ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
《ᠬᠦᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ)》᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
ᠨᠡᠶᠢᠲᠡᠯᠡᠭᠰᠡᠨ ᠴᠠᠭ᠄ 2024-10-24


    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
    ᠥᠪᠥᠷ ᠵᠠᠰᠠᠭ ᠦᠰᠦᠭ [2024] 175 ᠳ᠋ᠤᠭ᠋ᠠᠷ ᠲᠣᠭ᠋ᠠᠲᠤ
   《ᠬᠦᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ)》᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
    ᠬᠦᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ᠄
    ᠲᠠᠨ᠎ᠤ ᠬᠤᠲᠠ ᠵᠢᠨ 《ᠬᠦᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ)᠎ᠢ ᠵᠥᠪᠰᠢᠶᠡᠷᠡᠭᠦᠯᠬᠦ ᠲᠤᠬᠠᠢ ᠡᠰᠢᠯᠡᠯᠲᠡ》 (ᠬᠦᠬᠡᠬᠤᠲᠠ ᠵᠠᠰᠠᠭ ᠲᠠᠷᠬᠠᠭ᠋ᠠᠭᠰᠠᠨ [2024] 203 ᠳ᠋ᠤᠭ᠋ᠠᠷ ᠲᠣᠭ᠋ᠠᠲᠤ) ᠵᠢ ᠬᠦᠯᠢᠶᠡᠨ ᠠᠪᠴᠤ ᠣᠶ᠋ᠢᠯᠠᠭ᠋ᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄
    ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠨᠤᠲᠠᠯᠠᠭᠤᠯᠬᠤ ᠪᠠ ᠬᠢᠨᠠᠨ ᠪᠠᠶ᠋ᠢᠴᠠᠭ᠋ᠠᠯᠭ᠋ᠠᠭ᠋ᠠᠳ᠂ 《ᠬᠦᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ)》᠎ᠨᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》 ᠪᠠ 《〈ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》 (ᠪᠠᠶ᠋ᠢᠭ᠋ᠠᠯᠢ ᠡᠬᠢ ᠪᠠᠶᠠᠯᠢᠭ ᠲᠣᠭᠲᠠᠭ᠋ᠠᠯ [2023] 7 ᠳ᠋ᠤᠭ᠋ᠠᠷ ᠲᠣᠭ᠋ᠠᠲᠤ) ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠵᠢ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠎ᠤᠨ ᠬᠤᠯᠪᠣᠭᠳᠠᠯ ᠪᠦᠬᠦᠢ ᠲᠣᠭᠲᠠᠭ᠋ᠠᠯ ᠪᠠ ᠱᠠᠭ᠋ᠠᠷᠳᠠᠯᠭ᠎ᠠ᠎ᠳᠤ ᠨᠡᠶ᠋ᠢᠴᠡᠵᠦ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠠᠮᠢᠶᠠᠷᠤᠨ ᠡᠵᠡᠮᠳᠡᠬᠦ ᠳᠦᠷᠢᠮ᠎ᠳᠤ ᠨᠡᠶ᠋ᠢᠴᠡᠬᠦ ᠪᠣᠯᠬᠤᠷ᠂ 《ᠬᠦᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ)》᠎ᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠂ ᠡᠯ᠎ᠡ ᠵᠦᠢ᠍ᠯ᠎ᠤᠨ ᠠᠵᠢᠯ ᠵᠶ᠋ᠠᠨ ᠬᠠᠤᠯᠢ ᠲᠣᠭᠲᠠᠭ᠋ᠠᠯ ᠶᠣᠰᠣᠭ᠋ᠠᠷ ᠰᠠᠶ᠋ᠢᠲᠤᠷ ᠬᠢᠲᠦᠭᠡᠢ᠃
   2024 ᠣᠨ᠎ᠤ 9 ᠳ᠋ᠦ᠍ᠭᠡᠷ ᠰᠠᠷ᠎ᠠ ᠵᠢᠨ 12᠎ᠤᠨ ᠡᠳᠦᠷ
   (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠵᠠᠰᠠᠭ ᠲᠠᠷᠬᠠᠭ᠋ᠠᠭᠰᠠᠨ [2014] 65 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠲᠤᠰᠬᠠᠶ ᠮᠡᠷᠭᠡᠵᠢᠯᠲᠡᠨ᠎ᠢ ᠡᠯᠰᠡᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《ᠪᠦᠬᠦ ᠣᠷᠣᠨ᠎ᠤ ᠮᠣᠩᠭᠣᠯ ᠦᠨᠳᠦᠰᠦᠲᠡᠨ᠎ᠤ ᠬᠠᠳᠬᠤᠮᠠᠯ᠎ᠤᠨ ᠤᠷᠤᠯᠳᠤᠭ᠋ᠠᠨ》᠎ᠢ ᠥᠷᠨᠢᠭᠦᠯᠬᠦ ᠲᠤᠬᠠᠶ ᠮᠡᠳᠡᠭᠳᠡᠯ
ᠮᠠᠨ᠎ᠤ ᠣᠷᠣᠨ᠎ᠤ ᠪᠦᠬᠦ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠣᠰᠬᠣᠨ᠎ᠤ ᠨᠡᠷᠡᠰ᠎ᠤᠨ ᠵᠢᠭᠰᠠᠭ᠋ᠠᠯᠲᠠ ᠵᠢ ᠮᠡᠳᠡᠭᠦᠯᠬᠦ ᠲᠤᠬᠠᠶ ᠵᠠᠷᠯᠠᠯ
2019 ᠣᠨ᠎ᠤ ᠪᠦᠬᠦ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠲᠤᠬᠠᠶ ᠰᠣᠶᠣᠯ ᠪᠠ ᠵᠢᠭᠤᠯᠴᠢᠯᠠᠯ᠎ᠤᠨ ᠬᠡᠯᠲᠡᠰ᠎ᠤᠨ ᠠᠯᠪᠠᠨ ᠲᠢᠩᠬᠢᠮ᠎ᠤᠨ ᠮᠡᠳᠡᠭᠳᠡᠯ
 
            