
10 ᠰᠠᠷ᠎ᠠ ᠵᠢᠨ 16᠎ᠤ ᠡᠳᠦᠷ᠂ 《ᠦᠵᠡᠰᠬᠦᠯᠡᠩᠲᠦ ᠰᠠᠢ᠍ᠬᠠᠨ ᠤᠮᠠᠷᠠᠲᠤ ᠬᠢᠯᠢ — ᠤᠯᠤᠰ᠎ᠤᠨ ᠪᠠᠶᠠᠷ᠎ᠤᠨ 70 ᠵᠢᠯ᠎ᠤᠨ ᠣᠢ ᠵᠢ ᠪᠡᠯᠭᠡᠯᠡᠬᠦ ᠥᠪᠥᠷ ᠮᠣᠩᠭᠣᠯ᠎ᠤᠨ ᠦᠵᠡᠮᠵᠢᠳᠦ ᠰᠠᠢ᠌ᠬᠠᠨ ᠮᠠᠰᠢᠨ ᠲᠡᠷᠭᠡᠨ᠎ᠤ ᠬᠦᠬᠡᠬᠣᠳᠡ ᠳᠤ᠎ᠬᠢ ᠦᠵᠡᠭᠦᠯᠦᠯᠭᠡ》 ᠵᠢᠨ ᠨᠡᠭᠡᠭᠡᠯᠲᠡ ᠵᠢᠨ ᠶᠣᠰᠣᠯᠠᠯ ᠵᠢᠴᠢ ᠬᠥᠬᠢᠭᠦᠯᠦᠨ ᠰᠠᠶ᠋ᠢᠰᠢᠶᠠᠬᠤ ᠬᠤᠷᠠᠯ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠶᠠᠪᠤᠭᠳᠠᠪᠠ᠃
10 ᠰᠠᠷ᠎ᠠ ᠵᠢᠨ 1᠎ᠤ ᠡᠳᠦᠷ᠂ 2500 ᠲᠦᠮᠡᠨ ᠲᠠᠯ᠎ᠠ ᠨᠤᠲᠤᠭ᠎ᠤᠨ ᠠᠷᠠᠳ ᠲᠦᠮᠡᠨ᠎ᠤ ᠬᠦᠰᠡᠯ ᠵᠥᠩᠨᠡᠯ᠎ᠢ ᠲᠡᠭᠦᠰ ᠳᠦᠭᠦᠷᠡᠩ ᠠᠴᠢᠶᠠᠯᠠᠭᠰᠠᠨ 《ᠦᠵᠡᠰᠬᠦᠯᠡᠩᠲᠦ ᠰᠠᠢ᠍ᠬᠠᠨ ᠤᠮᠠᠷᠠᠲᠤ ᠬᠢᠯᠢ》 — ᠥᠩᠭᠡᠲᠦ ᠰᠠᠢ᠌ᠬᠠᠨ ᠴᠢᠮᠡᠭᠯᠡᠯ᠎ᠳᠦ ᠲᠡᠷᠭᠡ ᠲᠢᠶᠠᠨ ᠠᠨ ᠮᠸᠨ ᠲᠠᠯᠠᠪᠠᠢ ᠪᠠᠷ ᠰᠠᠭ᠋ᠠᠳ ᠦᠭᠡᠢ ᠦᠩᠭᠡᠷᠡᠵᠦ᠂ ᠨᠠᠮ ᠪᠣᠯᠤᠨ ᠤᠯᠤᠰ ᠤᠨ ᠤᠳᠤᠷᠢᠳᠬᠤ ᠬᠥᠮᠦᠰ᠎ᠤᠨ ᠰᠢᠯᠭ᠋ᠠᠨ ᠦᠵᠡᠯᠲᠡ ᠵᠢ ᠬᠦᠯᠢᠶᠡᠪᠡ᠃ ᠥᠩᠭᠡᠲᠦ ᠰᠠᠢ᠌ᠬᠠᠨ ᠴᠢᠮᠡᠭᠯᠡᠯ᠎ᠳᠦ ᠲᠡᠷᠭᠡ᠎ᠨᠢ ᠮᠣᠩᠭᠣᠯ ᠮᠣᠷᠢᠨ᠎ᠤ ᠲᠦᠷᠢ ᠲᠦᠷᠬᠦ᠎ᠪᠠᠷ 《ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ》; ᠪᠣᠬᠢᠷᠲᠤᠯ ᠦᠭᠡᠢ ᠲᠠᠯ᠎ᠠ ᠨᠤᠲᠤᠭ ᠵᠶ᠋ᠠᠷ 《ᠠᠮᠢ ᠠᠬᠤᠶ ᠵᠢ ᠲᠡᠷᠢᠭᠦᠨ᠎ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ》 ᠣᠶ᠋ᠢᠯᠠᠭ᠋ᠠᠭᠳᠠᠬᠤᠨ᠎ᠢ ᠬᠠᠷᠠᠭᠣᠯᠪᠠ; ᠤᠯᠠᠭ᠋ᠠᠨᠮᠥ᠋ᠴᠢᠷ᠎ᠤᠨ᠎ᠬᠢᠨ ᠬᠢᠭᠡᠳ ᠦᠩᠭᠡ ᠦᠵᠡᠮᠵᠢᠳᠦ ᠲᠡᠷᠭᠡᠨ᠎ᠤ ᠣᠶᠠᠯᠳᠦᠯ ᠠᠭᠣᠰᠣᠯᠴᠠᠯ ᠵᠶ᠋ᠠᠷ ᠳᠠᠮᠵᠢᠭᠣᠯᠣᠨ 《ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ》 ᠵᠢ ᠤᠯᠠᠮᠵᠢᠯᠠᠨ ᠵᠠᠯᠭ᠋ᠠᠮᠵᠢᠯᠠᠵᠤ ᠪᠣᠢ ᠵᠢ ᠢᠯᠡᠳᠭᠡᠨ᠂ ᠦᠨᠳᠦᠰᠦᠲᠡᠨ ᠪᠠ ᠭᠠᠵᠠᠷ ᠣᠷᠣᠨ᠎ᠤ ᠬᠦᠨ ᠵᠣᠵᠠᠭ᠋ᠠᠨ ᠰᠣᠶᠣᠯ᠎ᠤᠨ ᠣᠨᠴᠠᠯᠢᠭ᠎ᠢ ᠭᠦᠢ᠍ᠴᠡᠳ ᠲᠣᠰᠬᠠᠪᠠ᠃ ᠪᠦᠬᠦ ᠤᠯᠤᠰ ᠤᠨ ᠠᠷᠠᠳ ᠲᠦᠮᠡᠨ ᠲᠡᠷᠡᠴᠢᠯᠡᠨ ᠳᠡᠯᠡᠬᠡᠶ ᠵᠢᠨ ᠠᠷᠠᠳ ᠲᠦᠮᠡᠨ᠎ᠳᠤ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠰᠢᠨ᠎ᠡ ᠳᠦᠷᠢ ᠲᠥᠷᠬᠦ ᠵᠢ ᠳᠡᠯᠭᠡᠨ ᠦᠵᠡᠭᠦᠯᠦᠭᠰᠡᠨ ᠵᠶ᠋ᠠᠷ ᠵᠶ᠋ᠠᠨ ᠡᠯ᠎ᠡ ᠲᠠᠯ᠎ᠠ ᠵᠢᠨ᠎ᠬᠢᠨ᠎ᠤ ᠮᠠᠭᠲᠠᠭ᠋ᠠᠯ ᠰᠠᠶ᠋ᠢᠰᠢᠶᠠᠯ᠎ᠢ ᠣᠯᠵᠤ᠂ ᠪᠡᠯᠭᠡᠯᠡᠬᠦ ᠶᠡᠬᠡ ᠬᠤᠷᠠᠯ᠎ᠤᠨ ᠦᠢ᠍ᠯᠡᠴᠢᠯᠡᠭᠡ ᠵᠢ ᠪᠠᠳᠣᠯᠠᠬᠣ ᠪᠠ ᠣᠯᠠᠨ ᠲᠦᠮᠡᠨ᠎ᠤ ᠰᠦᠷᠲᠦ ᠵᠢᠭᠰᠠᠭ᠋ᠠᠯ ᠢ ᠵᠢᠯᠣᠭᠣᠳᠬᠤ ᠭᠠᠵᠠᠷ ᠤᠨ ᠤᠯᠤᠰ ᠤᠨ ᠪᠠᠶᠠᠷ᠎ᠤᠨ 70 ᠵᠢᠯ᠎ᠤᠨ ᠣᠢ ᠵᠢ ᠪᠡᠯᠭᠡᠯᠡᠬᠦ ᠣᠯᠠᠨ ᠲᠦᠮᠡᠨ᠎ᠤ ᠰᠦᠷᠲᠦ ᠵᠢᠭᠰᠠᠭ᠋ᠠᠯ᠎ᠤᠨ ᠣᠷᠣᠨ ᠨᠤᠲᠤᠭ᠎ᠤᠨ ᠥᠩᠭᠡᠲᠦ ᠰᠠᠢ᠌ᠬᠠᠨ ᠴᠢᠮᠡᠭᠯᠡᠯ᠎ᠳᠦ ᠮᠠᠰᠢᠨ ᠲᠡᠷᠭᠡᠨ᠎ᠤ 《ᠬᠤᠸᠠ ᠮᠧᠶ ᠱᠠᠩᠨᠠᠯ》 ᠢ ᠬᠦᠷᠳᠡᠪᠡ᠃
ᠨᠡᠭᠡᠭᠡᠯᠳᠡ ᠵᠢᠨ ᠶᠣᠰᠣᠯᠠᠯ ᠳᠡᠭᠡᠷ᠎ᠡ᠂ ᠥᠪᠥᠷ ᠮᠣᠩᠭᠣᠯ᠎ᠤᠨ ᠥᠩᠭᠡᠲᠦ ᠰᠠᠢ᠌ᠬᠠᠨ ᠴᠢᠮᠡᠭᠯᠡᠯ᠎ᠳᠦ ᠮᠠᠰᠢᠨ ᠲᠡᠷᠭᠡᠨ᠎ᠤ ᠠᠵᠢᠯ ᠤᠨ ᠤᠳᠤᠷᠢᠳᠬᠤ ᠳᠤᠭᠤᠢ᠍ᠯᠠᠩ᠎ᠤᠨ ᠬᠣᠯᠪᠣᠭᠳᠠᠯ ᠪᠦᠬᠦᠢ ᠤᠳᠤᠷᠢᠳᠤᠯᠭ᠎ᠠ ᠨᠡᠭᠡᠭᠡᠯᠲᠡ ᠵᠢᠨ ᠶᠣᠰᠣᠯᠠᠯ᠎ᠢ ᠡᠷᠬᠢᠯᠡᠵᠦ᠂ ᠤᠯᠤᠰ ᠤᠨ ᠪᠠᠶᠠᠷ᠎ᠤᠨ 70 ᠵᠢᠯ᠎ᠤᠨ ᠣᠢ ᠵᠢ ᠪᠡᠯᠭᠡᠯᠡᠬᠦ ᠥᠪᠥᠷ ᠮᠣᠩᠭᠣᠯ᠎ᠤᠨ ᠥᠩᠭᠡᠲᠦ ᠰᠠᠢ᠌ᠬᠠᠨ ᠴᠢᠮᠡᠭᠯᠡᠯ᠎ᠳᠦ ᠮᠠᠰᠢᠨ ᠲᠡᠷᠭᠡᠨ᠎ᠤ ᠠᠵᠢᠯ ᠤᠨ ᠪᠠᠶ᠋ᠢᠳᠠᠯ᠎ᠢ ᠲᠠᠨᠢᠯᠴᠠᠭᠤᠯᠪᠠ; ᠡᠭᠦᠨ᠎ᠤ ᠳᠠᠭ᠋ᠠᠤ ᠠᠵᠢᠯᠲᠠᠳ᠎ᠠᠴᠠ 《ᠤᠯᠤᠰ ᠤᠨ ᠪᠠᠶᠠᠷ᠎ᠤᠨ 70 ᠵᠢᠯ᠎ᠤᠨ ᠤᠢ ᠵᠢᠨ ᠣᠯᠠᠨ ᠲᠦᠮᠡᠨ᠎ᠤ ᠵᠢᠭᠰᠠᠭ᠋ᠠᠯ ᠤᠨ ᠭᠠᠵᠠᠷ ᠣᠷᠣᠨ᠎ᠤ ᠥᠩᠭᠡᠲᠦ ᠰᠠᠢ᠌ᠬᠠᠨ ᠴᠢᠮᠡᠭᠯᠡᠯ᠎ᠳᠦ ᠲᠡᠷᠭᠡ — — ᠬᠤᠸᠠ ᠮᠧᠶ ᠱᠠᠩᠨᠠᠯ》 ᠪᠣᠯᠤᠨ ᠢᠷᠠᠭᠤ ᠠᠯᠳᠠᠷ᠎ᠤᠨ ᠦᠨᠡᠮᠯᠡᠯ᠎ᠢ ᠳᠡᠯᠭᠡᠨ ᠦᠵᠡᠭᠦᠯᠪᠡ; ᠲᠡᠷᠡᠴᠢᠯᠡᠨ ᠬᠠᠮᠢᠶ᠎ᠠ ᠪᠦᠬᠦᠢ ᠤᠳᠤᠷᠢᠳᠤᠯᠭ᠎ᠠ ᠠᠴᠠ ᠰᠢᠯᠢᠳᠡᠭ ᠵᠣᠬᠢᠶᠠᠨ ᠪᠠᠢ᠌ᠭᠣᠯᠣᠭᠰᠠᠨ ᠨᠢᠭᠡᠴᠡ ᠪᠣᠯᠤᠨ ᠪᠡᠭᠡᠵᠢᠩ᠎ᠳᠤ ᠠᠵᠢᠯᠯᠠᠵᠣ ᠪᠠᠢ᠌ᠭᠰᠠᠨ ᠠᠵᠢᠯᠲᠡᠳ᠎ᠤᠨ ᠲᠥᠯᠥᠭᠡᠯᠡᠭᠴᠢᠳ᠎ᠲᠤ ᠬᠥᠬᠢᠭᠦᠯᠦᠨ ᠰᠠᠶ᠋ᠢᠰᠢᠶᠠᠬᠤ ᠦᠨᠡᠮᠯᠡᠯ ᠣᠯᠭᠣᠵᠤ᠂ ᠲᠡᠳᠡ ᠨᠡᠷ᠎ᠤᠨ ᠤᠯᠤᠰ᠎ᠤᠨ ᠪᠠᠶᠠᠷ᠎ᠤᠨ 70 ᠵᠢᠯ᠎ᠤᠨ ᠣᠢ ᠵᠢ ᠪᠡᠯᠭᠡᠯᠡᠬᠦ ᠥᠪᠥᠷ ᠮᠣᠩᠭᠣᠯ᠎ᠤᠨ ᠥᠩᠭᠡᠲᠦ ᠰᠠᠢ᠌ᠬᠠᠨ ᠴᠢᠮᠡᠭᠯᠡᠯ᠎ᠳᠦ ᠮᠠᠰᠢᠨ ᠲᠡᠷᠭᠡ ᠵᠢ ᠵᠢᠷᠤᠵᠤ ᠲᠦᠯᠦᠪᠯᠡᠬᠦ᠂ ᠦᠢ᠍ᠯᠡᠳᠬᠦ᠂ ᠮᠡᠷᠭᠡᠵᠢᠯ᠎ᠤᠨ ᠪᠠᠲᠤᠯᠠᠭ᠎ᠠ ᠪᠣᠯᠤᠨ ᠭᠢᠨᠡᠨ ᠪᠠᠶ᠋ᠢᠴᠠᠭ᠋ᠠᠵᠤ ᠰᠢᠯᠭ᠋ᠠᠨ ᠠᠪᠬᠤ᠂ ᠠᠮᠤᠷ ᠲᠦᠪᠰᠢᠨ᠎ᠢ ᠬᠠᠮᠠᠭ᠋ᠠᠯᠠᠬᠤ᠂ ᠵᠣᠬᠢᠴᠠᠭᠤᠯᠤᠨ ᠬᠠᠷᠢᠯᠴᠠᠬᠣ ᠵᠡᠷᠭᠡ ᠲᠠᠯ᠎ᠠ᠎ᠪᠠᠷ ᠴᠢᠬᠤᠯᠠ ᠬᠤᠪᠢ ᠨᠡᠮᠡᠷᠢ ᠦᠵᠡᠭᠦᠯᠵᠦ᠂ ᠡᠨᠡᠬᠦ ᠠᠵᠢᠯ᠎ᠢ ᠦᠨᠡᠨ ᠬᠦ᠌ ᠪᠠᠳᠣᠯᠠᠭ᠎ᠠ᠎ᠲᠠᠢ ᠰᠠᠢ᠌ᠨ ᠭᠦᠢ᠍ᠴᠡᠳᠭᠡᠭᠰᠡᠨ᠎ᠢ᠎ᠨᠢ ᠦᠨᠡᠯᠡᠭᠰᠡᠨ ᠪᠠᠶ᠋ᠢᠨ᠎ᠠ᠃ ᠨᠡᠭᠡᠭᠡᠯᠲᠡ ᠵᠢᠨ ᠶᠣᠰᠣᠯᠠᠯ᠎ᠤᠨ ᠠᠬᠤᠶ ᠲᠠᠯᠠᠪᠠᠢ᠎ᠳᠤ ᠪᠠᠰᠠ 《ᠥᠪᠥᠷ ᠮᠣᠩᠭᠣᠯ᠎ᠤᠨ ᠥᠩᠭᠡᠲᠦ ᠰᠠᠢ᠌ᠬᠠᠨ ᠴᠢᠮᠡᠭᠯᠡᠯ᠎ᠳᠦ ᠮᠠᠰᠢᠨ ᠲᠡᠷᠭᠡᠨ᠎ᠤ ᠠᠵᠢᠯ ᠤᠨ ᠭᠡᠷᠡᠯ ᠵᠢᠷᠤᠭ᠎ᠤᠨ ᠦᠵᠡᠰᠬᠦᠯᠡᠩ》᠎ᠢ ᠡᠷᠬᠢᠯᠡᠪᠡ᠃ ᠦᠵᠡᠰᠬᠦᠯᠡᠩ ᠳᠤ ᠥᠩᠭᠡᠲᠦ ᠰᠠᠢ᠌ᠬᠠᠨ ᠴᠢᠮᠡᠭᠯᠡᠯ᠎ᠳᠦ ᠮᠠᠰᠢᠨ ᠲᠡᠷᠭᠡ ᠵᠢ ᠵᠢᠷᠤᠵᠤ ᠲᠥᠯᠥᠪᠯᠡᠨ ᠦᠢ᠍ᠯᠡᠳᠬᠦ ᠶᠠᠪᠤᠴᠠ᠎ᠳᠠᠬᠢ ᠬᠣᠪᠣᠷ ᠨᠠᠨᠳᠢᠨ ᠬᠣᠷᠣᠮᠬᠠᠨ ᠵᠠᠭᠤᠷ᠎ᠠ ᠵᠢ ᠰᠣᠩᠭᠣᠨ ᠠᠪᠴᠤ ᠳᠡᠯᠭᠡᠨ ᠦᠵᠡᠭᠦᠯᠵᠦ᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠬᠥᠮᠦᠰ᠎ᠤᠨ ᠲᠠᠰᠣᠷᠠᠯᠲᠠ ᠦᠭᠡᠢ ᠴᠢᠷᠮᠠᠢ᠌ᠨ ᠵᠢᠳᠭᠦᠵᠦ᠂ ᠬᠦᠴᠢᠷ ᠪᠡᠷᠬᠡᠰᠢᠶᠡᠯ ᠢ ᠲᠣᠭᠣᠯᠣᠨ ᠂ ᠨᠢᠭᠡ ᠰᠡᠳᠬᠢᠯ ᠨᠡᠢ᠌ᠳᠡ ᠵᠢᠨ ᠬᠦᠴᠣᠨ ᠵᠶ᠋ᠠᠷ ᠠᠵᠢᠯᠯᠠᠭᠰᠠᠨ ᠠᠬᠣᠢ ᠪᠠᠢ᠌ᠳᠠᠯ᠎ᠢ ᠳᠠᠬᠢᠨᠲᠡ ᠬᠠᠷᠠᠭᠣᠯᠵᠣ᠂ ᠲᠠᠯ᠎ᠠ ᠨᠤᠲᠤᠭ᠎ᠤᠨ ᠬᠥᠪᠡᠭᠦᠳ ᠥᠬᠢᠳ ᠤᠨ ᠠᠷᠢᠭᠣᠨ ᠬᠦᠳᠡᠯᠮᠣᠷᠢᠴᠢ᠂ ᠠᠴᠢᠯᠠᠯ ᠵᠢᠷᠣᠮᠳᠦ ᠡᠷᠬᠢᠮ ᠨᠠᠨᠳᠢᠨ ᠵᠣᠷᠢᠭ ᠰᠠᠨᠠᠭ᠎ᠠ ᠵᠢ ᠢᠯᠡᠷᠡᠭᠦᠯᠪᠡ᠃
《ᠦᠵᠡᠰᠬᠦᠯᠡᠩᠲᠦ ᠰᠠᠢ᠍ᠬᠠᠨ ᠤᠮᠠᠷᠠᠲᠤ ᠬᠢᠯᠢ — ᠤᠯᠤᠰ᠎ᠤᠨ ᠪᠠᠶᠠᠷ᠎ᠤᠨ 70 ᠵᠢᠯ᠎ᠤᠨ ᠣᠢ ᠵᠢ ᠪᠡᠯᠭᠡᠯᠡᠬᠦ ᠥᠪᠥᠷ ᠮᠣᠩᠭᠣᠯ᠎ᠤᠨ ᠥᠩᠭᠡᠲᠦ ᠰᠠᠢ᠌ᠬᠠᠨ ᠴᠢᠮᠡᠭᠯᠡᠯ᠎ᠳᠦ ᠮᠠᠰᠢᠨ ᠲᠡᠷᠭᠡᠨ᠎ᠤ ᠬᠦᠬᠡᠬᠣᠳᠡ ᠵᠢᠨ ᠦᠵᠡᠰᠬᠦᠯᠡᠩ》᠎ᠢ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ 2 ᠰᠠᠷ᠎ᠠ ᠳᠡᠯᠭᠡᠨ ᠦᠵᠡᠭᠦᠯᠬᠦ ᠪᠣᠯᠤᠨ᠎ᠠ᠃