


2019 ᠣᠨ᠎ᠤ 10 ᠳ᠋ᠤᠭ᠋ᠠᠷ ᠰᠠᠷ᠎ᠠ ᠵᠢᠨ 28᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠮᠣᠩᠭᠣᠯ ᠰᠦᠯᠵᠢᠶ᠎ᠡ (mgl.nmg.gov.cn/wlt/) ᠵᠢ ᠨᠡᠪᠲᠡᠷᠡᠭᠦᠯᠵᠦ ᠠᠵᠢᠯᠯᠠᠭᠤᠯᠪᠠ᠃
ᠲᠤᠰ ᠰᠦᠯᠵᠢᠶ᠎ᠡ᠎ᠨᠢ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠢᠰᠲᠸᠮ᠎ᠤᠨ ᠵᠠᠰᠠᠭ᠎ᠤᠨ ᠶᠠᠪᠤᠳᠠᠯ᠎ᠤᠨ ᠮᠣᠩᠭᠤᠯ ᠰᠦᠯᠵᠢᠶᠡᠨ ᠴᠤᠭᠯᠠᠷᠠᠯ᠎ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ᠎ᠤ ᠬᠤᠪᠢ᠎ᠳᠤ᠂ ᠮᠣᠩᠭᠣᠯ ᠦᠨᠳᠦᠰᠦᠲᠡᠨ᠎ᠤ ᠣᠯᠠᠨ ᠲᠦᠮᠡᠨ᠎ᠳᠤ ᠦᠢ᠍ᠯᠡᠴᠢᠯᠡᠬᠦ᠎ᠪᠠᠷ ᠵᠣᠷᠢᠯᠲᠠ᠎ᠪᠠᠨ ᠪᠣᠯᠭ᠋ᠠᠵᠤ᠂ 《ᠮᠡᠳᠡᠭᠡ ᠵᠠᠩᠭᠢ ᠵᠢ ᠢᠯᠡ ᠪᠣᠯᠭ᠋ᠠᠬᠤ᠂ ᠰᠦᠯᠵᠢᠶᠡᠨ ᠳᠡᠭᠡᠷ᠎ᠡ ᠬᠡᠷᠡᠭ ᠡᠷᠬᠢᠯᠡᠬᠦ᠂ ᠬᠠᠷᠢᠯᠴᠠᠨ ᠰᠣᠯᠢᠯᠴᠠᠬᠤ᠂ ᠣᠯᠠᠨ ᠨᠡᠢ᠍ᠢ᠍ᠲᠡ ᠵᠢᠨ ᠦᠢ᠍ᠯᠡᠴᠢᠯᠡᠭᠡ ᠬᠠᠩᠭ᠋ᠠᠬᠤ》 ᠵᠡᠷᠭᠡ ᠳᠥᠷᠪᠡᠨ ᠶᠡᠬᠡ ᠴᠢᠳᠠᠮᠵᠢ ᠵᠢ ᠭᠣᠤᠯᠳᠠᠯᠭ᠎ᠠ᠎ᠲᠠᠢ ᠳᠣᠪᠣᠶ᠋ᠢᠯᠭ᠋ᠠᠵᠤ᠂ 《ᠲᠤᠢ᠌ᠮᠤ ᠪᠠᠢ᠌ᠳᠠᠯ》᠂ 《ᠰᠣᠨᠢᠨ ᠮᠡᠳᠡᠭᠡ》᠂ 《ᠢᠯᠡ ᠵᠠᠰᠠᠭ》᠂ 《ᠰᠤᠷᠠᠭ ᠵᠠᠩᠬᠢ》᠂ 《ᠬᠡᠷᠡᠭᠯᠡᠭᠡ》᠂ 《ᠬᠤᠨ ᠭᠠᠯᠠᠭᠤ》 ᠵᠡᠷᠭᠡ ᠵᠢᠷᠭᠤᠭ᠋ᠠᠨ ᠲᠤᠮᠤ ᠪᠤᠯᠤᠩ᠎ᠢ ᠨᠡᠭᠡᠭᠡᠪᠡ᠃
ᠲᠠᠷᠠᠭ᠋ᠠᠴᠢ᠎ᠪᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠮᠣᠩᠭᠤᠯ ᠰᠦᠯᠵᠢᠶ᠎ᠡ ᠵᠢᠨ ᠵᠶ᠋ᠠᠨ ᠣᠯᠠᠨ ᠨᠡᠢ᠍ᠢ᠍ᠲᠡ ᠵᠢᠨ ᠦᠢ᠍ᠯᠡᠴᠢᠯᠡᠭᠡᠨ᠎ᠤ ᠴᠢᠳᠠᠮᠵᠢ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ ᠪᠠ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠶ᠋ᠢᠲᠡᠯᠡᠵᠦ᠂ ᠮᠣᠩᠭᠣᠯ ᠦᠨᠳᠦᠰᠦᠲᠡᠨ᠎ᠤ ᠣᠯᠠᠨ ᠲᠦᠮᠡᠨ᠎ᠳᠤ ᠦᠢ᠍ᠯᠡᠴᠢᠯᠡᠬᠦ ᠶᠠᠰᠤ ᠴᠢᠨᠠᠷ ᠪᠠ ᠬᠢᠷᠢ ᠲᠦᠪᠰᠢᠨ ᠵᠶ᠋ᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃