᠤ ᠡᠭᠦᠰᠭᠡᠨ ᠪᠠᠶ᠋ᠢᠭᠤᠯᠤᠭᠴᠢ᠂ ᠵᠠᠭᠤᠴᠢ ᠣᠷᠤᠯᠠᠭᠴᠢ ᠪᠤᠶᠤ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠤᠭᠤᠳ᠎ᠢ ᠵᠣᠷᠢᠭᠵᠢᠭᠤᠯᠵᠤ ᠪᠠᠶ᠋ᠢᠭ᠋ᠠᠳ ᠠᠷᠠᠯᠵᠢᠶᠠᠨ᠎ᠤ ᠪᠢᠴᠢᠭ ᠮᠠᠲ᠋ᠧᠷᠢᠶᠠᠯ᠎ᠢ ᠨᠠᠶ᠋ᠢᠷᠠᠭᠤᠯᠤᠨ ᠵᠣᠬᠢᠶᠠᠬᠤ᠎ᠳᠤ᠂ ᠢᠲᠡᠭᠡᠮᠵᠢ ᠵᠢᠨ ᠦᠨᠡᠯᠡᠬᠦ ᠬᠤᠪᠢ ᠵᠢᠨ ᠬᠡᠮᠵᠢᠭᠳᠡᠯ᠎ᠢ ᠳᠠᠭ᠋ᠠᠭ᠋ᠠᠴᠢᠯᠠᠯᠲᠠ ᠦᠨᠡᠯᠡᠬᠦ ᠬᠤᠪᠢ ᠵᠢᠨ ᠬᠡᠮᠵᠢᠭᠳᠡᠯ᠎ᠳᠤ ᠣᠷᠤᠭᠤᠯᠬᠤ ᠮᠦᠷᠲᠡᠭᠡᠨ ᠳᠠᠭ᠋ᠠᠭ᠋ᠠᠴᠢᠯᠠᠯᠲᠠ ᠦᠨᠡᠯᠡᠬᠦ ᠬᠤᠪᠢ ᠵᠢᠨ ᠬᠡᠮᠵᠢᠭᠳᠡᠯ᠎ᠳᠤ ᠡᠵᠡᠯᠡᠬᠦ ᠬᠤᠪᠢ ᠵᠢᠨ ᠵᠢᠩ᠎ᠢ 3% — 5% ᠪᠣᠯᠭ᠋ᠠᠨ᠎ᠠ᠃
ᠭᠤᠴᠢᠳᠤᠭ᠋ᠠᠷ ᠵᠦᠢ᠍ᠯ
ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠤᠨ ᠱᠠᠩᠨᠠᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠬᠦᠴᠦᠨ᠎ᠲᠠᠢ ᠬᠤᠭᠤᠴᠠᠭ᠎ᠠ᠎ᠨᠢ ᠲᠠᠭᠤᠰᠤᠨᠨᠰᠠᠨ ᠪᠤᠶᠤ ᠱᠠᠩᠨᠠᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠬᠦᠴᠦᠨ᠎ᠲᠠᠢ ᠬᠤᠭᠤᠴᠠᠭ᠋ᠠᠨ᠎ᠳᠤ ᠲᠣᠬᠠᠢ ᠵᠢᠨ ᠬᠦᠮᠦᠨ᠎ᠳᠤ ᠠᠷᠪᠠᠨ ᠨᠢᠭᠡᠳᠦᠭᠡᠷ ᠵᠦᠢ᠍ᠯ᠎ᠠᠴᠠ ᠠᠷᠪᠠᠨ ᠳᠥᠷᠪᠡᠳᠦᠭᠡᠷ ᠵᠦᠢ᠍ᠯ ᠬᠦᠷᠲᠡᠯ᠎ᠡ ᠲᠣᠭᠲᠠᠭ᠋ᠠᠭᠰᠠᠨ ᠪᠠᠶ᠋ᠢᠳᠠᠯ᠎ᠲᠠᠢ ᠪᠠᠶ᠋ᠢᠪᠠᠯ᠂ ᠱᠠᠩᠨᠠᠬᠤ ᠠᠷᠭ᠎ᠠ ᠬᠡᠮᠵᠢᠶ᠎ᠡ ᠵᠢ ᠳᠠᠷᠦ᠋ᠢ᠍ᠬᠠᠨ ᠵᠣᠭᠰᠤᠭ᠋ᠠᠨᠠ᠃ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠪᠣᠯ ᠵᠠᠯᠬᠠᠭ᠋ᠠᠨ ᠴᠡᠭᠡᠷᠯᠡᠭᠦᠯᠬᠦ ᠮᠡᠳᠡᠭᠡ ᠵᠠᠩᠭᠢ ᠵᠢ ᠢᠯᠡ ᠪᠣᠯᠭ᠋ᠠᠬᠤ ᠬᠦᠴᠦᠨ᠎ᠲᠠᠢ ᠬᠤᠭᠤᠴᠠᠭ᠎ᠠ ᠳᠠᠭᠤᠰᠤᠭᠰᠠᠨ᠂ ᠡᠰᠡᠬᠦᠯ᠎ᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠣᠭ᠋ᠠᠷ ᠬᠦᠴᠦᠨ ᠥᠬᠡᠶ ᠪᠣᠯᠭ᠋ᠠᠬᠤ ᠦᠶ᠎ᠡ᠎ᠳᠤ ᠵᠣᠭᠰᠤᠭ᠋ᠠᠨᠠ᠃
ᠭᠤᠴᠢᠨ ᠨᠢᠭᠡᠳᠦᠭᠡᠷ ᠵᠦᠢ᠍ᠯ
ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶ᠎ᠠ᠎ᠳᠤ ᠵᠠᠯᠬᠠᠭ᠋ᠠᠨ ᠴᠡᠭᠡᠷᠯᠡᠭᠦᠯᠬᠦ ᠮᠡᠳᠡᠭᠡ ᠵᠠᠩᠭᠢ ᠵᠢ ᠪᠣᠢ ᠪᠣᠯᠭ᠋ᠠᠭᠰᠠᠨ ᠲᠤᠬᠠᠢ ᠵᠢᠨ ᠬᠥᠮᠦᠨ᠎ᠳᠤ᠂ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠨᠢ ᠪᠤᠰᠤᠳ ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠠᠢ ᠬᠠᠮᠲᠤᠷᠠᠨ ᠭᠠᠶ᠋ᠢᠯᠢ ᠲᠠᠲᠠᠪᠤᠷᠢ᠂ ᠠᠵᠤ ᠦᠢ᠍ᠯᠡᠳᠪᠦᠷᠢ ᠬᠤᠳᠠᠯᠳᠤᠭ᠎ᠠ ᠵᠢᠨ ᠢᠲᠡᠭᠡᠮᠵᠢ ᠵᠢᠨ ᠬᠠᠮᠢᠶᠠᠷᠤᠯᠲᠠ᠂ ᠪᠡᠯᠡ ᠲᠣᠬᠢᠷᠠᠭᠤᠯᠭ᠎ᠠ ᠵᠢᠨ ᠢᠲᠡᠭᠡᠮᠵᠢ ᠣᠯᠭᠤᠬᠤ᠂ ᠭᠠᠵᠠᠷ ᠰᠢᠷᠣᠶ ᠵᠢ ᠲᠦᠯᠦᠪᠦᠷᠢᠲᠡᠢ ᠰᠢᠯᠵᠢᠭᠦᠯᠵᠦ ᠰᠠᠯᠭ᠋ᠠᠨ ᠥᠭᠬᠦ᠂ ᠪᠠᠶ᠋ᠢᠴᠠᠭ᠋ᠠᠨ ᠰᠢᠯᠭ᠋ᠠᠵᠤ ᠬᠢᠵᠢᠭ ᠪᠠᠶ᠋ᠢᠴᠠᠭ᠋ᠠᠬᠤ᠂ ᠪᠣᠭᠤᠮᠲᠠ ᠵᠢᠨ ᠭᠡᠷᠡᠴᠢᠯᠡᠯᠲᠡ᠂ ᠵᠠᠰᠠᠭ᠎ᠤᠨ ᠣᠷᠳᠣᠨ᠎ᠤ ᠴᠢᠨᠠᠷᠲᠠᠶ ᠪᠡᠯᠡ ᠮᠦᠩᠬᠦᠨ᠎ᠤ ᠳᠡᠮᠵᠢᠯᠭᠡ᠂ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠲᠡᠮᠳᠡᠭ ᠲᠠᠷᠬᠠᠭ᠋ᠠᠬᠤ᠂ ᠪᠣᠭᠤᠮᠲᠠ ᠵᠢᠨ ᠭᠠᠶ᠋ᠢᠯᠢ ᠵᠢᠨ ᠨᠤᠭᠳᠠᠯ᠎ᠤᠨ ᠬᠤᠪᠢᠶᠠᠷᠢᠯᠠᠯᠲᠠ ᠵᠡᠷᠭᠡ ᠬᠦᠷᠢᠶᠡᠨ᠎ᠳᠤ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠵᠢ ᠬᠠᠤᠯᠢ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃
ᠲᠠᠪᠤᠳᠤᠭ᠋ᠠᠷ ᠪᠦᠯᠦᠭ ᠡᠷᠬᠡ ᠠᠰᠢᠭ᠎ᠤᠨ ᠬᠠᠮᠠᠭ᠋ᠠᠯᠠᠯᠲᠠ
ᠭᠤᠴᠢᠨ ᠬᠤᠶᠠᠳᠤᠭ᠋ᠠᠷ ᠵᠦᠢ᠍ᠯ
ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠤᠬᠠᠢ ᠵᠢᠨ ᠬᠥᠮᠦᠨ ᠪᠤᠶᠤ ᠠᠰᠢᠭ ᠬᠤᠤᠷ᠎ᠤᠨ ᠬᠠᠷᠢᠴᠠᠭ᠎ᠠ᠎ᠲᠠᠢ ᠬᠥᠮᠦᠨ᠎ᠨᠢ ᠢᠯᠡ ᠪᠣᠯᠭ᠋ᠠᠭᠰᠠᠨ ᠢᠲᠡᠭᠡᠮᠵᠢ ᠵᠢᠨ ᠮᠡᠳᠡᠭᠡ ᠵᠠᠩᠭᠢ᠎ᠨᠢ ᠪᠣᠳᠠᠲᠤ ᠪᠠᠶ᠋ᠢᠳᠠᠯ᠎ᠲᠠᠢ ᠨᠡᠶ᠋ᠢᠴᠡᠬᠦ ᠥᠬᠡᠶ ᠭᠡᠵᠦ ᠦᠵᠡᠪᠡᠯ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠤᠨ ᠠᠵᠢᠯᠯᠠᠭᠤᠯᠵᠤ ᠦᠢ᠍ᠯᠡᠴᠢᠯᠡᠬᠦ ᠪᠠᠶ᠋ᠢᠭᠤᠯᠤᠮᠵᠢ ᠪᠤᠶᠤ ᠢᠲᠡᠭᠡᠮᠵᠢ ᠵᠢᠨ ᠮᠡᠳᠡᠭᠡ ᠵᠠᠩᠭᠢ ᠵᠢᠨ ᠢᠷᠡᠯᠲᠡ ᠵᠢᠨ ᠨᠢᠭᠡᠴᠢ᠎ᠳᠤ ᠪᠢᠴᠢᠭ᠎ᠤᠨ ᠬᠡᠯᠪᠡᠷᠢ᠎ᠪᠠᠷ ᠣᠨᠳᠣᠤ ᠰᠠᠨᠠᠯ ᠵᠶ᠋ᠠᠨ ᠳᠤᠷᠠᠳᠴᠤ ᠪᠣᠯᠤᠨ᠎ᠠ᠃ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠤᠨ ᠠᠵᠢᠯᠯᠠᠭᠤᠯᠵᠤ ᠦᠢ᠍ᠯᠡᠴᠢᠯᠡᠬᠦ ᠪᠠᠶ᠋ᠢᠭᠤᠯᠤᠮᠵᠢ᠎ᠨᠢ ᠣᠨᠳᠣᠤ ᠰᠠᠨᠠᠯ᠎ᠢ ᠭᠥᠯᠢᠶᠡᠨ ᠠᠪᠤᠭᠰᠠᠨ ᠡᠳᠦᠷ᠎ᠠᠴᠠ ᠡᠬᠢᠯᠡᠨ 3 ᠠᠵᠢᠯᠯᠠᠬᠤ ᠡᠳᠦᠷ᠎ᠤᠨ ᠳᠣᠲᠣᠷ᠎ᠠ ᠣᠨᠳᠣᠤ ᠰᠠᠨᠠᠯ ᠵᠶ᠋ᠠᠨ ᠢᠲᠡᠭᠡᠮᠵᠢ ᠵᠢᠨ ᠮᠡᠳᠡᠭᠡ ᠵᠠᠩᠭᠢ ᠵᠢᠨ ᠢᠷᠡᠯᠲᠡ ᠵᠢᠨ ᠨᠢᠭᠡᠴᠢ᠎ᠳᠤ ᠰᠢᠯᠵᠢᠭᠦᠯᠦᠨ ᠬᠦᠷᠭᠡᠵᠦ᠂ ᠢᠲᠡᠭᠡᠮᠵᠢ ᠵᠢᠨ ᠮᠡᠳᠡᠭᠡ ᠵᠠᠩᠭᠢ ᠵᠢᠨ ᠢᠷᠡᠯᠲᠡ ᠵᠢᠨ ᠨᠢᠭᠡᠴᠢ᠎ᠨᠢ ᠣᠨᠳᠣᠤ ᠰᠠᠨᠠᠯ᠎ᠢ ᠭᠥᠯᠢᠶᠡᠨ ᠠᠪᠤᠭᠰᠠᠨ ᠡᠳᠦᠷ᠎ᠠᠴᠠ ᠡᠬᠢᠯᠡᠨ 20 ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠬᠠᠷᠭᠤᠭᠤᠯᠬᠤ ᠵᠢᠨ ᠬᠠᠮᠲᠤ ᠰᠢᠢ᠍ᠳᠪᠦᠷᠢᠯᠡᠬᠦ ᠰᠠᠨᠠᠯ ᠵᠶ᠋ᠠᠨ ᠳᠤᠷᠠᠳᠴᠤ᠂ ᠬᠠᠮᠲᠤᠳᠤᠨᠢ ᠣᠨᠳᠣᠤ ᠰᠠᠨᠠᠯ ᠳᠤᠷᠠᠳᠤᠭᠰᠠᠨ ᠬᠥᠮᠦᠨ᠎ᠳᠤ ᠮᠡᠳᠡᠭᠳᠡᠬᠦ ᠬᠡᠷᠡᠭᠲᠡᠶ᠃ ᠬᠠᠮᠢᠶ᠎ᠠ ᠪᠥᠬᠦᠶ ᠮᠡᠳᠡᠭᠡ ᠵᠠᠩᠭᠢ᠎ᠨᠢ ᠪᠣᠳᠠᠲᠤ ᠪᠠᠶ᠋ᠢᠳᠠᠯ᠎ᠲᠠᠢ ᠨᠡᠶ᠋ᠢᠴᠡᠬᠦ ᠥᠬᠡᠶ ᠪᠠᠶ᠋ᠢᠪᠠᠯ᠂ ᠮᠡᠳᠡᠭᠡ ᠵᠠᠩᠭᠢ ᠵᠢᠨ ᠢᠷᠡᠯᠲᠡ ᠵᠢᠨ ᠨᠢᠭᠡᠴᠢ᠎ᠨᠢ ᠴᠠᠭ ᠲᠤᠬᠠᠶ᠎ᠳᠤᠨᠢ ᠵᠠᠯᠠᠷᠠᠭᠤᠯᠬᠤ ᠵᠢᠨ ᠬᠠᠮᠲᠤ᠂ ᠵᠠᠯᠠᠷᠠᠭᠤᠯᠤᠨᠨᠰᠠᠨ ᠦᠷ᠎ᠡ ᠳ᠋ᠦᠩ ᠵᠶ᠋ᠠᠨ ᠤᠤᠯ᠎ᠤᠨ ᠮᠡᠳᠡᠭᠡ ᠵᠠᠩᠭᠢ ᠵᠢ ᠢᠯᠡ ᠪᠣᠯᠭ᠋ᠠᠭᠰᠠᠨ ᠵᠠᠮ ᠮᠥᠷ ᠵᠶ᠋ᠠᠷ ᠢᠯᠡ ᠨᠡᠶ᠋ᠢᠲᠡᠯᠡᠬᠦ ᠵᠢᠨ ᠬᠠᠮᠲᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠳᠤ ᠬᠠᠮᠳᠤ᠎ᠳᠤᠨᠢ ᠬᠤᠪᠢᠶᠠᠯᠴᠠᠵᠤ ᠲᠠᠯᠪᠢᠬᠤ ᠬᠡᠷᠡᠭᠲᠡᠶ᠃
ᠭᠤᠴᠢᠨ ᠭᠤᠷᠪᠠᠳᠤᠭ᠋ᠠᠷ ᠵᠦᠢ᠍ᠯ
ᠠᠷᠠᠳ ᠢᠷᠭᠡᠳ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠤᠯᠠᠨ ᠨᠡᠶ᠋ᠢᠲᠠ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠬᠠᠮᠢᠶᠠᠷᠤᠯᠲᠠ ᠦᠢ᠍ᠯᠡᠴᠢᠯᠡᠭᠡᠨ᠎ᠤ ᠪᠠᠶ᠋ᠢᠭᠤᠯᠤᠮᠵᠢ ᠬᠢᠭᠡᠳ ᠤᠯᠠᠨ ᠨᠡᠶ᠋ᠢᠲᠠ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠤᠨ ᠠᠵᠢᠯᠯᠠᠭᠤᠯᠵᠤ ᠦᠢ᠍ᠯᠡᠴᠢᠯᠡᠬᠦ ᠪᠠᠶ᠋ᠢᠭᠤᠯᠤᠮᠵᠢ ᠵᠢᠴᠢ ᠲᠡᠭᠦᠨ᠎ᠤ ᠠᠵᠢᠯᠲᠠᠳ ᠤᠯᠠᠨ ᠨᠡᠶ᠋ᠢᠲᠠ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠬᠠᠮᠢᠶᠠᠷᠤᠯᠲᠠ᠎ᠳᠤ ᠬᠠᠤᠯᠢ ᠶᠣᠰᠣᠭ᠋ᠠᠷ ᠡᠭᠦᠷᠭᠡ᠎ᠪᠠᠨ ᠭᠦᠢ᠍ᠴᠡᠳᠬᠡᠭᠰᠡᠨ ᠦᠭᠡᠢ᠂ ᠲᠡᠭᠦᠨ᠎ᠤ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ᠎ᠢ ᠣᠯᠵᠤ ᠮᠡᠳᠡᠪᠡᠯ᠂ ᠲᠡᠭᠦᠨ᠎ᠢ ᠵᠠᠯᠠᠷᠠᠭᠤᠯᠬᠤ᠎ᠪᠠᠷ ᠱᠠᠭ᠋ᠠᠷᠳᠠᠬᠤ ᠪᠤᠶᠤ ᠳᠡᠭᠡᠳᠦ ᠱᠠᠲᠤᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠵᠠᠭ᠋ᠠᠯᠳᠤᠯᠭ᠎ᠠ ᠭᠠᠷᠭ᠋ᠠᠵᠤ ᠪᠣᠯᠤᠨ᠎ᠠ᠃
ᠵᠢᠷᠭᠤᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠭᠤᠴᠢᠨ ᠳᠥᠷᠪᠡᠳᠦᠭᠡᠷ ᠵᠦᠢ᠍ᠯ
ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠤᠬᠠᠢ ᠵᠢᠨ ᠬᠥᠮᠦᠨ ᠬᠤᠳᠠᠯ ᠬᠠᠭᠤᠷᠮᠠᠭ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠮᠡᠳᠡᠭᠡ ᠵᠠᠩᠭᠢ ᠬᠠᠩᠭ᠋ᠠᠭᠰᠠᠨ ᠪᠣᠯ᠂ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠰᠢᠢ᠍ᠳᠪᠦᠷᠢᠯᠡᠵᠦ᠂ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠠᠨ ᠴᠠᠭ ᠲᠤᠬᠠᠶ᠎ᠳᠤᠨᠢ ᠢᠯᠡ ᠪᠣᠯᠭ᠋ᠠᠬᠤ ᠬᠡᠷᠡᠭᠲᠡᠶ᠃ ᠶᠠᠯ᠎ᠠ ᠬᠢᠭᠰᠡᠨ ᠰᠡᠵᠢᠭᠯᠡᠯᠲᠡᠢ ᠪᠠᠶ᠋ᠢᠪᠠᠯ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠦᠨ᠎ᠡ᠃
ᠭᠤᠴᠢᠨ ᠲᠠᠪᠤᠳᠤᠭ᠋ᠠᠷ ᠵᠦᠢ᠍ᠯ
ᠡᠯ᠎ᠡ ᠱᠠᠲᠤᠨ᠎ᠤ ᠤᠯᠠᠨ ᠨᠡᠶ᠋ᠢᠲᠠ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠤᠯᠠᠨ ᠨᠡᠶ᠋ᠢᠲᠠ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠬᠠᠮᠢᠶᠠᠷᠤᠯᠲᠠ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠴᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠤᠨ ᠠᠵᠢᠯᠯᠠᠭᠤᠯᠵᠦ ᠦᠢ᠍ᠯᠡᠴᠢᠯᠡᠬᠦ ᠪᠠᠶ᠋ᠢᠭᠤᠯᠤᠮᠵᠢ ᠬᠢᠭᠡᠳ ᠲᠡᠭᠦᠨ᠎ᠤ ᠠᠵᠢᠯᠲᠠᠳ ᠤᠯᠠᠨ ᠨᠡᠶ᠋ᠢᠲᠠ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠤᠨ ᠨᠡᠶ᠋ᠢᠯᠡᠭᠦᠯᠬᠦ᠂ ᠢᠯᠡ ᠪᠣᠯᠭ᠋ᠠᠬᠤ᠂ ᠬᠡᠷᠡᠭᠯᠡᠬᠦ ᠵᠡᠷᠭᠡ ᠠᠵᠢᠯ᠎ᠤᠨ ᠶᠠᠪᠤᠴᠠ᠎ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ ᠬᠤᠪᠢ ᠵᠢᠨ ᠨᠠᠶ᠋ᠢᠷ ᠬᠠᠷᠠᠵᠤ ᠬᠠᠤᠯᠢ ᠶᠣᠰᠣ ᠵᠢ ᠵᠥᠷᠢᠴᠡᠭᠰᠡᠨ ᠪᠣᠯ᠂ ᠲᠡᠭᠦᠨ᠎ᠤ ᠪᠠᠶ᠋ᠢᠭ᠎ᠠ ᠨᠢᠭᠡᠴᠢ ᠪᠤᠶᠤ ᠳᠡᠭᠡᠳᠦ ᠱᠠᠲᠤᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠵᠢᠨ ᠬᠠᠮᠲᠤ᠂ ᠨᠡᠪᠲᠡᠷᠡᠭᠦᠯᠦᠨ ᠰᠢᠭᠦᠮᠵᠢᠯᠡᠨ᠎ᠡ᠃ ᠬᠠᠤᠯᠢ ᠴᠠᠭ᠋ᠠᠵᠠ ᠰᠠᠬᠢᠯᠭ᠎ᠠ ᠪᠠᠲᠤ᠎ᠠᠴᠠ ᠵᠥᠷᠢᠴᠡᠭᠰᠡᠨ ᠵᠶ᠋ᠠᠷ ᠰᠡᠵᠢᠭᠯᠡᠭᠳᠡᠭᠰᠡᠨ ᠪᠠᠶ᠋ᠢᠪᠠᠯ᠂ ᠬᠠᠤᠯᠢ ᠲᠣᠭᠲᠠᠭ᠋ᠠᠯ ᠶᠣᠰᠣᠭ᠋ᠠᠷ ᠬᠠᠮᠢᠶ᠎ᠠ ᠪᠥᠬᠦᠶ ᠬᠠᠷᠢᠭᠤᠴᠠᠯᠭ᠋ᠠᠲᠠᠨ᠎ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠶᠠᠯ᠎ᠠ ᠬᠢᠭᠰᠡᠨ ᠵᠶ᠋ᠠᠷ ᠰᠡᠵᠢᠭᠯᠡᠭᠳᠡᠭᠰᠡᠨ ᠪᠠᠶ᠋ᠢᠪᠠᠯ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠦᠨ᠎ᠡ᠃
ᠭᠤᠴᠢᠨ ᠵᠢᠷᠭᠤᠳᠤᠭ᠋ᠠᠷ ᠵᠦᠢ᠍ᠯ
ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠮᠡᠳᠡᠭᠡ ᠵᠠᠩᠭᠢ ᠵᠢ ᠨᠡᠶ᠋ᠢᠲᠡᠯᠡᠬᠦ᠂ ᠬᠠᠮᠠᠭ᠋ᠠᠯᠠᠬᠤ᠂ ᠬᠠᠮᠢᠶᠠᠷᠬᠤ ᠨᠢᠭᠡᠴᠢ ᠵᠢᠴᠢ ᠠᠵᠢᠯᠲᠠᠳ᠎ᠨᠢ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠪᠣᠯᠭ᠋ᠠᠵᠤ ᠬᠠᠮᠲᠤ᠎ᠳᠤ᠎ᠪᠠᠨ ᠬᠦᠷᠲᠡᠬᠦ ᠶᠠᠪᠤᠴᠠ᠎ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠬᠤᠪᠢ ᠵᠢᠨ ᠨᠠᠶ᠋ᠢᠷ ᠬᠠᠷᠠᠵᠤ ᠬᠠᠤᠯᠢ ᠶᠣᠰᠣ ᠵᠢ ᠵᠥᠷᠢᠴᠡᠭᠰᠡᠨ ᠪᠠᠶ᠋ᠢᠪᠠᠯ᠂ ᠲᠡᠭᠦᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠬᠤ ᠵᠢᠨ ᠬᠠᠮᠲᠤ᠂ ᠨᠡᠪᠲᠡᠷᠡᠭᠦᠯᠦᠨ ᠰᠢᠭᠦᠮᠵᠢᠯᠡᠬᠦ ᠬᠡᠷᠡᠭᠲᠡᠶ᠃ ᠬᠠᠤᠯᠢ ᠴᠠᠭ᠋ᠠᠵᠠ ᠰᠠᠬᠢᠯᠭ᠎ᠠ ᠪᠠᠲᠤ᠎ᠠᠴᠠ ᠵᠥᠷᠢᠴᠡᠭᠰᠡᠨ ᠵᠶ᠋ᠠᠷ ᠰᠡᠵᠢᠭᠯᠡᠭᠳᠡᠭᠰᠡᠨ ᠪᠠᠶ᠋ᠢᠪᠠᠯ᠂ ᠬᠠᠤᠯᠢ ᠲᠣᠭᠲᠠᠭ᠋ᠠᠯ ᠶᠣᠰᠣᠭ᠋ᠠᠷ ᠬᠠᠮᠢᠶ᠎ᠠ ᠪᠥᠬᠦᠶ ᠬᠠᠷᠢᠭᠤᠴᠠᠯᠭ᠋ᠠᠲᠠᠨ᠎ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠶᠠᠯ᠎ᠠ ᠬᠢᠭᠰᠡᠨ ᠵᠶ᠋ᠠᠷ ᠰᠡᠵᠢᠭᠯᠡᠭᠳᠡᠭᠰᠡᠨ ᠪᠠᠶ᠋ᠢᠪᠠᠯ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠦᠨ᠎ᠡ᠃
ᠭᠤᠴᠢᠨ ᠳᠣᠯᠣᠳᠤᠭ᠋ᠠᠷ ᠵᠦᠢ᠍ᠯ
ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠮᠡᠳᠡᠭᠡ ᠵᠠᠩᠭᠢ ᠵᠢ ᠳᠤᠷ᠎ᠠ᠎ᠪᠠᠷ ᠵᠶ᠋ᠠᠨ ᠬᠡᠷᠡᠭᠯᠡᠬᠦ ᠪᠤᠶᠤ ᠢᠯᠡ ᠪᠤᠯᠭ᠋ᠠᠨᠨᠰᠠᠨ ᠦᠬᠡᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠢᠲᠡᠭᠡᠮᠵᠢ ᠵᠢᠨ ᠮᠡᠳᠡᠭᠡ ᠵᠠᠩᠭᠢ ᠵᠢ ᠬᠠᠤᠯᠢ ᠪᠤᠰᠤ᠎ᠪᠠᠷ ᠭᠤᠷᠪᠠᠳᠠᠬᠢ ᠡᠲᠡᠭᠡᠳ᠎ᠲᠤ ᠬᠠᠩᠭ᠋ᠠᠭᠰᠠᠨ ᠪᠠᠶ᠋ᠢᠪᠠᠯ᠂ ᠲᠡᠭᠦᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠬᠤ ᠵᠢᠨ ᠬᠠᠮᠲᠤ᠂ ᠨᠡᠪᠲᠡᠷᠡᠭᠦᠯᠦᠨ ᠰᠢᠭᠦᠮᠵᠢᠯᠡᠬᠦ ᠬᠡᠷᠡᠭᠲᠡᠶ᠃ ᠬᠠᠤᠯᠢ ᠴᠠᠭ᠋ᠠᠵᠠ ᠰᠠᠬᠢᠯᠭ᠎ᠠ ᠪᠠᠲᠤ᠎ᠠᠴᠠ ᠵᠥᠷᠢᠴᠡᠭᠰᠡᠨ ᠵᠶ᠋ᠠᠷ ᠰᠡᠵᠢᠭᠯᠡᠭᠳᠡᠭᠰᠡᠨ ᠪᠠᠶ᠋ᠢᠪᠠᠯ᠂ ᠬᠠᠤᠯᠢ ᠲᠣᠭᠲᠠᠭ᠋ᠠᠯ ᠶᠣᠰᠣᠭ᠋ᠠᠷ ᠬᠠᠮᠢᠶ᠎ᠠ ᠪᠥᠬᠦᠶ ᠬᠠᠷᠢᠭᠤᠴᠠᠯᠭ᠋ᠠᠲᠠᠨ᠎ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠶᠠᠯ᠎ᠠ ᠬᠢᠭᠰᠡᠨ ᠵᠶ᠋ᠠᠷ ᠰᠡᠵᠢᠭᠯᠡᠭᠳᠡᠭᠰᠡᠨ ᠪᠠᠶ᠋ᠢᠪᠠᠯ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠦᠨ᠎ᠡ᠃
ᠭᠤᠴᠢᠨ ᠨᠠᠢ᠍ᠮᠠᠳᠤᠭ᠋ᠠᠷ ᠵᠦᠢ᠍ᠯ
ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠤᠨ ᠲᠣᠭᠲᠠᠯᠴᠠᠭ᠎ᠠ᠎ᠳᠤ ᠵᠠᠯᠭ᠋ᠠᠨ ᠣᠷᠤᠭᠤᠯᠤᠭᠰᠠᠨ ᠭᠤᠷᠪᠠᠳᠠᠬᠢ ᠡᠲᠡᠭᠡᠳ᠎ᠤᠨ ᠠᠷᠠᠯᠵᠢᠶᠡᠨ᠎ᠤ ᠰᠢᠰᠲ᠋ᠧᠮ᠎ᠨᠢ ᠲᠣᠰ ᠠᠷᠭ᠎ᠠ ᠵᠢᠨ ᠶᠣᠰᠣᠭ᠋ᠠᠷ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠡᠨ᠎ᠤ ᠲᠠᠪᠴᠠᠩ᠎ᠤᠨ ᠠᠵᠢᠯᠯᠠᠭᠤᠯᠵᠤ ᠦᠢ᠍ᠯᠡᠴᠢᠯᠡᠬᠦ ᠪᠠᠶ᠋ᠢᠭᠤᠯᠤᠮᠵᠢ᠎ᠲᠠᠢ ᠠᠳᠠᠯᠢᠬᠠᠨ ᠬᠠᠷᠢᠭᠤᠴᠠᠯᠭ᠎ᠠ ᠪᠠ ᠡᠭᠦᠷᠭᠡ ᠵᠢ ᠡᠭᠦᠷᠭᠡᠯᠡᠨ᠎ᠡ᠃
ᠭᠤᠴᠢ ᠶᠢᠰᠦᠳᠦᠭᠡᠷ ᠵᠦᠢ᠍ᠯ
ᠲᠣᠰ ᠠᠷᠭ᠎ᠠ ᠵᠢ 2021 ᠣᠨ᠎ᠤ 2 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃