ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠵᠠᠰᠠᠭ ᠲᠠᠷᠬᠠᠭ᠋ᠠᠭᠰᠠᠨ [2014] 65 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶᠢᠲᠡᠯᠡᠭᠰᠡᠨ ᠴᠠᠭ᠄ 2024-10-30


    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
    ᠥᠪᠥᠷ ᠵᠠᠰᠠᠭ ᠦᠰᠦᠭ [2024] 179 ᠳ᠋ᠦ᠍ᠭᠡᠷ ᠲᠣᠭ᠋ᠠᠲᠤ
    ᠥᠪᠥᠷ ᠵᠠᠰᠠᠭ ᠲᠠᠷᠬᠠᠭ᠋ᠠᠭᠰᠠᠨ [2014] 65 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
    ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
   《ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠳᠦᠷᠢᠮ》 (ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ 586 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠪᠣᠯᠣᠭᠰᠠᠨ ᠭᠡᠮᠲᠦᠯ᠎ᠤᠨ ᠳᠠᠭ᠋ᠠᠳᠬᠠᠯ᠎ᠤᠨ ᠳᠦᠷᠢᠮ᠎ᠤᠨ ᠬᠡᠷᠡᠭᠵᠢᠭᠦᠯᠬᠦ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2014] 65 ᠳ᠋ᠤᠭ᠋ᠠᠷ ᠲᠣᠭ᠋ᠠᠲᠤ᠂ ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠤᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠤᠭᠤᠯᠬᠤ᠎ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠃
    ᠨᠢᠭᠡ᠂ 《ᠮᠡᠳᠡᠭᠳᠡᠯ》᠎ᠤᠨ ᠠᠷᠪᠠᠨ ᠭᠤᠷᠪᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠲᠠᠬᠢ 《ᠠᠵᠢᠯᠲᠠᠨ ᠠᠵᠢᠯᠴᠢᠨ ᠠᠳᠡᠯ ᠭᠠᠷᠤᠭᠰᠠᠨ᠎ᠠᠴᠠ ᠪᠣᠯᠵᠤ ᠭᠡᠮᠲᠦᠭᠰᠡᠨ ᠪᠤᠶᠤ ᠠᠵᠢᠯ᠎ᠤᠨ ᠨᠥᠯᠥᠭᠡᠨ᠎ᠤ ᠡᠪᠡᠳᠴᠢᠨ᠎ᠤ ᠬᠥᠨᠥᠭᠡᠯ᠎ᠳᠤ ᠤᠴᠠᠷᠠᠭᠰᠠᠨ᠎ᠤ ᠬᠠᠮᠲᠤ ᠠᠵᠢᠯ᠎ᠤᠨ ᠨᠥᠯᠥᠭᠡᠨ᠎ᠤ ᠡᠪᠡᠳᠴᠢᠨ᠎ᠢ ᠰᠡᠷᠭᠡᠶ᠋ᠢᠯᠡᠨ ᠵᠠᠰᠠᠬᠤ ᠬᠠᠤᠯᠢ ᠵᠢᠨ ᠲᠣᠭᠲᠠᠭ᠋ᠠᠯ ᠶᠣᠰᠣᠭ᠋ᠠᠷ ᠠᠵᠢᠯ᠎ᠤᠨ ᠨᠥᠯᠥᠭᠡᠨ᠎ᠤ ᠡᠪᠡᠳᠴᠢᠨ ᠵᠶ᠋ᠠᠷ ᠤᠨᠤᠰᠢᠯᠠᠭᠤᠯᠵᠤ᠂ ᠬᠢᠨᠠᠨ ᠲᠣᠭᠲᠠᠭ᠋ᠠᠯᠭ᠋ᠠᠭᠰᠠᠨ᠎ᠢ᠎ᠨᠢ ᠪᠠᠶ᠋ᠢᠭ᠎ᠠ ᠨᠢᠭᠡᠴᠢ᠎ᠨᠢ ᠠᠳᠡᠯ᠎ᠳᠤ ᠭᠡᠮᠲᠦᠭᠰᠡᠨ ᠡᠳᠦᠷ᠎ᠠᠴᠠ ᠪᠤᠶᠤ ᠠᠵᠢᠯ᠎ᠤᠨ ᠨᠥᠯᠥᠭᠡᠨ᠎ᠤ ᠡᠪᠡᠳᠴᠢᠨ ᠵᠶ᠋ᠠᠷ ᠣᠨᠣᠰᠢᠯᠠᠭᠤᠯᠤᠭᠰᠠᠨ᠂ ᠬᠢᠨᠠᠨ ᠲᠣᠭᠲᠠᠭ᠋ᠠᠯᠭ᠋ᠠᠭᠰᠠᠨ ᠡᠳᠦᠷ᠎ᠠᠴᠠ ᠡᠬᠢᠯᠡᠨ 30 ᠠᠵᠢᠯᠯᠠᠬᠤ ᠡᠳᠦᠷ᠎ᠤᠨ ᠳᠣᠲᠣᠷ᠎ᠠ᠂ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠪᠤᠶᠤ ᠬᠠᠷᠢᠶᠠᠯᠠᠨ ᠬᠠᠮᠢᠶᠠᠷᠬᠤ ᠡᠷᠬᠡ᠎ᠲᠠᠢ ᠨᠡᠶ᠋ᠢᠭᠡᠮ᠎ᠤᠨ ᠳᠠᠭ᠋ᠠᠳᠬᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠠᠵᠢᠯ᠎ᠠᠴᠠ ᠪᠣᠯᠣᠭᠰᠠᠨ ᠭᠡᠮᠲᠦᠯ᠎ᠢ ᠦᠨᠡᠮᠰᠢᠭᠦᠯᠦᠨ ᠲᠣᠭᠲᠠᠭ᠋ᠠᠯᠭ᠋ᠠᠬᠤ ᠭᠤᠶᠤᠴᠢᠯᠠᠯ ᠵᠶ᠋ᠠᠨ ᠳᠤᠷᠠᠳᠤᠨ᠎ᠠ》 ᠭᠡᠳᠡᠭ᠎ᠢ 《ᠠᠵᠢᠯᠲᠠᠨ ᠠᠵᠢᠯᠴᠢᠨ ᠠᠳᠡᠯ᠎ᠳᠤ ᠭᠡᠮᠲᠦᠭᠰᠡᠨ ᠪᠤᠶᠤ ᠠᠵᠢᠯ᠎ᠤᠨ ᠨᠥᠯᠥᠭᠡᠨ᠎ᠤ ᠡᠪᠡᠳᠴᠢᠨ᠎ᠤ ᠬᠥᠨᠥᠭᠡᠯ᠎ᠳᠤ ᠤᠴᠠᠷᠠᠭᠰᠠᠨ᠎ᠤ ᠬᠠᠮᠲᠤ ᠠᠵᠢᠯ᠎ᠤᠨ ᠨᠥᠯᠥᠭᠡᠨ᠎ᠤ ᠡᠪᠡᠳᠴᠢᠨ᠎ᠢ ᠰᠡᠷᠭᠡᠶ᠋ᠢᠯᠡᠨ ᠵᠠᠰᠠᠬᠤ ᠬᠠᠤᠯᠢ ᠵᠢᠨ ᠲᠣᠭᠲᠠᠭ᠋ᠠᠯ ᠶᠣᠰᠣᠭ᠋ᠠᠷ ᠠᠵᠢᠯ᠎ᠤᠨ ᠨᠥᠯᠥᠭᠡᠨ᠎ᠤ ᠡᠪᠡᠳᠴᠢᠨ ᠵᠶ᠋ᠠᠷ ᠤᠨᠤᠰᠢᠯᠠᠭᠤᠯᠵᠤ᠂ ᠬᠢᠨᠠᠨ ᠲᠣᠭᠲᠠᠭ᠋ᠠᠯᠭ᠋ᠠᠭᠰᠠᠨ᠎ᠢ᠎ᠨᠢ ᠪᠠᠶ᠋ᠢᠭ᠎ᠠ ᠨᠢᠭᠡᠴᠢ᠎ᠨᠢ ᠠᠳᠡᠯ᠎ᠳᠤ ᠭᠡᠮᠲᠦᠭᠰᠡᠨ ᠡᠳᠦᠷ᠎ᠠᠴᠠ ᠪᠤᠶᠤ ᠠᠵᠢᠯ᠎ᠤᠨ ᠨᠥᠯᠥᠭᠡᠨ᠎ᠤ ᠡᠪᠡᠳᠴᠢᠨ ᠵᠶ᠋ᠠᠷ ᠣᠨᠣᠰᠢᠯᠠᠭᠤᠯᠤᠭᠰᠠᠨ᠂ ᠬᠢᠨᠠᠨ ᠲᠣᠭᠲᠠᠭ᠋ᠠᠯᠭ᠋ᠠᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ᠂ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠪᠤᠶᠤ ᠬᠠᠷᠢᠶᠠᠯᠠᠨ ᠬᠠᠮᠢᠶᠠᠷᠬᠤ ᠡᠷᠬᠡ᠎ᠲᠠᠢ ᠨᠡᠶ᠋ᠢᠭᠡᠮ᠎ᠤᠨ ᠳᠠᠭ᠋ᠠᠳᠬᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠠᠵᠢᠯ᠎ᠠᠴᠠ ᠪᠣᠯᠣᠭᠰᠠᠨ ᠭᠡᠮᠲᠦᠯ᠎ᠢ ᠦᠨᠡᠮᠰᠢᠭᠦᠯᠦᠨ ᠲᠣᠭᠲᠠᠭ᠋ᠠᠯᠭ᠋ᠠᠬᠤ ᠭᠤᠶᠤᠴᠢᠯᠠᠯ ᠵᠶ᠋ᠠᠨ ᠳᠤᠷᠠᠳᠤᠨ᠎ᠠ᠃ ᠣᠨᠴᠠᠭ᠋ᠠᠢ ᠪᠠᠶ᠋ᠢᠳᠠᠯ ᠲᠣᠬᠢᠶᠠᠯᠳᠤᠪᠠᠯ᠂ ᠨᠡᠶ᠋ᠢᠭᠡᠮ᠎ᠤᠨ ᠳᠠᠭ᠋ᠠᠳᠬᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠵᠦ ᠵᠥᠪᠰᠢᠶᠡᠷᠡᠭᠦᠯᠦᠭᠡᠳ᠂ ᠭᠤᠶᠤᠴᠢᠯᠠᠬᠤ ᠴᠠᠭ ᠬᠤᠭᠤᠴᠠᠭ᠎ᠠ ᠵᠢ ᠵᠣᠬᠢᠬᠤ ᠬᠡᠮᠵᠢᠶ᠎ᠡ᠎ᠪᠠᠷ ᠤᠷᠲᠤᠳᠬᠠᠵᠤ ᠪᠣᠯᠣᠨ᠎ᠠ》 ᠭᠡᠵᠦ ᠵᠠᠰᠠᠪᠤᠷᠢ ᠣᠷᠣᠭᠤᠯᠪᠠ᠃
    ᠬᠤᠶᠠᠷ᠂ ᠲᠤᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠂ ᠬᠡᠷᠡᠭᠵᠢᠭᠦᠯᠬᠦ ᠶᠠᠪᠤᠴᠠ᠎ᠳᠤ ᠬᠡᠷᠪᠡ ᠠᠰᠠᠭᠤᠳᠠᠯ ᠲᠤᠯᠭ᠋ᠠᠷᠠᠪᠠᠯ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
   2024 ᠣᠨ᠎ᠤ 9 ᠳ᠋ᠦ᠍ᠭᠡᠷ ᠰᠠᠷ᠎ᠠ ᠵᠢᠨ 17᠎ᠤ ᠡᠳᠦᠷ
   (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠲᠤᠰᠬᠠᠶ ᠮᠡᠷᠭᠡᠵᠢᠯᠲᠡᠨ᠎ᠢ ᠡᠯᠰᠡᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《ᠪᠦᠬᠦ ᠣᠷᠣᠨ᠎ᠤ ᠮᠣᠩᠭᠣᠯ ᠦᠨᠳᠦᠰᠦᠲᠡᠨ᠎ᠤ ᠬᠠᠳᠬᠤᠮᠠᠯ᠎ᠤᠨ ᠤᠷᠤᠯᠳᠤᠭ᠋ᠠᠨ》᠎ᠢ ᠥᠷᠨᠢᠭᠦᠯᠬᠦ ᠲᠤᠬᠠᠶ ᠮᠡᠳᠡᠭᠳᠡᠯ
ᠮᠠᠨ᠎ᠤ ᠣᠷᠣᠨ᠎ᠤ ᠪᠦᠬᠦ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠣᠰᠬᠣᠨ᠎ᠤ ᠨᠡᠷᠡᠰ᠎ᠤᠨ ᠵᠢᠭᠰᠠᠭ᠋ᠠᠯᠲᠠ ᠵᠢ ᠮᠡᠳᠡᠭᠦᠯᠬᠦ ᠲᠤᠬᠠᠶ ᠵᠠᠷᠯᠠᠯ
2019 ᠣᠨ᠎ᠤ ᠪᠦᠬᠦ ᠤᠯᠤᠰ᠎ᠤᠨ ᠵᠢᠭᠤᠯᠴᠢᠯᠠᠯ᠎ᠤᠨ ᠬᠥᠲᠥᠴᠢ ᠵᠢᠨ ᠬᠢᠷᠢ ᠭᠡᠮ᠎ᠤᠨ ᠰᠢᠯᠭ᠋ᠠᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠲᠤᠬᠠᠶ ᠰᠣᠶᠣᠯ ᠪᠠ ᠵᠢᠭᠤᠯᠴᠢᠯᠠᠯ᠎ᠤᠨ ᠬᠡᠯᠲᠡᠰ᠎ᠤᠨ ᠠᠯᠪᠠᠨ ᠲᠢᠩᠬᠢᠮ᠎ᠤᠨ ᠮᠡᠳᠡᠭᠳᠡᠯ
ᠮᠣᠩᠭᠣᠯ ᠦᠨᠳᠦᠰᠦᠲᠡᠨ᠎ᠤ ᠬᠤᠪᠴᠠᠰᠤ ᠵᠠᠰᠠᠯ᠎ᠤᠨ ᠲᠡᠦᠬᠡᠨ ᠭᠡᠷᠡᠯ ᠵᠢᠷᠣᠭ᠎ᠢ ᠴᠤᠭᠯᠠᠭᠤᠯᠬᠤ ᠲᠤᠬᠠᠶ ᠮᠡᠳᠡᠭᠳᠡᠯ
 
            