
10 ᠰᠠᠷ᠎ᠠ ᠵᠢᠨ 25᠎ᠤ ᠡᠳᠦᠷ᠂ ᠣᠯᠠᠭ᠋ᠠᠨᠮᠦᠴᠢᠷᠤᠨᠬᠢᠨ ᠲᠠᠨ᠎ᠢ ᠳᠠᠭ᠋ᠠᠭᠣᠯᠣᠨ ᠰᠣᠨᠢᠷᠬᠠᠭᠣᠯᠬᠣ ᠦᠵᠡᠰᠭᠦᠯᠡᠩᠳᠦ ᠰᠠᠢ᠌ᠬᠠᠨ ᠦᠪᠦᠷ ᠮᠣᠩᠭᠣᠯ᠎ᠤᠨ ᠰᠣᠶᠣᠯ ᠵᠢᠭᠣᠯᠴᠢᠡᠯᠡᠯᠤᠨ ᠰᠢᠨ᠎ᠡ ᠵᠢ ᠡᠭᠦᠳᠬᠦ ᠵᠢ ᠲᠠᠨᠢᠯᠴᠠᠭᠣᠯᠬᠤ ᠠᠵᠢᠯᠯᠠᠭ᠎ᠠ ᠱᠠᠩᠬᠠᠶ ᠬᠣᠲᠠ ᠵᠢᠨ ᠰᠢᠤᠢ ᠬᠤᠢ ᠵᠧᠩ ᠳ᠋ᠠ ᠯᠸ ᠬᠣᠲᠠᠬᠠᠨᠤ ᠨᠢᠭᠡᠳᠦᠭᠡᠷ ᠳᠠᠪᠬᠤᠷᠯᠢᠭ᠎ᠤᠨ ᠲᠦᠪ ᠲᠢᠩᠬᠢᠮ᠎ᠳᠤ ᠶᠠᠪᠤᠭᠳᠠᠪᠠ ᠃ ᠲᠣᠰ ᠤᠳᠠᠭ᠎ᠠ ᠵᠢᠨ ᠲᠠᠨᠢᠯᠴᠠᠭᠤᠯᠭ᠎ᠠ ᠵᠢᠨ ᠠᠵᠢᠯᠯᠠᠭ᠎ᠠ᠎ᠨᠢ ᠤᠯᠠᠭ᠋ᠠᠨᠮᠥ᠋ᠴᠢᠷ᠎ᠤᠨ ᠲᠣᠭᠯᠠᠯᠲᠠ ᠪᠣᠯᠤᠨ ᠥᠪᠥᠷ ᠮᠣᠩᠭᠣᠯ᠎ᠤᠨ ᠰᠣᠶᠣᠯ ᠵᠢᠭᠣᠯᠴᠢᠯᠡᠯ᠎ᠤᠨ ᠥᠪᠡᠷᠮᠢᠴᠡ ᠣᠨᠴᠠᠯᠢᠭ᠎ᠲᠠᠢ ᠭᠢᠯᠪᠠᠭ᠋ᠠᠨ ᠳᠡᠯᠭᠡᠭᠦᠷ᠎ᠢ ᠤᠶᠠᠯᠳᠤᠭᠤᠯᠤᠭᠰᠠᠨ ᠬᠡᠯᠪᠡᠷᠢ᠎ᠪᠠᠷ ᠳᠠᠮᠵᠢᠭᠤᠯᠤᠨ᠂ ᠤᠳᠬ᠎ᠠ ᠤᠷᠠᠯᠢᠭ᠎ᠤᠨ ᠦᠵᠡᠭᠦᠯᠦᠯᠭᠡ᠂ ᠵᠢᠭᠣᠯᠴᠢᠯᠡᠯ᠎ᠤᠨ ᠳᠦᠷᠢ ᠲᠥᠷᠬᠦ ᠵᠢᠨ ᠦᠵᠡᠭᠦᠯᠦᠯᠭᠡ᠂ ᠰᠣᠶᠣᠯ ᠵᠢᠭᠣᠯᠴᠢᠯᠡᠯ᠎ᠤᠨ ᠪᠦᠲᠦᠭᠡᠭᠳᠡᠬᠦᠨ᠎ᠤ ᠲᠠᠨᠢᠯᠴᠠᠭᠤᠯᠭ᠎ᠠ ᠵᠡᠷᠭᠡ ᠠᠭᠤᠯᠭ᠎ᠠ ᠵᠢ ᠨᠢᠭᠡ ᠴᠣᠭᠴᠠᠵᠢᠭᠤᠯᠤᠭᠰᠠᠨ ᠪᠠᠶ᠋ᠢᠨ᠎ᠠ᠃ ᠠᠵᠢᠯᠯᠠᠭ᠎ᠠ᠎ᠨᠢ 25᠎ᠤ ᠡᠳᠦᠷ᠎ᠠᠴᠠ 27᠎ᠤ ᠡᠳᠦᠷ ᠪᠣᠯᠲᠠᠯ᠎ᠠ ᠦᠷᠭᠦᠯᠵᠢᠯᠡᠵᠦ᠂ ᠡᠨᠡ ᠬᠤᠭᠤᠴᠠᠭ᠋ᠠᠨ᠎ᠳᠤ ᠣᠯᠠᠨ ᠲᠠᠯᠠᠪᠤᠷ ᠤᠯᠠᠭ᠋ᠠᠨᠮᠥ᠋ᠴᠢᠷ᠎ᠤᠨ ᠲᠣᠭᠯᠠᠯᠲᠠ ᠵᠢᠴᠢ ᠲᠠᠨᠢᠯᠴᠠᠭᠤᠯᠭ᠎ᠠ ᠵᠢ ᠥᠷᠨᠢᠭᠦᠯᠵᠦ᠂ ᠱᠠᠩᠬᠠᠶ ᠬᠣᠳᠠ ᠵᠢᠨ ᠬᠣᠲᠠ ᠵᠢᠨ ᠠᠷᠠᠳ᠎ᠲᠤ ᠥᠪᠥᠷ ᠮᠣᠩᠭᠣᠯ᠎ᠤᠨ ᠡᠯᠪᠡᠭ ᠪᠠᠶᠠᠯᠢᠭ ᠰᠣᠶᠣᠯ ᠪᠠ ᠵᠢᠭᠣᠯᠴᠢᠯᠡᠯ᠎ᠤᠨ ᠡᠬᠢ ᠪᠠᠶᠠᠯᠢᠭ᠎ᠢ ᠭᠦᠢ᠍ᠴᠡᠳ ᠳᠡᠯᠭᠡᠨ ᠦᠵᠡᠭᠦᠯᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠢᠤᠢ ᡁᠢ ᠭᠦᠸᠧ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠪᠠᠶᠠᠷ᠎ᠤᠨ ᠦᠭᠡ ᠬᠡᠯᠡᠵᠡᠶ ᠃ ᠪᠥᠬᠥ ᠤᠯᠤᠰ ᠤᠨ ᠡᠯ᠎ᠡ ᠵᠠᠭᠤᠴᠢᠯᠠᠭᠤᠷ᠎ᠤᠨ ᠰᠤᠷᠪᠤᠯᠵᠢᠯᠠᠭᠴᠢ᠂ ᠱᠠᠩᠬᠠᠶ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠦᠯᠦᠭᠯᠡᠯ᠂ ᠬᠡᠰᠡᠭ ᠠᠶ᠋ᠢᠮᠠᠭ ᠬᠣᠲᠠ ᠵᠢᠨ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ ᠵᠢᠴᠢ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠵᠢᠭᠤᠯᠴᠢᠯᠠᠯ᠎ᠤᠨ ᠭᠠᠵᠠᠷ᠎ᠤᠨ ᠲᠥᠯᠥᠭᠡᠯᠡᠭᠴᠢ 200 ᠰᠢᠬᠠᠮ ᠬᠥᠮᠥᠨ ᠲᠣᠰ ᠤᠳᠠᠭ᠋ᠠᠨ᠎ᠤ ᠠᠵᠢᠯᠯᠠᠭ᠎ᠠ᠎ᠳᠤ ᠣᠷᠣᠯᠴᠠᠪᠠ᠃
ᠢᠤᠢ ᡁᠢ ᠭᠦᠸᠧ ᠪᠠᠶᠠᠷ᠎ᠤᠨ ᠦᠭᠡ᠎ᠳᠤ᠎ᠪᠠᠨ᠄ 《 ᠵᠢᠭᠣᠯᠴᠢᠯᠡᠯᠨᠢ ᠱᠠᠩᠬᠠᠶ ᠥᠪᠥᠷ ᠮᠣᠩᠭᠣᠯ ᠬᠣᠶᠡᠷ ᠣᠷᠣᠨ᠎ᠤ ᠠᠵᠤ ᠠᠬᠤᠶ᠂ ᠰᠣᠶᠣᠯ ᠵᠡᠷᠭᠡ ᠲᠠᠯ᠎ᠠ ᠵᠢᠨ ᠰᠣᠯᠢᠯᠴᠠᠭ᠎ᠠ ᠵᠢ ᠠᠬᠢᠭᠤᠯᠵᠤ᠂ ᠨᠠᠩ ᠴᠤ᠌ ᠬᠣᠶᠡᠷ ᠣᠷᠣᠨ᠎ᠤ ᠠᠷᠠᠳ ᠲᠦᠮᠡᠨ᠎ᠤ ᠬᠠᠶ᠋ᠢᠷ᠎ᠠ ᠰᠡᠳᠬᠢᠯᠭᠡ ᠵᠢᠨ ᠲᠠᠯ᠎ᠠ ᠵᠢᠨ ᠰᠣᠯᠢᠯᠴᠠᠭ᠎ᠠ ᠵᠢ ᠳᠠᠭ᠋ᠠᠭᠣᠯᠣᠨ ᠳᠠᠢ᠌ᠴᠢᠯᠠᠪᠠ᠂ ᠲᠡᠷᠡᠴᠢᠯᠡᠨ᠂ ᠤᠯᠠᠭ᠋ᠠᠨᠮᠦ᠋ᠴᠢᠷ ᠲᠠᠨ᠎ᠢ ᠳᠠᠭ᠋ᠠᠭᠣᠯᠣᠨ ᠰᠣᠨᠢᠷᠬᠠᠭᠣᠯᠬᠣ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠰᠣᠶᠣᠯ ᠵᠢᠭᠣᠯᠴᠢᠯᠡᠯ᠎ᠤᠨ ᠰᠢᠨ᠎ᠡ ᠵᠢ ᠡᠭᠦᠳᠬᠦ ᠵᠢ ᠲᠠᠨᠢᠯᠴᠠᠭᠤᠯᠬᠤ ᠠᠵᠢᠯᠯᠠᠭ᠎ᠠ ᠱᠠᠩᠬᠠᠶ᠎ᠳᠤ ᠦᠷᠲᠡᠭᠡᠯᠡᠨ ᠶᠠᠪᠣᠭᠳᠠᠭᠰᠠᠨ᠎ᠨᠢ ᠱᠠᠩᠬᠠᠶ ᠪᠣᠯᠣᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠡᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠤᠯᠠᠮ ᠴᠢᠨᠠᠭᠰᠢᠳᠠ ᠭᠦᠨᠵᠡᠭᠡᠶ᠋ᠢᠷᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ》 ᠭᠡᠵᠡᠶ᠃ ᠲᠡᠷᠡ ᠪᠠᠰᠠ᠂ ᠪᠦᠬᠦ ᠣᠯᠣᠰ᠎ᠤᠨ ᠵᠢᠭᠣᠯᠴᠢᠯᠠᠭᠴᠢᠳᠲᠤ ᠣᠷᠢᠯᠭ᠎ᠠ ᠲᠠᠯᠪᠢᠵᠣ᠂ ᠦᠷᠭᠡᠨ ᠤᠯᠠᠨ ᠵᠢᠭᠣᠯᠴᠢᠯᠠᠭᠴᠢᠳ ᠮᠠᠨᠢ ᠡᠨᠡ ᠡᠪᠣᠯ ᠦᠪᠣᠷ ᠮᠣᠩᠭᠣᠯ᠎ᠳᠤ ᠬᠦᠷᠴᠤ᠂ ᠪᠦᠬᠦ ᠣᠯᠣᠰ᠎ᠤᠨ ᠠᠷᠪᠠᠨ ᠳᠦᠷᠪᠡᠳᠦᠭᠡᠷ ᠬᠣᠭᠣᠴᠠᠭ᠋ᠠᠨ᠎ᠤ ᠡᠪᠣᠯ᠎ᠤᠨ ᠣᠯᠠᠷᠢᠯ᠎ᠤᠨ ᠲᠠᠮᠢᠷ᠎ᠤᠨ ᠴᠣᠭᠯᠠᠭ᠋ᠠᠨᠢ ᠰᠣᠨᠢᠷᠬᠠᠨ᠂ ᠦᠪᠣᠷ ᠮᠣᠩᠭᠣᠯ᠎ᠤᠨ ᠦᠪᠡᠷᠮᠢᠴᠡ ᠰᠣᠨᠢᠷᠬᠠᠯᠲᠠᠢ ᠴᠠᠰᠤ ᠮᠦᠰᠤᠨᠤ ᠪᠦᠬᠦ ᠠᠷᠠᠳ᠎ᠤᠨ ᠦᠷᠢᠰᠦᠯᠳᠦᠭᠡᠨᠳᠦ ᠤᠷᠤᠯᠳᠣᠭ᠋ᠠᠨᠳᠤ ᠣᠷᠣᠯᠴᠠᠵᠣ᠂ ᠦᠪᠣᠷ ᠮᠣᠩᠭᠣᠯ᠎ᠤᠨ ᠡᠪᠣᠯ᠎ᠤᠨ ᠣᠯᠠᠷᠢᠯ᠎ᠤᠨ ᠵᠠᠩ ᠦᠢ᠍ᠯᠡ᠂ ᠦᠩᠭᠡ ᠦᠵᠡᠮᠵᠢ᠎ᠲᠠᠢ ᠲᠠᠨᠢᠯᠴᠠᠨ᠂ ᠦᠪᠡᠷᠮᠢᠴᠡ ᠣᠨᠴᠠᠯᠢᠭ᠎ᠲᠠᠢ ᠬᠦᠭ ᠠᠶᠠᠰ᠎ᠢ ᠠᠮᠲᠠᠷᠬᠠᠵᠣ᠂ ᠦᠪᠣᠷ ᠮᠣᠩᠭᠣᠯ᠎ᠤᠨ ᠠᠷᠠᠳ ᠲᠦᠮᠡᠨ᠎ᠤ ᠠᠵᠢᠯᠴᠢ ᠪᠣᠷᠣᠭᠵᠢᠭᠣᠨ ᠬᠠᠯᠠᠭᠣᠨ ᠲᠣᠲᠣᠨᠣ ᠣᠭᠳᠣᠯᠭ᠎ᠠ ᠵᠢ ᠬᠦᠯᠢᠶᠡᠭᠡᠷᠡᠢ ᠭᠡᠪᠡ᠃
ᠪᠥᠬᠥ ᠤᠯᠤᠰ᠎ᠤᠨ ᠠᠷᠪᠠᠨ ᠲᠦᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ 2020 ᠣᠨ᠎ᠤ 2 ᠰᠠᠷ᠎ᠠ᠎ᠳᠤ ᠥᠪᠥᠷ ᠮᠣᠩᠭᠣᠯ᠎ᠤᠨ ᠬᠥᠯᠥᠨ ᠪᠣᠶ᠋ᠢᠷ ᠬᠣᠲᠠ᠎ᠳᠤ ᠡᠷᠬᠢᠯᠡᠬᠦ᠎ᠪᠠᠷ ᠲᠣᠭᠳᠠᠪᠠ᠂ ᠡᠭᠦᠨ ᠵᠶ᠋ᠠᠷ ᠠᠵᠠ ᠲᠣᠬᠢᠶᠠᠯ ᠪᠣᠯᠭ᠋ᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠦᠵᠡᠰᠬᠦᠯᠡᠩᠲᠦ ᠰᠠᠶ᠋ᠢᠬᠠᠨ ᠤᠮᠠᠷᠠᠲᠤ ᠬᠢᠯᠢ · 《ᠠᠷᠪᠠᠨ ᠳᠥᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠣᠭᠯᠠᠭ᠋ᠠᠨ》 ᠴᠠᠰᠣᠨ ᠭᠣᠯᠭᠣᠯᠲᠠ ᠵᠢᠨ ᠤᠷᠤᠯᠳᠤᠭ᠋ᠠᠨ᠂ ᠦᠵᠡᠰᠬᠦᠯᠡᠩᠲᠦ ᠰᠠᠶ᠋ᠢᠬᠠᠨ ᠤᠮᠠᠷᠠᠲᠤ ᠬᠢᠯᠢ · ᠬᠢᠩᠭ᠋ᠠᠨ ᠠᠢ᠌ᠮᠠᠭ᠎ᠤᠨ ᠮᠥᠰᠥ ᠴᠠᠰᠤ ᠣᠢ ᠰᠢᠭᠤᠶ ᠵᠢᠨ ᠬᠠᠯᠠᠭᠤᠨ ᠷᠠᠰᠢᠶᠠᠨ᠎ᠤ ᠰᠡᠯᠡᠭᠦᠴᠡᠯ᠎ᠤᠨ ᠠᠶᠠᠯᠠᠯ ᠵᠡᠷᠭᠡ ᠥᠪᠥᠷ ᠮᠣᠩᠭᠣᠯ᠎ᠤᠨ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠠᠷᠪᠠᠨ ᠶᠡᠬᠡ ᠰᠣᠳᠣᠨ ᠵᠠᠮ ᠱᠤᠭᠤᠮ ᠵᠢᠴᠢ ᠥᠪᠥᠷ ᠮᠣᠩᠭᠣᠯ᠎ᠤᠨ ᠣᠨᠴᠠᠯᠢᠭᠳᠦ ᠦᠨᠦᠷ ᠠᠮᠲᠠ᠂ ᠮᠥᠰᠥ ᠴᠠᠰᠤᠨ᠎ᠤ ᠨᠠᠭ᠋ᠠᠳᠤᠮ ᠵᠡᠷᠭᠡ ᠵᠢᠭᠤᠯᠴᠢᠯᠠᠯ᠎ᠤᠨ ᠨᠡᠷᠡᠲᠦ ᠲᠡᠮᠳᠡᠭ᠎ᠢ ᠭᠠᠷᠭ᠋ᠠᠵᠤ᠂ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠪᠦᠲᠦᠭᠡᠭᠳᠡᠬᠦᠨ᠂ ᠵᠠᠮ ᠱᠤᠭᠤᠮ᠎ᠤᠨ ᠬᠠᠩᠭ᠋ᠠᠯᠭ᠎ᠠ ᠵᠢ ᠪᠠᠶᠠᠯᠢᠭᠵᠢᠭᠤᠯᠵᠤ᠂ ᠨᠠᠩ ᠣᠯᠠᠨ ᠵᠢᠭᠣᠯᠴᠢᠯᠠᠭᠴᠢᠳ ᠲᠤ ᠥᠪᠥᠷ ᠮᠣᠩᠭᠣᠯ᠎ᠤᠨ ᠡᠪᠦᠯ᠎ᠤᠨ ᠤᠯᠠᠷᠢᠯ᠎ᠤᠨ ᠵᠢᠭᠤᠯᠴᠢᠯᠠᠯ᠎ᠢ ᠪᠡᠶᠡᠴᠢᠯᠡᠨ ᠦᠢ᠍ᠯᠠᠭ᠋ᠠᠭᠣᠯᠬᠣ ᠪᠣᠯᠣᠨ᠎ᠠ; ᠥᠪᠥᠷ ᠮᠣᠩᠭᠣᠯ᠎ᠤᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠦᠯᠦᠭᠯᠡᠯ᠎ᠤᠨ᠎ᠬᠢᠨ ᠱᠠᠩᠬᠠᠶ᠎ᠠᠴᠠ ᠥᠪᠥᠷ ᠮᠣᠩᠭᠣᠯ ᠬᠦᠷᠬᠦ ᠠᠶᠠᠯᠠᠯ᠎ᠤᠨ ᠱᠤᠭᠤᠮ ᠵᠢᠴᠢ ᠬᠦᠬᠡᠬᠣᠳᠡ᠎ᠳᠤ ᠬᠦᠷᠦᠭᠰᠡᠨ᠎ᠤ ᠳᠠᠷᠠᠭ᠎ᠠ ᠨᠢᠰᠬᠡᠯ ᠰᠣᠯᠢᠵᠤ ᠬᠦᠷᠴᠦ ᠪᠣᠯᠬᠤ ᠥᠪᠥᠷ ᠮᠣᠩᠭᠣᠯ᠎ᠤᠨ ᠡᠯ᠎ᠡ ᠠᠢ᠌ᠮᠠᠭ ᠬᠣᠲᠠ ᠵᠢᠨ ᠨᠢᠰᠬᠡᠯ᠎ᠤᠨ ᠡᠭᠡᠯᠵᠢ ᠵᠢᠨ ᠮᠡᠳᠡᠭᠡ ᠵᠠᠩᠭᠢ ᠵᠢ ᠲᠠᠨᠢᠯᠴᠠᠭᠤᠯᠵᠤ᠂ ᠥᠷᠭᠡᠨ ᠣᠯᠠᠨ ᠵᠢᠭᠣᠯᠴᠢᠯᠠᠭᠴᠢᠳᠤᠨ ᠡᠪᠦᠯ᠎ᠤᠨ ᠵᠢᠭᠤᠯᠴᠢᠯᠠᠯ᠎ᠳᠤᠨᠢ ᠨᠠᠩ ᠳᠥᠭᠥᠮ ᠳᠥᠲᠡ ᠶᠠᠪᠤᠵᠤ ᠰᠠᠭᠤᠬᠤ ᠮᠡᠳᠡᠭᠡ ᠵᠠᠩᠭᠢ ᠵᠢ ᠬᠠᠩᠭ᠋ᠠᠨ᠎ᠠ; ᠲᠤᠬᠠᠶ ᠵᠢᠨ ᠲᠠᠯᠠᠪᠠᠢ᠎ᠳᠤ ᠪᠠᠰᠠ ᠮᠥᠰᠥ ᠴᠠᠰᠤᠨ᠎ᠤ ᠪᠦᠬᠦ ᠠᠷᠠᠳ᠎ᠤᠨ ᠥᠷᠢᠰᠥᠯᠳᠦᠭᠡᠨ᠎ᠤ ᠤᠷᠤᠯᠳᠤᠭ᠋ᠠᠨ᠎ᠳᠤ ᠤᠬᠠᠭᠤᠯᠭ᠎ᠠ ᠬᠢᠵᠦ᠂ ᠨᠠᠩ ᠣᠯᠠᠨ ᠵᠢᠭᠣᠯᠴᠢᠯᠠᠭᠴᠢᠳᠢ ᠤᠷᠢᠵᠤ᠂ ᠥᠪᠥᠷ ᠮᠣᠩᠭᠣᠯ᠎ᠤᠨ ᠡᠪᠦᠯ᠎ᠤᠨ ᠤᠯᠠᠷᠢᠯ᠎ᠤᠨ ᠠᠵᠢᠯᠯᠠᠭ᠎ᠠ᠎ᠳᠤ ᠣᠷᠣᠯᠴᠠᠭᠣᠯᠬᠣ ᠪᠣᠯᠣᠨ᠎ᠠ᠃
ᠠᠵᠢᠯᠯᠠᠭ᠎ᠠ ᠵᠢᠨ ᠲᠤᠬᠠᠶ ᠵᠢᠨ ᠲᠠᠯᠠᠪᠠᠢ᠎ᠳᠤ᠂ ᠤᠯᠠᠭ᠋ᠠᠨᠬᠠᠳᠠ ᠬᠣᠲᠠ ᠵᠢᠨ ᠰᠢᠭᠤᠳ ᠬᠠᠷᠢᠶ᠎ᠠ ᠤᠯᠠᠭ᠋ᠠᠨᠮᠥ᠋ᠴᠢᠷ᠎ᠤᠨ ᠲᠣᠭᠯᠠᠯᠲᠠ ᠵᠢᠨ ᠪᠦᠯᠬᠦᠮ ᠥᠪᠥᠷ ᠮᠣᠩᠭᠣᠯ᠎ᠤᠨ ᠠᠷᠠᠳ ᠲᠦᠮᠡᠨ᠎ᠤ ᠬᠦᠰᠡᠯ ᠵᠥᠩᠨᠡᠯ ᠪᠠ ᠬᠠᠯᠠᠭᠤᠨ ᠰᠡᠳᠬᠢᠯᠭᠡ ᠵᠢ ᠡᠪᠦᠷᠯᠡᠨ ᠂ ᠣᠯᠠᠨ ᠲᠦᠮᠡᠨ ᠤ ᠴᠤᠭ ᠵᠢᠪᠬᠣᠭ᠎ᠠ ᠵᠢ ᠬᠠᠷᠠᠭᠣᠯᠣᠭᠰᠠᠨ᠂ ᠤᠯᠠᠮᠵᠢᠯᠠᠭᠳᠠᠵᠤ ᠴᠢᠳᠠᠬᠣᠢ᠌ᠴᠠ᠂ ᠦᠪ ᠣᠯᠠᠮᠵᠢᠯᠠᠯᠳᠦ ᠰᠢᠯᠢᠳᠡᠭ ᠪᠦᠲᠦᠭᠡᠯ ᠵᠶ᠋ᠠᠨ ᠠᠪᠴᠤ ᠱᠠᠩᠬᠠᠢ᠎ᠳᠤ ᠢᠷᠡᠭᠡᠳ᠂ ᠤᠷᠲᠤ ᠵᠢᠨ ᠳᠠᠭᠤᠤ᠂ ᠬᠦᠮᠠᠢ᠂ ᠮᠣᠷᠢᠨ ᠬᠤᠭᠤᠷ᠎ᠤᠨ ᠬᠥᠭᠵᠢᠮ ᠵᠡᠷᠭᠡ ᠭᠣᠢ᠌ᠳᠠ ᠰᠠᠢ᠌ᠬᠠᠨ ᠲᠣᠭᠯᠠᠯᠲᠠ ᠪᠠᠷ ᠵᠶ᠋ᠠᠨ ᠲᠣᠬᠠᠢ ᠵᠢᠨ ᠲᠠᠯᠠᠪᠠᠢ ᠵᠢᠨ ᠥᠷᠭᠡᠨ ᠣᠯᠠᠨ ᠵᠢᠭᠣᠯᠴᠢᠯᠠᠭᠴᠢᠳᠲᠤ ᠥᠪᠥᠷ ᠮᠣᠩᠭᠣᠯ᠎ᠤᠨ ᠥᠪᠡᠷᠮᠢᠴᠡ ᠣᠨᠴᠠᠯᠢᠭ᠎ᠲᠠᠢ ᠠᠷᠠᠳ᠎ᠤᠨ ᠵᠠᠩ ᠦᠢ᠍ᠯᠡ ᠵᠢᠨ ᠰᠣᠶᠣᠯ᠎ᠤᠨ ᠷᠢᠳᠢ ᠰᠢᠳᠢ ᠵᠢ ᠮᠡᠳᠡᠷᠡᠭᠦᠯᠵᠦ᠂ ᠵᠢᠭᠣᠯᠴᠢᠯᠠᠭᠴᠢᠳᠤᠨ ᠬᠠᠯᠠᠭᠤᠨ ᠠᠯᠠᠭ᠎ᠠ ᠲᠡᠰᠢᠯᠲᠡ ᠪᠠ ᠮᠠᠭᠲᠠᠭ᠋ᠠᠯ ᠰᠠᠶ᠋ᠢᠰᠢᠶᠠᠯ᠎ᠢ ᠣᠯᠵᠠᠶ᠃
ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠣᠨᠴᠠᠯᠢᠭᠲᠤ ᠭᠢᠯᠪᠠᠭ᠋ᠠᠨ ᠳᠡᠯᠭᠡᠭᠦᠷ᠎ᠲᠤ᠂ ᠵᠢᠷᠭᠣᠭ᠋ᠠᠨ ᠶᠡᠬᠡ ᠳᠡᠯᠭᠡᠨ ᠦᠵᠡᠭᠦᠯᠦᠯᠭᠡ ᠵᠢᠨ ᠲᠣᠭᠣᠷᠢᠭ ᠭᠠᠷᠭ᠋ᠠᠵᠠᠶ᠄ ᠰᠣᠨᠢᠷᠬᠠᠯᠲᠤ ᠥᠷᠢᠰᠥᠯᠳᠦᠭᠡᠨ᠎ᠤ ᠲᠣᠭᠣᠷᠢᠭ᠎ᠲᠤ ᠪᠡᠶᠡᠴᠢᠯᠡᠨ ᠣᠶ᠋ᠢᠯᠠᠭ᠋ᠠᠬᠤ ᠺᠠᠷᠲ ᠲᠣᠬᠢᠷᠠᠭᠤᠯᠵᠤ᠂ ᠵᠢᠭᠣᠯᠴᠢᠯᠠᠭᠴᠢᠳ ᠡᠭᠦᠷᠭᠡ᠎ᠪᠠᠨ ᠪᠡᠶᠡᠯᠡᠭᠦᠯᠬᠦ ᠬᠡᠯᠪᠡᠷᠢ᠎ᠪᠠᠷ ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠮᠡᠳᠡᠭᠡ ᠵᠠᠩᠭᠢ ᠵᠢ ᠣᠶ᠋ᠢᠯᠠᠭ᠋ᠠᠵᠤ ᠪᠣᠯᠤᠨ᠎ᠠ; 《 ᠲᠠ ᠥᠪᠥᠷ ᠮᠣᠩᠭᠣᠯ᠎ᠢ ᠤᠢ᠌ᠯᠠᠭ᠋ᠠᠨᠠ ᠤᠤ ?》 《ᠲᠠ ᠥᠪᠥᠷ ᠮᠣᠩᠭᠣᠯ᠎ᠳᠤ ᠵᠢᠭᠤᠯᠴᠢᠯᠠᠬᠤ ᠰᠠᠨᠠᠭ᠎ᠠ᠎ᠲᠠᠢ ᠤᠤ?》 ᠵᠡᠷᠭᠡ ᠠᠰᠠᠭᠣᠯᠲᠠᠳᠤ ᠴᠢᠭᠯᠡᠭᠦᠯᠦᠨ᠂ ᠲᠤᠬᠠᠶ ᠵᠢᠨ ᠲᠠᠯᠠᠪᠠᠢ᠎ᠳᠤ ᠳᠡᠯᠭᠡᠨ ᠦᠵᠡᠭᠦᠯᠵᠦ ᠪᠠᠢ᠌ᠭ᠎ᠠ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠲᠠᠢ ᠤᠶᠠᠯᠳᠤᠭᠤᠯᠤᠨ᠂ ᠲᠤᠬᠠᠶ ᠵᠢᠨ ᠲᠠᠯᠠᠪᠠᠢ ᠵᠢᠨ ᠦᠵᠡᠭᠴᠢᠳ᠎ᠤᠨ ᠲᠣᠭᠣᠷᠢᠨ ᠦᠵᠡᠬᠦ᠎ᠪᠠᠷ ᠳᠠᠮᠵᠢᠭᠣᠯᠣᠨ ᠬᠠᠷᠢᠭᠤᠯᠲᠠ ᠵᠢ᠎ᠨᠢ ᠡᠷᠢᠬᠦ ᠵᠢᠨ ᠬᠠᠮᠲᠤ ᠥᠪᠥᠷ ᠮᠣᠩᠭᠣᠯ᠎ᠢ ᠤᠢ᠌ᠯᠠᠭ᠋ᠠᠭᠣᠯᠣᠨᠠ; ᠳᠠᠭᠣᠤ ᠬᠦᠭᠵᠢᠮ᠎ᠤᠨ ᠦᠵᠡᠭᠦᠯᠦᠯᠭᠡ ᠵᠢᠨ ᠲᠣᠭᠣᠷᠢᠭ᠎ᠨᠢ ᠳᠠᠭᠤᠤ ᠬᠥᠭᠵᠢᠮ ᠵᠶ᠋ᠠᠷ ᠳᠠᠮᠵᠢᠭᠣᠯᠣᠨ᠂ ᠵᠢᠭᠣᠯᠴᠢᠯᠠᠭᠴᠢᠳᠲᠤ ᠲᠡᠭᠷᠢᠯᠢᠭ ᠡᠭᠡᠰᠢᠭ᠎ᠢ ᠰᠣᠨᠣᠰᠬᠠᠬᠤ ᠳᠤᠮᠳᠠ᠎ᠠᠴᠠ ᠥᠪᠥᠷ ᠮᠣᠩᠭᠣᠯ᠎ᠤᠨ ᠰᠣᠶᠣᠯ ᠤᠷᠠᠯᠢᠭ᠎ᠢ ᠣᠢ᠌ᠯᠠᠭ᠋ᠠᠭᠣᠯᠣᠨᠠ; ᠰᠤᠷ ᠬᠠᠷᠪᠤᠬᠤ ᠵᠢ ᠪᠡᠶᠡᠴᠢᠯᠡᠨ ᠣᠶ᠋ᠢᠯᠠᠭ᠋ᠠᠬᠤ ᠲᠣᠭᠣᠷᠢᠭ᠎ᠨᠢ ᠪᠢᠴᠢᠯ ᠨᠣᠮᠣ᠎ᠪᠠᠷ ᠰᠤᠷ ᠬᠠᠷᠪᠤᠬᠤ ᠵᠢ ᠪᠡᠶᠡᠴᠢᠯᠡᠨ ᠣᠢ᠌ᠯᠠᠭ᠋ᠠᠭᠣᠯᠬᠣᠪᠠᠷ ᠳᠠᠮᠵᠢᠭᠣᠯᠣᠨ ᠵᠢᠭᠣᠯᠴᠢᠯᠠᠭᠴᠢᠳᠲᠤ ᠥᠪᠥᠷ ᠮᠣᠩᠭᠣᠯ᠎ᠳᠤ ᠪᠠᠢ᠌ᠬᠣ ᠰᠢᠭ᠋ ᠲᠦᠷᠦᠭᠳᠡᠯ ᠣᠯᠭᠣᠵᠣ᠂ ᠮᠣᠩᠭᠣᠯ ᠦᠨᠳᠦᠰᠦᠲᠡᠨ᠎ᠤ 《ᠡᠷ᠎ᠡ ᠵᠢᠨ ᠭᠤᠷᠪᠠᠨ ᠨᠠᠭ᠋ᠠᠳᠤᠮ》 ᠤᠨ ᠨᠢᠭᠡᠨ ᠲᠦᠷᠦᠯ ᠰᠤᠷ ᠬᠠᠷᠪᠤᠯᠲᠠ ᠵᠢᠨ ᠰᠣᠶᠣᠯ᠎ᠢ ᠮᠡᠳᠡᠷᠡᠭᠦᠯᠵᠦ᠂ ᠵᠢᠭᠣᠯᠴᠢᠯᠠᠭᠴᠢᠳᠤᠨ ᠣᠷᠣᠯᠴᠠᠬᠤ ᠰᠡᠳᠬᠢᠯᠭᠡ ᠵᠢ ᠣᠷᠭᠢᠯᠣᠭᠣᠯᠣᠨᠠ; ᠵᠢᠭᠤᠯᠴᠢᠯᠠᠯ᠎ᠤᠨ ᠦᠵᠡᠭᠦᠯᠦᠯᠭᠡ ᠵᠢᠨ ᠲᠣᠭᠣᠷᠢᠭ᠎ᠲᠤ᠂ ᠡᠯ᠎ᠡ ᠠᠶ᠋ᠢᠮᠠᠭ ᠬᠣᠲᠠ ᠵᠢᠴᠢ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠲᠥᠯᠥᠭᠡᠯᠡᠭᠴᠢᠳ ᠲᠤᠬᠠᠶ ᠵᠢᠨ ᠲᠠᠯᠠᠪᠠᠢ ᠳᠤ ᠤᠬᠠᠭᠤᠯᠬᠤ ᠮᠠᠲ᠋ᠧᠷᠢᠶᠠᠯ ᠲᠠᠷᠬᠠᠭ᠋ᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠵᠢᠭᠤᠯᠴᠢᠯᠠᠭᠰᠠᠳ᠎ᠲᠤ ᠥᠪᠥᠷ ᠮᠣᠩᠭᠣᠯ᠎ᠤᠨ ᠡᠯ᠎ᠡ ᠠᠶ᠋ᠢᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠡᠬᠢ ᠪᠠᠶᠠᠯᠢᠭ᠎ᠢ ᠨᠠᠩ ᠰᠢᠭᠤᠳ ᠣᠢ᠍ᠯᠠᠭ᠋ᠠᠭᠤᠯᠤᠨᠠ; ᠨᠡᠭᠦᠳᠡᠯ ᠮᠠᠯᠵᠢᠯ᠎ᠤᠨ ᠲᠣᠭᠣᠷᠢᠭ᠎ᠨᠢ ᠥᠪᠥᠷ ᠮᠣᠩᠭᠣᠯ᠎ᠤᠨ ᠬᠥᠬᠡ ᠣᠭᠲᠠᠷᠭᠤᠶ᠂ ᠴᠠᠭ᠋ᠠᠨ ᠡᠭᠦᠯᠡ᠂ ᠬᠠᠰᠠᠭ ᠲᠡᠷᠭᠡ᠂ ᠦᠬᠡᠷ ᠬᠣᠨᠢ᠂ ᠮᠣᠩᠭᠣᠯ ᠭᠡᠷ ᠵᠡᠷᠭᠡ ᠡᠯᠧᠮᠧᠨ᠋ᠲ ᠵᠶ᠋ᠠᠷ ᠳᠠᠮᠵᠢᠭᠣᠯᠣᠨ᠂ ᠵᠢᠭᠣᠯᠴᠢᠯᠠᠭᠴᠢᠳᠲᠤ ᠥᠪᠥᠷ ᠮᠣᠩᠭᠣᠯ᠎ᠤᠨ ᠨᠡᠭᠦᠳᠡᠯ ᠮᠠᠯᠵᠢᠯ᠎ᠤᠨ ᠰᠣᠶᠣᠯ᠎ᠢ ᠤᠯᠠᠮ ᠴᠢᠨᠠᠭᠰᠢᠳᠠ ᠣᠢ᠌ᠯᠠᠭ᠋ᠠᠭᠣᠯᠣᠨᠠ᠃ ᠳᠡᠯᠭᠡᠨ ᠦᠵᠡᠭᠦᠯᠬᠦ ᠲᠣᠭᠣᠷᠢᠭ᠎ᠤᠨ ᠲᠣᠬᠢᠷᠠᠭᠤᠯᠤᠯᠲᠠ᠎ᠪᠠᠷ ᠳᠠᠮᠵᠢᠭᠣᠯᠣᠨ᠂ ᠵᠢᠭᠣᠯᠴᠢᠯᠠᠭᠴᠢᠳᠲᠤ ᠣᠯᠠᠨ ᠬᠠᠷᠠᠭ᠋ᠠᠰᠤ᠂ ᠣᠯᠠᠨ ᠲᠠᠯ᠎ᠠ᠎ᠪᠠᠷ ᠥᠪᠥᠷ ᠮᠣᠩᠭᠣᠯ᠎ᠢ ᠣᠢ᠌ᠯᠠᠭ᠋ᠠᠭᠣᠯᠵᠣ᠂ ᠥᠪᠥᠷ ᠮᠣᠩᠭᠣᠯ᠎ᠳᠤ ᠭᠦᠨ ᠵᠤᠵᠠᠭ᠋ᠠᠨ ᠳᠤᠷ᠎ᠠ ᠰᠣᠨᠢᠷᠬᠠᠯᠲᠠᠢ ᠪᠣᠯᠭ᠋ᠠᠨ᠎ᠠ ᠃
ᠣᠯᠠᠭ᠋ᠠᠨᠮᠦ᠋ᠴᠢᠷ᠎ᠤᠨ᠎ᠬᠢᠨ ᠲᠠᠨ᠎ᠢ ᠳᠠᠭ᠋ᠠᠭᠣᠯᠣᠨ ᠰᠣᠨᠢᠷᠬᠠᠭᠣᠯᠬᠣ ᠦᠵᠡᠰᠭᠦᠯᠡᠩᠳᠦ ᠰᠠᠢ᠌ᠬᠠᠨ ᠦᠪᠦᠷ ᠮᠣᠩᠭᠣᠯ᠎ᠤᠨ ᠰᠣᠶᠣᠯ ᠵᠢᠭᠣᠯᠴᠢᠯᠠᠯ᠎ᠤᠨ ᠰᠢᠨ᠎ᠡ ᠵᠢ ᠡᠭᠦᠳᠬᠦ ᠠᠵᠢᠯᠯᠠᠭ᠎ᠠ ᠵᠢ ᠪᠡᠭᠡᠵᠢᠩ ᠬᠣᠲᠠ᠂ ᠱᠠᠩᠬᠠᠶ ᠬᠣᠲᠠ᠎ᠳᠤ ᠨᠢᠭᠡᠨᠲᠡ ᠠᠮᠵᠢᠯᠲᠠ᠎ᠲᠠᠢ ᠶᠠᠪᠣᠭᠳᠠᠭᠣᠯᠵᠤ᠂ ᠮᠠᠰᠢ ᠰᠠᠶ᠋ᠢᠨ ᠤᠬᠠᠭᠤᠯᠭ᠎ᠠ ᠵᠢᠨ ᠦᠷ᠎ᠡ ᠪᠦᠲᠦᠮᠵᠢ ᠣᠯᠵᠠᠶ᠃ 11 ᠰᠠᠷ᠎ᠠ᠎ᠳᠤ᠂ ᠣᠯᠠᠭ᠋ᠠᠨᠮᠦ᠋ᠴᠢᠷ᠎ᠤᠨ᠎ᠬᠢᠨ ᠲᠠᠨ ᠳᠠᠭ᠋ᠠᠭᠣᠯᠣᠨ ᠰᠣᠨᠢᠷᠬᠠᠭᠣᠯᠬᠣ ᠦᠵᠡᠰᠬᠦᠯᠡᠩᠲᠦ ᠰᠠᠢ᠍ᠬᠠᠨ ᠥᠪᠥᠷ ᠮᠣᠩᠭᠣᠯ᠎ᠤᠨ ᠰᠣᠶᠣᠯ ᠵᠢᠭᠣᠯᠴᠢᠯᠡᠯ᠎ᠤᠨ ᠰᠢᠨ᠎ᠡ ᠵᠢ ᠡᠭᠦᠳᠬᠦ ᠵᠢ ᠲᠠᠨᠢᠯᠴᠠᠭᠣᠯᠬᠣ ᠠᠵᠢᠯᠯᠠᠭ᠎ᠠ ᠨᠢ ᠣᠳᠠᠯ ᠦᠭᠡᠢ ᠬᠠᠩᠵᠧᠦ ᠵᠢᠨ ᠰᠢ ᠬᠤ᠌ ᠰᠣᠶᠣᠯ᠎ᠤᠨ ᠠᠭᠤᠳᠠᠮ ᠲᠠᠯᠠᠪᠠᠢ᠎ᠳᠤ ᠬᠦᠷᠴᠦ᠂ ᠨᠠᠩ ᠣᠯᠠᠨ ᠵᠢᠭᠣᠯᠴᠢᠯᠠᠭᠴᠢᠳᠲᠤ ᠥᠪᠥᠷ ᠮᠣᠩᠭᠣᠯ᠎ᠤᠨ ᠰᠣᠶᠣᠯ ᠵᠢᠭᠣᠯᠴᠢᠯᠡᠯ᠎ᠤᠨ ᠲᠥᠷᠥᠯ ᠲᠡᠮᠳᠡᠭ᠎ᠤᠨ ᠳᠦᠷᠢ ᠲᠥᠷᠬᠦ ᠵᠢ ᠳᠡᠯᠭᠡᠨ ᠦᠵᠡᠭᠦᠯᠵᠦ᠂ ᠰᠣᠶᠣᠯ ᠵᠢᠭᠣᠯᠴᠢᠯᠡᠯ᠎ᠤᠨ ᠡᠬᠢ ᠪᠠᠶᠠᠯᠢᠭ᠎ᠢ ᠲᠠᠨᠢᠯᠴᠠᠭᠤᠯᠵᠤ᠂ ᠥᠪᠥᠷ ᠮᠣᠩᠭᠣᠯ᠎ᠤᠨ ᠰᠣᠶᠣᠯ ᠵᠢᠭᠣᠯᠴᠢᠯᠡᠯ᠎ᠤᠨ ᠨᠡᠷ᠎ᠡ ᠠᠯᠳᠠᠷᠰᠢᠯ᠎ᠢ ᠴᠢᠨᠠᠭᠰᠢᠳᠠ ᠳᠡᠭᠡᠭᠰᠢᠯᠡᠭᠦᠯᠵᠦ᠂ ᠨᠠᠩ ᠣᠯᠠᠨ ᠵᠢᠭᠣᠯᠴᠢᠯᠠᠭᠰᠠᠳᠢ ᠥᠪᠥᠷ ᠮᠣᠩᠭᠣᠯ᠎ᠳᠤ ᠣᠷᠢᠨ ᠵᠤᠭ᠋ᠠᠴᠠᠭᠤᠯᠵᠤ᠂ ᠥᠪᠥᠷ ᠮᠣᠩᠭᠣᠯ᠎ᠤᠨ ᠰᠣᠶᠣᠯ ᠵᠢᠭᠣᠯᠴᠢᠯᠡᠯ᠎ᠤᠨ ᠪᠦᠬᠦ ᠲᠠᠯ᠎ᠠ ᠵᠢᠨ ᠬᠥᠭᠵᠢᠯᠲᠡ᠎ᠳᠤ ᠬᠦᠴᠦᠨ ᠨᠡᠮᠡᠷᠢᠯᠡᠬᠦ ᠪᠣᠯᠤᠨ᠎ᠠ᠃