ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ 5 ᠰᠠᠯᠠᠭ᠎ᠠ ᠮᠥᠴᠢᠷ 《ᠪᠥᠬᠦ ᠣᠷᠣᠨ᠎ᠤ ᠭᠡᠷ᠎ᠤᠨ ᠬᠠᠭᠤᠴᠢᠨ ᠴᠠᠬᠢᠯᠭ᠋ᠠᠨ ᠬᠡᠷᠡᠭᠰᠡᠯ ᠵᠶ᠋ᠠᠷ ᠰᠢᠨ᠎ᠡ ᠵᠢ ᠰᠣᠯᠢᠬᠤ ᠨᠡᠮᠡᠭᠦᠷᠢ ᠵᠢᠨ ᠠᠵᠢᠯ᠎ᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ》᠎ᠢ ᠨᠡᠶ᠋ᠢᠲᠡᠯᠡᠪᠡ᠃ ᠨᠡᠮᠡᠭᠦᠷᠢ ᠵᠢᠨ ᠵᠦᠢ᠍ᠯ᠎ᠤᠨ ᠲᠠᠯ᠎ᠠ᠎ᠪᠠᠷ᠂ ᠬᠡᠷᠡᠭᠯᠡᠭᠴᠢ ᠬᠤᠪᠢ ᠬᠥᠮᠦᠨ ᠲᠧᠯᠸᠢᠰ᠂ ᠠᠭ᠋ᠠᠷ ᠲᠣᠬᠢᠷᠠᠭᠤᠯᠤᠭᠴᠢ᠂ ᠤᠲᠤᠭ᠎ᠠ ᠰᠣᠷᠣᠬᠤ ᠮᠠᠰᠢᠨ ᠵᠡᠷᠭᠡ 15 ᠲᠥᠷᠥᠯ᠎ᠤᠨ ᠦᠢ᠍ᠯᠡᠳᠬᠦᠨ ᠬᠤᠳᠠᠯᠳᠤᠨ ᠠᠪᠬᠤ᠎ᠳᠤᠨᠢ ᠨᠡᠮᠡᠭᠦᠷᠢ ᠣᠯᠭᠤᠨ᠎ᠠ᠃ ᠨᠥᠬᠦᠴᠡᠯ᠎ᠲᠠᠢ ᠠᠶ᠋ᠢᠮᠠᠭ ᠬᠤᠲᠠ ᠵᠢᠨ᠎ᠬᠢᠨ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠪᠠᠭᠤᠳᠠᠯ᠎ᠤᠨ ᠲᠧᠯᠸᠢᠰ᠎ᠤᠨ ᠦᠵᠦᠭᠦᠷ᠎ᠢ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢᠨ ᠨᠡᠮᠡᠭᠦᠷᠢ ᠣᠯᠭᠤᠬᠤ ᠬᠡᠪᠴᠢᠶᠡᠨ᠎ᠳᠤ ᠣᠷᠣᠭᠤᠯᠬᠤ ᠵᠢ ᠵᠣᠷᠢᠭᠵᠢᠭᠤᠯᠬᠤ ᠬᠡᠷᠡᠭᠲᠡᠶ᠃ ᠨᠡᠮᠡᠭᠦᠷᠢ ᠣᠯᠭᠤᠬᠤ ᠪᠠᠷᠢᠮᠵᠢᠶ᠎ᠠ ᠵᠢᠨ ᠲᠠᠯ᠎ᠠ᠎ᠪᠠᠷ᠂ ᠬᠡᠷᠡᠭᠯᠡᠭᠴᠢ ᠬᠤᠪᠢ ᠬᠥᠮᠦᠨ ᠬᠤᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠡᠨᠧᠷᠭᠢ ᠵᠢᠨ ᠠᠰᠢᠭᠯᠠᠮᠵᠢ ᠪᠤᠶᠤ ᠤᠰᠤᠨ᠎ᠤ ᠠᠰᠢᠭᠯᠠᠮᠵᠢ ᠵᠢᠨ ᠪᠠᠷᠢᠮᠵᠢᠶ᠎ᠠ᠎ᠲᠠᠢ ᠬᠡᠷ᠎ᠤᠨ ᠴᠠᠬᠢᠯᠭ᠋ᠠᠨ ᠬᠡᠷᠡᠭᠰᠡᠯ᠎ᠤᠨ ᠦᠢ᠍ᠯᠡᠳᠭᠦᠨ᠎ᠢ ᠬᠤᠳᠠᠯᠳᠤᠨ ᠠᠪᠤᠪᠠᠯ᠂ ᠨᠡᠮᠡᠭᠦᠷᠢ ᠣᠯᠭᠤᠬᠤ ᠪᠠᠷᠢᠮᠵᠢᠶ᠎ᠠ᠎ᠨᠢ ᠦᠢ᠍ᠯᠡᠳᠬᠦᠨ᠎ᠤ ᠬᠠᠮᠤᠭ ᠡᠴᠦᠰ᠎ᠤᠨ ᠪᠤᠷᠤᠯᠠᠭᠤᠯᠤᠭᠰᠠᠨ ᠦᠨ᠎ᠡ ᠬᠠᠩᠰᠢ ᠵᠢᠨ 15%᠂ ᠨᠢᠭᠡᠳᠦᠭᠡᠷ ᠳᠡᠰ ᠵᠢᠴᠢ ᠲᠡᠭᠦᠨ᠎ᠠᠴᠠ ᠳᠡᠭᠡᠭᠰᠢᠬᠢ ᠡᠨᠧᠷᠭᠢ ᠵᠢᠨ ᠠᠰᠢᠭᠯᠠᠮᠵᠢ ᠪᠤᠶᠤ ᠤᠰᠤᠨ᠎ᠤ ᠠᠰᠢᠭᠯᠠᠮᠵᠢ ᠵᠢᠨ ᠪᠠᠷᠢᠮᠵᠢᠶ᠎ᠠ ᠪᠠ ᠬᠡᠷ᠎ᠤᠨ ᠴᠠᠬᠢᠯᠭ᠋ᠠᠨ ᠬᠡᠷᠡᠭᠰᠡᠯ᠎ᠤᠨ ᠦᠢ᠍ᠯᠡᠳᠭᠦᠨ᠎ᠢ ᠬᠤᠳᠠᠯᠳᠤᠨ ᠠᠪᠤᠪᠠᠯ᠂ ᠦᠢ᠍ᠯᠡᠳᠭᠦᠨ᠎ᠤ ᠬᠠᠮᠤᠭ ᠡᠴᠦᠰ᠎ᠤᠨ ᠪᠣᠷᠣᠯᠠᠭᠤᠯᠬᠤ ᠦᠨ᠎ᠡ ᠬᠠᠩᠰᠢ ᠵᠢᠨ 5%᠎ᠪᠠᠷ ᠢᠯᠡᠭᠦᠴᠡ ᠨᠡᠮᠡᠭᠦᠷᠢ ᠣᠯᠭᠤᠨ᠎ᠠ᠃ ᠬᠡᠷᠡᠭᠯᠡᠭᠴᠢᠳ ᠨᠢᠭᠡᠪᠦᠷᠢ ᠵᠢᠨ ᠨᠢᠭᠡ ᠲᠦᠷᠦᠯ᠎ᠤᠨ ᠦᠢ᠍ᠯᠡᠳᠭᠦᠨ᠎ᠤ ᠨᠢᠭᠡᠳᠤᠨᠢ ᠨᠡᠮᠡᠭᠦᠷᠢ ᠣᠯᠭᠤᠵᠦ᠂ ᠵᠦᠢ᠍ᠯ ᠪᠦᠷᠢ ᠵᠢᠨ ᠨᠡᠮᠡᠭᠦᠷᠢ᠎ᠨᠢ 2000 ᠲᠥᠭᠦᠷᠢᠭ᠎ᠠᠴᠠ ᠳᠠᠪᠠᠭᠤᠯᠬᠤ ᠥᠬᠡᠶ᠂ ᠨᠡᠮᠡᠭᠦᠷᠢ ᠣᠯᠭᠤᠬᠤ ᠬᠤᠭᠤᠴᠠᠭ᠎ᠠ ᠵᠢ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃ (ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ)