ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
《ᠰᠤᠭᠲᠤᠭᠤᠷᠠᠮ᠎ᠠ ᠰᠠᠢ᠌ᠬᠠᠨ ᠲᠠᠯ᠎ᠠ ᠨᠤᠲᠤᠭ ᠦᠵᠡᠰᠬᠦᠯᠡᠩᠲᠦ ᠰᠠᠢ᠌ᠬᠠᠨ ᠤᠮᠠᠷᠠᠲᠤ ᠬᠢᠵᠠᠭ᠋ᠠᠷ》 ᠪᠦᠬᠦ ᠣᠷᠣᠨ᠎ᠤ ᠭᠡᠷᠡᠯ ᠵᠢᠷᠤᠭ᠎ᠤᠨ ᠪᠦᠲᠦᠭᠡᠯ᠎ᠤᠨ ᠦᠵᠡᠰᠬᠦᠯᠡᠩ᠎ᠤᠨ ᠱᠠᠩᠨᠠᠯ ᠬᠦᠷᠲᠡᠭᠰᠡᠳ᠎ᠤᠨ ᠨᠡᠷᠡᠰ᠎ᠤᠨ ᠵᠠᠷᠯᠠᠯ
ᠨᠡᠶᠢᠲᠡᠯᠡᠭᠰᠡᠨ ᠴᠠᠭ᠄ 2024-12-25

      ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠤᠮᠠᠷᠠᠲᠤ ᠬᠢᠵᠠᠭ᠋ᠠᠷ᠎ᠤᠨ ᠰᠣᠶᠣᠯ》᠎ᠤᠨ ᠨᠠᠷᠠᠲᠤ ᠲᠡᠮᠳᠡᠭᠲᠦ ᠵᠢ ᠪᠣᠶ ᠪᠣᠯᠭ᠋ᠠᠵᠤ᠂ ᠬᠡᠷᠡᠯ ᠵᠢᠷᠤᠭ᠎ᠤᠨ ᠤᠷᠠᠯᠢᠭᠴᠢᠳ᠎ᠤᠨ ᠠᠮᠢᠳᠤᠷᠠᠯ᠎ᠳᠤ ᠭᠦᠨᠵᠡᠭᠡᠢ᠌ᠷᠡᠨ᠂ ᠠᠷᠠᠳ ᠲᠦᠮᠡᠨ᠎ᠤ ᠳᠤᠮᠳᠠ ᠦᠨᠳᠦᠰᠦᠯᠡᠭᠰᠡᠨ ᠰᠢᠯᠢᠳᠡᠭ ᠤᠯᠠᠮᠵᠢᠯᠠᠯ ᠪᠠ ᠦᠢ᠍ᠯᠡᠳᠦᠯᠭᠡ ᠵᠢᠨ ᠦᠷ᠎ᠡ ᠪᠦᠲᠦᠭᠡᠯ᠎ᠢ ᠠᠮᠢᠳᠤᠯᠢᠭ ᠵᠶ᠋ᠠᠷ ᠢᠯᠡᠷᠡᠭᠦᠯᠵᠦ᠂ ᠪᠥᠬᠥ ᠠᠷᠠᠳ᠎ᠤᠨ ᠤᠷᠠᠯᠢᠭ᠎ᠤᠨ ᠲᠦᠭᠡᠮᠡᠯᠵᠢᠯᠲᠡ ᠵᠢ ᠠᠬᠢᠭᠤᠯᠤᠨ᠂ ᠣᠯᠠᠨ ᠲᠦᠮᠡᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠎ᠤ ᠳᠠᠭ᠋ᠠᠭ᠋ᠠᠴᠢᠯᠠᠨ ᠡᠷᠭᠢᠯᠡᠭᠰᠡᠨ 《ᠰᠤᠭᠲᠤᠭᠤᠷᠠᠮ᠎ᠠ ᠰᠠᠢ᠌ᠬᠠᠨ ᠲᠠᠯ᠎ᠠ ᠨᠤᠲᠤᠭ   ᠦᠵᠡᠰᠬᠦᠯᠡᠩᠲᠦ ᠰᠠᠢ᠌ᠬᠠᠨ ᠤᠮᠠᠷᠠᠲᠤ ᠬᠢᠵᠠᠭ᠋ᠠᠷ》 ᠪᠥᠬᠥ ᠣᠷᠣᠨ᠎ᠤ ᠬᠡᠷᠡᠯ ᠵᠢᠷᠤᠭ᠎ᠤᠨ ᠪᠦᠲᠦᠭᠡᠯ᠎ᠤᠨ ᠦᠵᠡᠰᠬᠦᠯᠡᠩ 2024 ᠣᠨ᠎ᠤ 12   ᠳ᠋ᠤᠭ᠋ᠠᠷ ᠰᠠᠷ᠎ᠠ᠎ᠳᠤ ᠬᠥᠬᠡᠬᠣᠲᠠ᠎ᠳᠤ ᠶᠠᠪᠤᠭᠳᠠᠪᠠ᠃
      ᠲᠣᠰ ᠤᠳᠠᠭ᠋ᠠᠨ᠎ᠤ ᠦᠵᠡᠰᠬᠦᠯᠡᠩ᠎ᠳᠤ ᠮᠠᠨ᠎ᠤ ᠣᠷᠣᠨ᠎ᠤ ᠡᠯ᠎ᠡ ᠠᠢ᠌ᠮᠠᠭ ᠬᠣᠲᠠ ᠵᠢᠨ ᠮᠡᠳᠡᠬᠦᠯᠦᠭᠰᠡᠨ 3289 ᠪᠦᠲᠦᠭᠡᠯ᠎ᠢ ᠬᠣᠷᠢᠶᠠᠨ ᠣᠯᠵᠠᠢ᠃ ᠰᠢᠯᠭ᠋ᠠᠷᠠᠭᠤᠯᠬᠤ ᠺᠣᠮᠢᠰ᠎ᠤᠨ ᠲᠤᠰᠬᠠᠢ ᠮᠡᠷᠭᠡᠵᠢᠯᠲᠡᠨ᠎ᠤ ᠰᠢᠯᠭ᠋ᠠᠷᠠᠭᠤᠯᠤᠯᠲᠠ᠎ᠪᠠᠷ ᠳᠡᠮᠵᠢᠨ᠂ 18 ᠪᠦᠲᠦᠭᠡᠯ᠎ᠨᠢ ᠠᠯᠲᠠᠨ ᠮᠧᠳᠠᠯ᠂ ᠮᠥᠩᠭᠥᠨ ᠮᠧᠳᠠᠯ᠂ ᠬᠦᠷᠡᠯ ᠮᠧᠳᠠᠯ ᠤᠯᠵᠠᠢ᠃   ᠲᠤᠰ ᠲᠤᠰ 3 ᠠᠯᠲᠠᠨ ᠮᠧᠳᠠᠯ᠂ 5 ᠮᠥᠩᠭᠥᠨ ᠮᠧᠳᠠᠯ᠂ 10 ᠬᠦᠷᠡᠯ ᠮᠧᠳᠠᠯ ᠪᠤᠯᠤᠨ᠎ᠠ᠃   ᠵᠠᠷᠯᠠᠨ ᠨᠡᠢ᠌ᠲᠡᠯᠡᠬᠦ ᠬᠤᠭᠤᠴᠠᠭ᠎ᠠ᠎ᠨᠢ 12 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ 12 ᠳ᠋ᠤᠭ᠋ᠠᠷ ᠰᠠᠷ᠎ᠠ ᠵᠢᠨ 26᠎ᠤ ᠡᠳᠦᠷ (5 ᠠᠵᠢᠯᠯᠠᠬᠤ ᠡᠳᠦᠷ) ᠪᠣᠯᠣᠨ᠎ᠠ᠂ ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ ᠶᠠᠮᠠᠷᠪᠠ ᠨᠢᠭᠡᠴᠢ ᠪᠠ ᠬᠤᠪᠢ ᠬᠥᠮᠥᠨ ᠵᠠᠷᠯᠠᠨ ᠨᠡᠢ᠌ᠲᠡᠯᠡᠭᠰᠡᠨ ᠦᠷ᠎ᠡ ᠳ᠋ᠦᠩ᠎ᠳᠤ ᠣᠨᠳᠣᠣ ᠰᠠᠨᠠᠯ᠎ᠲᠠᠢ ᠪᠤᠯ ᠤᠲᠠᠰᠤ ᠢᠷᠡᠭᠦᠯᠵᠦ ᠬᠠᠷᠢᠭᠤ ᠲᠤᠰᠬᠠᠯ ᠵᠶ᠋ᠠᠨ ᠮᠡᠳᠡᠭᠳᠡᠭᠡᠷᠡᠢ᠃

      ᠬᠠᠷᠢᠯᠴᠠᠬᠤ ᠬᠥᠮᠥᠨ ᠵᠢᠴᠢ ᠤᠲᠠᠰᠤ᠄ ᠶᠠᠨ ᠯᠢ ᠰᠢᠶᠠ   0471-6912799
ᠡᠭᠦᠨ᠎ᠤ ᠲᠤᠯᠠ ᠣᠨᠴᠠᠭ᠋ᠠᠢ᠌ᠯᠠᠨ ᠵᠠᠷᠯᠠᠪᠠ᠃

      ᠳᠠᠭ᠋ᠠᠯᠳᠤᠭᠤᠯᠤᠯ᠄ 《ᠰᠤᠭᠲᠤᠭᠤᠷᠠᠮ᠎ᠠ ᠰᠠᠢ᠌ᠬᠠᠨ ᠲᠠᠯ᠎ᠠ ᠨᠤᠲᠤᠭ   ᠦᠵᠡᠰᠬᠦᠯᠡᠩᠲᠦ ᠰᠠᠢ᠌ᠬᠠᠨ ᠤᠮᠠᠷᠠᠲᠤ ᠬᠢᠵᠠᠭ᠋ᠠᠷ》 ᠪᠥᠬᠥ ᠣᠷᠣᠨ᠎ᠤ ᠬᠡᠷᠡᠯ ᠵᠢᠷᠤᠭ᠎ᠤᠨ ᠪᠦᠲᠦᠭᠡᠯ᠎ᠤᠨ ᠦᠵᠡᠰᠬᠦᠯᠡᠩ᠎ᠤᠨ ᠱᠠᠩᠨᠠᠯ ᠬᠦᠷᠲᠡᠭᠰᠡᠳ᠎ᠤᠨ ᠨᠡᠷᠡᠰ (ᠨᠠᠷᠢᠨ ᠪᠠᠢ᠌ᠳᠠᠯ ᠎ᠢ ᠥᠪᠥᠷ ᠮᠤᠩᠭᠤᠯ ᠎ᠤᠨ ᠥᠪᠡᠷᠲᠡᠭᠡᠨ ᠵᠠᠰᠠᠬᠤ ᠤᠷᠤᠨ ᠎ᠤ ᠰᠤᠶᠤᠯ ᠪᠠ ᠵᠢᠭᠤᠯᠴᠢᠯᠠᠯ ᠎ᠤᠨ ᠲᠢᠩᠬᠢᠮ ᠎ᠤᠨ ᠬᠢᠲᠠᠳ ᠬᠡᠯᠡᠨ ᠎ᠤ ᠰᠦᠯᠵᠢᠶᠡᠨ᠎ᠠᠴᠠ ᠤᠢ᠌ᠯᠠᠭ᠋ᠠᠷᠠᠢ)

                      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ ᠎ᠤᠨ ᠲᠢᠩᠬᠢᠮ
                     2024 ᠣᠨ᠎ᠤ 12 ᠳ᠋ᠤᠭ᠋ᠠᠷ ᠰᠠᠷ᠎ᠠ ᠵᠢᠨ 20᠎ᠤ   ᠡᠳᠦᠷ


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠣᠯᠠᠨ ᠨᠡᠶ᠋ᠢᠲᠡ ᠵᠢᠨ ᠦᠢ᠍ᠯᠡᠴᠢᠯᠡᠬᠡᠨ
          
ᠬᠠᠮᠢᠶ᠎ᠡ ᠪᠦᠬᠦᠢ ᠰᠣᠨᠢᠨ
2024 — 2025 ᠪᠥᠬᠥ ᠣᠷᠣᠨ᠎ᠤ ᠮᠥᠰᠥ ᠴᠠᠰᠤᠨ᠎ᠤ ᠤᠷᠤᠯᠳᠤᠭ᠋ᠠᠨ᠎ᠤ ᠠᠵᠢᠯᠯᠠᠭ᠋ᠠᠨ᠎ᠤ ᠭᠠᠷᠴᠠᠭ᠎ᠢ ᠨᠡᠢ᠌ᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠯᠪᠠᠨ ᠵᠠᠷ
ᠮᠠᠨ᠎ᠤ ᠣᠷᠣᠨ ᠭᠡᠷ᠎ᠤᠨ ᠬᠠᠭᠤᠴᠢᠨ ᠴᠠᠬᠢᠯᠭ᠋ᠠᠨ ᠬᠡᠷᠡᠭᠰᠡᠯ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢ ᠢᠳᠡᠪᠬᠢᠲᠡᠢ ᠨᠡᠶ᠋ᠢᠲᠡᠯᠡᠪᠡ
ᠡᠳ᠋᠎ᠤᠨ ᠵᠠᠰᠠᠭ᠎ᠤᠨ ᠲᠢᠩᠬᠢᠮ 《ᠭᠤᠷᠪᠠᠨ ᠪᠠᠷᠢᠮᠲᠠᠯᠠᠯ》 ᠵᠶ᠋ᠠᠷ ᠲᠡᠭ ᠰᠠᠭᠤᠷᠢᠨ ᠲᠥᠰᠦᠪ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠬᠤ ᠪᠣᠯᠣᠨ᠎ᠠ
ᠥᠪᠥᠷ ᠵᠠᠰᠠᠭ ᠠᠯᠪᠠᠨ ᠥᠰᠥᠭ [2021] 45 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠢ ᠬᠦᠴᠦᠨ ᠦᠭᠡᠢ ᠪᠣᠯᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
《ᠬᠦᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ)》᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
 
            