ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠎ᠯᠤᠭ᠎ᠠ ᠪᠦᠬᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠬᠢᠷᠠᠯᠴᠠᠪᠠ
ᠨᠡᠶᠢᠲᠡᠯᠡᠭᠰᠡᠨ ᠴᠠᠭ᠄ 2019-10-22

      ᠾᠧ ᡁᠢ ᠯᠢᠶᠠᠩ ᠪᠣᠯᠤᠨ ᠶᠦᠨ ᠭᠦᠸᠧ ᠡᠾᠦ᠋ᠨᠭ ᠬᠠᠮᠲᠤᠪᠠᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠬᠢᠭᠡᠳ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠪᠦᠬᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ》᠎ᠲᠤ ᠭᠠᠷ᠎ᠤᠨ ᠦᠰᠦᠭ ᠵᠢᠷᠤᠪᠠ

     10 ᠳ᠋ᠤᠭ᠋ᠠᠷ ᠰᠠᠷ᠎ᠠ ᠵᠢᠨ 18᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠬᠢᠭᠡᠳ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠪᠥᠬᠥ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ᠎ᠲᠤ ᠭᠠᠷ᠎ᠤᠨ ᠦᠰᠦᠭ ᠵᠢᠷᠤᠬᠤ ᠶᠣᠰᠣᠯᠠᠯ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠱᠧᠩ ᠯᠧ ᠰᠤᠷᠭ᠋ᠠᠭᠤᠯᠢ ᠵᠢᠨ ᠲᠣᠭᠣᠷᠢᠭ᠎ᠲᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠲᠤᠭᠤᠢ᠌ᠯᠠᠨᠭ᠌᠎ᠤᠨ ᠱᠦᠵᠢ᠂ ᠲᠢᠩᠬᠢᠮ᠎ᠤᠨ ᠳᠠᠷᠤᠭ᠎ᠠ ᠾᠧ ᡁᠢ ᠯᠢᠶᠠᠩ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠨᠠᠮ᠎ᠤᠨ ᠬᠣᠷᠢᠶ᠎ᠠ ᠵᠢᠨ ᠱᠦᠵᠢ ᠬᠤᠸᠠᠩ ᠶᠠ ᠯᠢ᠂ ᠰᠤᠷᠭ᠋ᠠᠭᠤᠯᠢ ᠵᠢᠨ ᠵᠠᠬᠢᠷᠤᠯ ᠶᠦᠨ ᠭᠦᠸᠧ ᠡᠾᠦ᠋ᠨᠭ᠂ ᠲᠡᠳ᠋ ᠵᠠᠬᠢᠷᠤᠯ ᠵᠤᠤ ᠳ᠋ᠦᠩ ᠬᠠᠢ ᠶᠣᠰᠣᠯᠠᠯ᠎ᠳᠤ ᠣᠷᠣᠯᠴᠠᠵᠠᠶ᠃ ᠬᠤᠸᠠᠩ ᠶᠠ ᠯᠢ ᠭᠠᠷ᠎ᠤᠨ ᠦᠰᠦᠭ ᠵᠢᠷᠤᠬᠤ ᠶᠣᠰᠣᠯᠠᠯ᠎ᠢ ᠡᠷᠬᠢᠯᠡᠵᠡᠢ᠃
    ᠾᠧ ᡁᠢ ᠯᠢᠶᠠᠩ ᠬᠡᠯᠡᠭᠰᠡᠨ᠎ᠨᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠬᠢᠭᠡᠳ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠪᠦᠬᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠪᠣᠯ ᠶᠡᠷᠦᠩᠬᠡᠶ ᠱᠦᠵᠢ ᠰᠢ ᠵᠢᠨ ᠫᠢᠩ᠎ᠤᠨ ᠰᠣᠶᠣᠯ ᠪᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠲᠤᠬᠠᠶ ᠴᠢᠬᠤᠯᠠ ᠦᠭᠦᠯᠡᠮᠵᠢ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠬᠥᠭᠵᠢᠯᠲᠡ ᠵᠢ ᠲᠦᠷᠭᠡᠳᠬᠡᠬᠦ ᠠᠵᠢᠯ᠎ᠢ ᠠᠷᠠᠳ᠎ᠢ ᠪᠠᠶᠠᠵᠢᠭᠤᠯᠤᠨ ᠣᠷᠣᠨ ᠵᠶ᠋ᠠᠨ ᠬᠦᠴᠦᠷᠬᠡᠭᠵᠢᠭᠦᠯᠬᠦ᠂ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠭᠦᠯᠬᠦ ᠶᠡᠬᠡ ᠪᠠᠶ᠋ᠢᠯᠳᠤᠬᠤ ᠪᠣᠳᠣᠯᠭ᠎ᠠ᠎ᠪᠠᠨ ᠪᠣᠯᠭ᠋ᠠᠭᠰᠠᠨ ᠤᠷᠢᠶᠠᠯᠠᠭ᠎ᠠ ᠵᠢ ᠢᠳᠡᠪᠬᠢᠲᠡᠢ ᠴᠤᠤᠷᠢᠶᠠᠲᠤᠨ ᠳᠠᠭ᠋ᠠᠵᠤ᠂ ᠪᠦᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠴᠢᠨᠠᠷ᠎ᠲᠠᠢ ᠬᠥᠭᠵᠢᠯᠲᠡ ᠵᠢ ᠠᠬᠢᠭᠤᠯᠬᠤ᠎ᠳᠤ ᠰᠢᠨ᠎ᠡ ᠬᠥᠳᠡᠯᠭᠡᠬᠦ ᠡᠨᠧᠷᠭᠢ ᠬᠠᠩᠭ᠋ᠠᠪᠠ᠃ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠴᠢᠳᠠᠪᠤᠷᠢᠲᠠᠨ᠎ᠢ ᠬᠦᠮᠦᠵᠢᠭᠦᠯᠬᠦ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠲᠠᠪᠠᠭᠤᠯᠢᠭ ᠲᠠᠯ᠎ᠠ᠎ᠪᠠᠨ ᠬᠠᠷᠢᠯᠴᠠᠨ ᠨᠦᠬᠦᠪᠦᠷᠢᠯᠡᠵᠦ᠂ ᠡᠬᠢ ᠪᠠᠶᠠᠯᠢᠭ᠎ᠢ ᠬᠠᠮᠲᠤ ᠡᠳ᠋ᠯᠡᠨ᠂ ᠬᠠᠷᠢᠯᠴᠠᠨ ᠬᠠᠷᠠᠭ᠋ᠠᠯᠵᠠᠨ ᠬᠠᠮᠲᠤᠪᠠᠷ ᠠᠰᠢᠭ ᠬᠦᠷᠲᠡᠬᠦ ᠵᠠᠷᠴᠢᠮ ᠶᠣᠰᠤᠭ᠋ᠠᠷ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠯᠤᠭ᠎ᠠ ᠠᠵᠢᠯ ᠵᠶ᠋ᠡᠨ ᠢᠳᠡᠪᠬᠢᠲᠡᠢ ᠤᠬᠠᠭ᠋ᠠᠯᠠᠵᠤ᠂ ᠰᠣᠶᠣᠯ ᠪᠠ ᠵᠢᠭᠤᠯᠴᠢᠯᠠᠯ᠎ᠤᠨ ᠴᠢᠨᠠᠷᠯᠢᠭ ᠬᠦᠭᠵᠢᠯᠲᠡ ᠵᠢᠨ ᠰᠤᠳᠤᠯᠭ᠋ᠠᠨ᠎ᠢ ᠬᠠᠮᠲᠤᠪᠠᠷ ᠦᠷᠨᠢᠭᠦᠯᠬᠦ ᠵᠢᠨ ᠵᠡᠷᠭᠡᠪᠡᠷ ᠴᠢᠳᠠᠪᠤᠷᠢᠲᠠᠨ᠎ᠢ ᠬᠥᠮᠦᠵᠢᠭᠦᠯᠬᠦ᠂ ᠵᠢᠭ᠋ᠠᠨ ᠰᠤᠷᠭ᠋ᠠᠯᠲᠠ ᠵᠢᠨ ᠳᠠᠳᠤᠯᠭ᠎ᠠ ᠬᠢᠬᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ ᠵᠡᠷᠭᠡ ᠲᠠᠯ᠎ᠠ᠎ᠪᠠᠷ ᠪᠣᠳᠠᠲᠠᠶ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠥᠷᠨᠢᠭᠦᠯᠵᠦ᠂ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ᠎ᠤ ᠭᠦᠨᠵᠡᠭᠡᠶ ᠠᠭᠤᠰᠤᠯᠴᠠᠯ᠎ᠢ   ᠠᠬᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠦᠢ᠍ᠯᠡᠰ᠂ ᠰᠣᠶᠣᠯ᠎ᠤᠨ ᠠᠵᠤ ᠦᠢ᠍ᠯᠡᠰ ᠪᠠ ᠵᠢᠭᠤᠯᠴᠢᠯᠠᠯ᠎ᠤᠨ ᠦᠢ᠍ᠯᠡᠰ᠂ ᠵᠢᠭᠤᠯᠴᠢᠯᠠᠯ᠎ᠤᠨ ᠠᠵᠤ ᠦᠢ᠍ᠯᠡᠰ᠎ᠤᠨ ᠠᠭᠣᠰᠤᠯᠴᠠᠨ ᠬᠦᠭᠵᠢᠬᠦ ᠵᠢ ᠦᠨᠡᠨ ᠬᠦ᠌ ᠠᠬᠢᠭᠤᠯᠬᠤ ᠵᠢ ᠬᠦᠰᠡᠵᠦ ᠪᠠᠶ᠋ᠢᠨ᠎ᠠ᠃
      ᠬᠤᠸᠠᠩ ᠶᠠ ᠯᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠣᠯᠠᠨ ᠵᠢᠯ᠎ᠤᠨ ᠲᠤᠷᠰᠢ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠎ᠳᠤ ᠦᠭᠭᠦᠭᠰᠡᠨ ᠶᠡᠬᠡ ᠳᠡᠮᠵᠢᠯᠭᠡ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠶ᠋ᠢᠬᠤ᠎ᠪᠠᠨ ᠢᠯᠡᠳᠭᠡᠵᠡᠢ᠃ ᠲᠡᠷᠡ᠂ ᠲᠣᠰ ᠤᠳᠠᠭ᠎ᠠ ᠵᠢᠨ ᠪᠦᠬᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠭᠰᠠᠨ᠎ᠨᠢ ᠬᠣᠶᠠᠷ ᠡᠲᠡᠭᠡᠳ᠎ᠤᠨ ᠪᠦᠬᠦ ᠲᠠᠯ᠎ᠠ᠎ᠪᠠᠷ ᠭᠦᠨᠵᠡᠭᠡᠶ᠋ᠢᠷᠡᠬᠦ ᠬᠠᠮᠲᠤᠷᠠᠯᠴᠠᠭ᠎ᠠ ᠵᠢᠨ ᠪᠤᠲᠠᠲᠠᠢ᠌ᠵᠢᠭᠰᠠᠨ ᠬᠢᠭᠡᠳ ᠰᠢᠨ᠎ᠡ ᠬᠠᠭᠤᠳᠠᠰᠤ ᠪᠣᠯᠬᠤ ᠪᠦᠭᠡᠳ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠴᠢᠳᠠᠪᠤᠷᠢᠲᠠᠨ᠎ᠢ ᠬᠥᠮᠦᠵᠢᠭᠦᠯᠬᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ᠂ ᠨᠡᠶ᠋ᠢᠭᠡᠮ᠎ᠳᠤ ᠦᠢ᠍ᠯᠡᠴᠢᠯᠡᠬᠦ᠂ ᠰᠣᠶᠣᠯ᠎ᠢ ᠦᠪᠯᠡᠨ ᠤᠯᠠᠮᠵᠢᠯᠠᠬᠤ ᠵᠡᠷᠭᠡ ᠡᠭᠦᠷᠭᠡ ᠴᠢᠳᠠᠪᠬᠢ ᠵᠢᠨ ᠲᠦᠪᠯᠡᠷᠡᠨᠭᠭᠦᠢ ᠢᠯᠡᠷᠡᠯ ᠪᠣᠯᠤᠨ᠎ᠠ᠂ ᠨᠠᠩ ᠴᠤ᠌ ᠬᠣᠶᠠᠷ ᠡᠲᠡᠭᠡᠳ ᠵᠶ᠋ᠡᠷ ᠵᠶ᠋ᠠᠨ 《ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠢ ᠦᠷᠨᠢᠭᠦᠯᠦᠨ᠂ ᠲᠡᠭᠡᠷ᠎ᠡ ᠲᠤᠤᠷ᠎ᠠ ᠱᠠᠲᠤ᠎ᠪᠠᠷ ᠵᠶ᠋ᠠᠨ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠰᠤᠷᠭ᠋ᠠᠭᠤᠯᠢ ᠪᠠ ᠣᠷᠣᠨ ᠨᠤᠲᠤᠭ᠎ᠤᠨ ᠬᠠᠮᠵᠢᠯᠴᠠᠭ᠎ᠠ ᠵᠢ ᠥᠷᠨᠢᠭᠦᠯᠬᠦ ᠬᠦᠴᠦᠲᠡᠶ ᠠᠷᠭ᠎ᠠ ᠬᠡᠮᠵᠢᠶ᠎ᠡ ᠪᠣᠯᠤᠨ᠎ᠠ᠂ ᠡᠨᠡ᠎ᠨᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠰᠣᠶᠣᠯ ᠪᠠ ᠦᠨᠳᠦᠰᠦᠲᠡᠨ᠎ᠤ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠨ ᠬᠥᠭᠵᠢᠬᠦ ᠠᠬᠢᠴᠠ ᠵᠢ ᠤᠯᠠᠮ ᠨᠢᠭᠡ ᠠᠯᠬᠤᠮ ᠤᠷᠤᠭᠰᠢᠯᠠᠭᠤᠯᠬᠤ᠂ ᠡᠬᠡ ᠤᠯᠤᠰ᠎ᠤᠨ ᠤᠮᠠᠷᠠᠲᠤ ᠵᠢᠨ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠢ ᠴᠣᠭᠴᠠᠯᠠᠬᠤ᠎ᠳᠤ ᠴᠢᠬᠤᠯᠠ ᠠᠴᠢ ᠬᠣᠯᠪᠣᠭᠳᠠᠯ ᠪᠠ ᠠᠯᠤᠰ ᠬᠡᠲᠦ ᠵᠢᠨ ᠨᠥᠯᠥᠭᠡ᠎ᠲᠠᠢ ᠶᠤᠮ᠃ ᠬᠣᠶᠠᠷ ᠡᠲᠡᠭᠡᠳ ᠵᠶ᠋ᠡᠷ ᠵᠶ᠋ᠠᠨ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠠᠮᠢ ᠠᠬᠤᠢ ᠵᠢᠨ ᠵᠢᠭᠤᠯᠴᠢᠯᠠᠯ᠎ᠤᠨ ᠬᠥᠭᠵᠢᠯᠲᠡ ᠵᠢᠨ ᠵᠠᠭᠪᠤᠷ᠂ ᠤᠨᠴᠠᠯᠢᠬᠳᠤ ᠰᠣᠶᠣᠯ᠎ᠤᠨ ᠡᠭᠦᠳᠦᠯᠲᠡ ᠵᠢᠨ ᠦᠢ᠍ᠯᠡᠳᠭᠦᠨ᠎ᠢ ᠰᠤᠳᠤᠯᠤᠨ ᠨᠡᠭᠡᠭᠡᠵᠦ᠂ ᠵᠢᠱ᠌ᠢᠶ᠎ᠡ ᠦᠵᠡᠭᠦᠯᠬᠦ ᠵᠡᠷᠭᠡ ᠬᠡᠪᠴᠢᠶᠡᠨ᠎ᠳᠤ ᠰᠣᠯᠢᠯᠴᠠᠭ᠎ᠠ ᠬᠠᠮᠲᠤᠷᠠᠯᠴᠠᠭ᠎ᠠ᠎ᠪᠠᠨ ᠥᠷᠨᠢᠭᠦᠯᠦᠨ᠎ᠡ᠃ ᠬᠠᠮᠲᠤ ᠵᠢᠨ ᠴᠢᠷᠮᠠᠶ᠋ᠢᠯᠭ᠎ᠠ ᠪᠠ ᠮᠥᠷᠥ ᠵᠡᠷᠭᠡᠴᠡᠭᠰᠡᠨ ᠬᠠᠮᠵᠢᠯᠴᠠᠯ ᠵᠶ᠋ᠡᠷ ᠲᠠᠮᠵᠢᠵᠤ ᠯᠠᠪᠲᠠᠶ᠎ᠠ ᠦᠷ᠎ᠡ ᠪᠦᠲᠦᠭᠡᠯ᠎ᠲᠠᠢ ᠪᠣᠯᠵᠤ᠂ ᠥᠷᠭᠡᠨ ᠠᠭᠤᠳᠠᠮ ᠰᠠᠶ᠋ᠢᠨ ᠰᠠᠢ᠌ᠬᠠᠨ ᠠᠯᠤᠰ ᠢᠷᠡᠭᠡᠳᠦᠶ ᠴᠣᠭᠴᠠᠯᠠᠭᠳᠠᠨ᠎ᠠ ᠭᠡᠳᠡᠭ᠎ᠲᠤ ᠪᠠᠲᠤ ᠢᠲᠡᠭᠡᠯ᠎ᠲᠠᠢ ᠪᠠᠶ᠋ᠢᠨ᠎ᠠ ᠭᠡᠪᠡ᠃
      ᠶᠦᠨ ᠭᠦᠸᠧ ᠡᠾᠦ᠋ᠨᠭ ᠢᠯᠡᠳᠭᠡᠭᠰᠡᠨ᠎ᠨᠢ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ 《ᠨᠡᠶ᠋ᠢᠭᠡᠮ᠎ᠳᠤ ᠠᠭᠤᠰᠬᠤ᠂ ᠨᠡᠶ᠋ᠢᠭᠡᠮ᠎ᠳᠤ ᠦᠢ᠍ᠯᠡᠴᠢᠯᠡᠬᠦ᠂ ᠨᠡᠶ᠋ᠢᠭᠡᠮ᠎ᠢ ᠬᠥᠲᠥᠯᠥᠨ ᠳᠠᠭ᠋ᠠᠭᠤᠯᠬᠤ》 ᠰᠤᠷᠭ᠋ᠠᠭᠤᠯᠢ ᠡᠷᠬᠢᠯᠡᠬᠦ ᠦᠵᠡᠯᠲᠡ᠎ᠪᠠᠨ ᠢᠮᠠᠭᠲᠠ ᠪᠠᠷᠢᠮᠲᠠᠯᠠᠭᠰᠠᠭ᠋ᠠᠷ ᠪᠠᠢ᠌ᠨ᠎ᠠ᠂ ᠰᠣᠶᠣᠯ᠂ ᠵᠢᠭᠤᠯᠴᠢᠯᠠᠯ᠂ ᠤᠷᠠᠯᠢᠭ᠎ᠤᠨ ᠵᠢᠷᠤᠭ ᠲᠥᠯᠥᠪᠯᠡᠭᠡ᠂ ᠳᠠᠭᠤᠤ ᠬᠥᠭᠵᠢᠮ᠂ ᠰᠣᠶᠣᠯ ᠦᠵᠡᠰᠬᠦᠯᠡᠩ ᠵᠡᠷᠭᠡ ᠲᠠᠯ᠎ᠠ᠎ᠪᠠᠷ ᠲᠤᠰᠬᠠᠶ ᠮᠡᠷᠭᠡᠵᠢᠯ᠎ᠤᠨ   ᠳᠣᠪᠤᠢ᠌ᠭᠰᠠᠨ ᠳᠠᠪᠠᠭᠤᠯᠢᠭ᠎ᠲᠠᠢ ᠪᠠᠢ᠌ᠳᠠᠭ᠃ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠲᠣᠰ ᠤᠳᠠᠭ᠋ᠠᠨ᠎ᠤ ᠬᠠᠮᠲᠤᠷᠠᠯᠴᠠᠭ᠎ᠠ᠎ᠪᠠᠷ ᠠᠵᠠ ᠲᠣᠬᠢᠶᠠᠯ ᠪᠣᠯᠭ᠋ᠠᠨ᠂ ᠰᠤᠷᠭ᠋ᠠᠭᠤᠯᠢ ᠵᠢᠨ ᠳᠣᠲᠣᠷᠠᠬᠢ ᠡᠬᠢ ᠪᠠᠶᠠᠯᠢᠭ᠎ᠢ ᠤᠯᠠᠮ ᠨᠢᠭᠡ ᠠᠯᠬᠤᠮ ᠡᠮᠬᠢᠯᠡᠨ ᠨᠡᠶ᠋ᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠯᠦᠭᠡ ᠨᠢᠭᠲᠠ ᠨᠡᠪᠲᠡᠷᠡᠯᠴᠡᠨ ᠬᠠᠷᠢᠯᠴᠠᠵᠤ᠂ ᠡᠯ᠎ᠡ ᠲᠥᠷᠥᠯ ᠵᠦᠢ᠍ᠯ᠎ᠤᠨ ᠪᠣᠳᠠᠲᠠᠶ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ᠂ ᠪᠤᠲᠠᠲᠠᠢ ᠦᠷ᠎ᠡ ᠪᠦᠲᠦᠮᠵᠢ ᠣᠯᠬᠤ᠎ᠪᠠᠷ ᠱᠠᠭ᠋ᠠᠷᠳᠠᠨ᠎ᠠ᠃
      ᠵᠤᠤ ᠳ᠋ᠦᠩ ᠬᠠᠢ ᠬᠡᠯᠡᠯᠴᠡᠭᠡᠷ᠎ᠲᠤ ᠭᠠᠷ᠎ᠤᠨ ᠦᠰᠦᠭ ᠵᠢᠷᠤᠬᠤ᠎ᠠᠴᠠ ᠡᠮᠦᠨ᠎ᠡ ᠬᠣᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠠᠬᠤᠶ ᠪᠠᠢ᠌ᠳᠠᠯ ᠵᠢᠴᠢ ᠡᠮᠦᠨᠡᠬᠢ ᠬᠤᠭᠤᠴᠠᠭ᠋ᠠᠨ᠎ᠤ ᠪᠡᠯᠡᠳᠬᠡᠯ᠎ᠤᠨ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠲᠣᠰ ᠤᠳᠠᠭ᠎ᠠ ᠵᠢᠨ ᠬᠠᠮᠲᠤᠷᠠᠯᠴᠠᠭ᠎ᠠ ᠪᠣᠯ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠪᠦᠲᠦᠴᠡ ᠵᠢᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠲᠣᠬᠢᠷᠠᠭᠤᠯᠤᠯᠲᠠ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠦ᠂ ᠥᠪᠥᠷ ᠮᠣᠩᠭᠣᠯ᠎ᠤᠨ ᠰᠣᠶᠣᠯ᠎ᠤᠨ ᠬᠦᠴᠦᠷᠬᠡᠭ ᠣᠷᠣᠨ᠎ᠢ ᠪᠦᠲᠦᠭᠡᠨ ᠪᠠᠢ᠌ᠭᠤᠯᠬᠤ᠎ᠳᠤ ᠰᠠᠨᠠᠭ᠋ᠠᠴᠢᠯᠠᠭ᠋ᠠᠲᠠᠢ ᠠᠭᠤᠰᠤᠯᠴᠠᠭᠰᠠᠨ ᠢᠳᠡᠪᠬᠢᠲᠦ ᠦᠢ᠍ᠯᠡᠳᠦᠯᠭᠡ ᠪᠣᠯᠤᠨ᠎ᠠ᠃ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠨᠡᠪᠲᠡᠷᠡᠭᠦᠯᠬᠦ ᠡᠯ᠎ᠡ ᠭᠣᠭᠴᠣᠭ᠎ᠠ᠎ᠳᠤ ᠬᠦᠴᠦᠯᠡᠵᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ᠎ᠳᠤ ᠪᠠᠭᠰᠢ ᠵᠢᠨ ᠶᠡᠬᠡ ᠰᠤᠷᠭ᠋ᠠᠭᠤᠯᠢ ᠵᠢᠨ ᠣᠶᠤᠨ ᠤᠬᠠᠭ᠋ᠠᠨ ᠵᠶ᠋ᠡᠨ ᠨᠡᠮᠡᠷᠢᠯᠡᠨ᠎ᠡ ᠭᠡᠪᠡ᠃

ᠢᠷᠡᠯᠲᠡ᠄ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ
          
ᠬᠠᠮᠢᠶ᠎ᠡ ᠪᠦᠬᠦᠢ ᠰᠣᠨᠢᠨ
ᠣᠯᠠᠭ᠋ᠠᠨᠮᠦ᠋ᠴᠢᠷ᠎ᠤᠨ᠎ᠬᠢᠨ ᠲᠠᠨ᠎ᠢ ᠳᠠᠭ᠋ᠠᠭᠣᠯᠣᠨ ᠰᠣᠨᠢᠷᠬᠠᠭᠣᠯᠬᠣ ᠦᠵᠡᠰᠭᠦᠯᠡᠩᠳᠦ ᠰᠠᠢ᠌ᠬᠠᠨ ᠦᠪᠦᠷ ᠮᠣᠩᠭᠣᠯ᠎ᠤᠨ ᠰᠣᠶᠣᠯ ᠵᠢᠭᠣᠯᠴᠢᠯᠡᠯ᠎ᠤᠨ ᠰᠢᠨ᠎ᠡ ᠵᠢ ᠡᠭᠦᠳᠬᠦ ᠵᠢ ᠲᠠᠨᠢᠯᠴᠠᠭᠣᠯᠬᠣ ᠠᠵᠢᠯᠯᠠᠭ᠎ᠠ ᠱᠠᠩᠬᠠᠢ᠎ᠳᠤ ᠶᠠᠪᠣᠭᠳᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠮᠣᠩᠭᠤᠯ ᠰᠦᠯᠵᠢᠶ᠎ᠡ ᠠᠰᠢᠭᠯᠠᠯᠲᠠ᠎ᠳᠤ ᠣᠷᠤᠯ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠴᠢᠨᠠᠷ ᠰᠠᠶ᠋ᠢᠲᠠᠶ ᠠᠭᠤᠰᠤᠯᠳᠤᠨ ᠬᠥᠭᠵᠢᠬᠦ ᠪᠣᠯᠪᠠᠰᠤᠷᠠᠭᠤᠯᠤᠯ᠎ᠤᠨ ᠠᠩᠭᠢ ᠵᠧᠵᠢᠶᠠᠩ ᠮᠤᠵᠢ ᠵᠢᠨ ᠬᠣᠵᠧᠤ ᠬᠣᠲᠠ᠎ᠳᠤ ᠰᠤᠷᠤᠯᠭ᠎ᠠ ᠡᠬᠢᠯᠡᠪᠡ
ᠶᠠᠷᠢᠶᠠᠲᠤ ᠵᠦᠴᠦᠭᠡ 《ᠬᠤᠷᠤᠭᠤᠨ ᠲᠠᠮᠠᠭ᠎ᠠ》᠎ᠤᠨ ᠨᠢᠭᠲᠠᠷᠠᠯ᠎ᠤᠨ ᠬᠦᠴᠦᠨ ᠬᠥᠮᠦᠨ᠎ᠤ ᠰᠡᠳᠬᠢᠯ᠎ᠢ ᠬᠦᠳᠡᠯᠭᠡᠨ᠎ᠡ
《ᠤᠯᠠᠭ᠋ᠠᠨᠮᠥ᠋ᠴᠢᠷ ᠲᠠᠨ᠎ᠢ ᠳᠠᠭ᠋ᠠᠭᠤᠯᠤᠨ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠷ ᠵᠢᠭᠤᠯᠴᠢᠯᠠᠭᠤᠯᠤᠶ᠎ᠠ》 ᠰᠣᠶᠣᠯ ᠵᠢᠭᠤᠯᠴᠢᠯᠠᠯ᠎ᠤᠨ ᠰᠢᠨ᠎ᠡ ᠵᠢ ᠡᠭᠦᠳᠬᠦ ᠲᠠᠨᠢᠯᠴᠠᠭᠤᠯᠭ᠎ᠠ ᠵᠢᠨ ᠠᠵᠢᠯᠯᠠᠭ᠎ᠠ ᠬᠠᠩᠵᠧᠦ ᠬᠣᠲᠠ᠎ᠳᠤ ᠶᠠᠪᠤᠭᠳᠠᠪᠠ
 
            