11 ᠰᠠᠷ᠎ᠠ ᠵᠢᠨ 2᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ ᠤᠨ ᠲᠢᠩᠬᠢᠮ ᠭᠣᠤᠯᠯᠠᠨ ᠡᠷᠬᠢᠯᠡᠭᠰᠡᠨ 《ᠤᠯᠠᠭ᠋ᠠᠨᠮᠥ᠋ᠴᠢᠷ ᠲᠠᠨ᠎ᠢ ᠳᠠᠭ᠋ᠠᠭᠤᠯᠤᠨ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠷ ᠵᠢᠭᠤᠯᠴᠢᠯᠠᠭᠤᠯᠤᠶ᠎ᠠ》 ᠰᠣᠶᠣᠯ ᠵᠢᠭᠤᠯᠴᠢᠯᠠᠯ᠎ᠤᠨ ᠰᠢᠨ᠎ᠡ ᠵᠢ ᠡᠭᠦᠳᠬᠦ ᠲᠠᠨᠢᠯᠴᠠᠭᠤᠯᠭ᠎ᠠ ᠵᠢᠨ ᠠᠵᠢᠯᠯᠠᠭ᠎ᠠ ᠬᠠᠩᠵᠧᠦ ᠬᠣᠲᠠ ᠵᠢᠨ ᠰᠢ ᠬᠤ᠌ ᠰᠣᠶᠣᠯ᠎ᠤᠨ ᠠᠭᠤᠳᠠᠮ ᠲᠠᠯᠠᠪᠠᠢ᠎ᠳᠤ ᠶᠠᠪᠤᠭᠳᠠᠪᠠ᠃ ᠠᠵᠢᠯᠯᠠᠭ᠎ᠠ᠎ᠨᠢ 《ᠤᠯᠠᠭ᠋ᠠᠨᠮᠥ᠋ᠴᠢᠷ》 ᠭᠡᠬᠦ ᠥᠪᠡᠷᠮᠢᠴᠡ ᠣᠨᠴᠠᠯᠢᠭ᠎ᠲᠠᠢ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠰᠣᠶᠣᠯ᠎ᠤᠨ ᠨᠡᠷᠡᠲᠤ ᠲᠡᠮᠳᠡᠭ ᠵᠶ᠋ᠠᠷ ᠳᠠᠮᠵᠢᠵᠦ᠂ ᠶᠡᠷᠦᠩᠬᠡᠶ ᠱᠦᠵᠢ ᠰᠢ ᠵᠢᠨ ᠫᠢᠩ᠎ᠤᠨ ᠳᠤᠷᠠᠳᠤᠭᠰᠠᠨ 《ᠡᠬᠡ ᠤᠯᠤᠰ ᠤᠨ ᠤᠮᠠᠷᠠᠲᠤ ᠬᠢᠯᠢ ᠵᠢᠨ ᠦᠵᠡᠮᠵᠢ ᠵᠢᠨ ᠣᠷᠣᠨ ᠵᠶ᠋ᠠᠨ ᠨᠠᠩ ᠦᠵᠡᠰᠬᠦᠯᠡᠩᠲᠦ ᠰᠠᠢ᠌ᠬᠠᠨ ᠪᠣᠯᠭ᠋ᠠᠨ ᠪᠦᠲᠦᠭᠡᠨ ᠪᠠᠶ᠋ᠢᠭᠤᠯᠤᠶ᠎ᠠ》 ᠭᠡᠬᠦ ᠵᠢᠭ᠋ᠠᠪᠤᠷᠢ ᠵᠢ ᠴᠤᠤᠷᠢᠶᠠᠲᠤᠵᠤ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ ᠤᠨ ᠤᠨᠴᠠᠯᠢᠭᠲᠤ ᠬᠢᠯᠠᠰ ᠳᠡᠯᠭᠡᠭᠦᠷ + ᠤᠯᠠᠭ᠋ᠠᠨᠮᠥ᠋ᠴᠢᠷ᠎ᠤᠨ ᠲᠣᠭᠯᠠᠯᠲᠠ ᠭᠡᠬᠦ ᠰᠢᠨ᠎ᠡ ᠵᠢ ᠡᠭᠦᠳᠬᠦ ᠬᠡᠯᠪᠡᠷᠢ᠎ᠪᠠᠷ ᠳᠠᠮᠵᠢᠭᠤᠯᠤᠨ᠂ ᠥᠷᠭᠡᠨ ᠣᠯᠠᠨ ᠵᠢᠭᠤᠯᠴᠢᠯᠠᠭᠴᠢᠳ᠎ᠲᠤ ᠥᠪᠥᠷ ᠮᠣᠩᠭᠣᠯ᠎ᠤᠨ ᠡᠯᠪᠡᠭ ᠪᠠᠶᠠᠯᠢᠭ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ᠎ᠢ ᠬᠦᠢ᠍ᠴᠡᠳ ᠳᠡᠯᠭᠡᠨ ᠦᠵᠡᠭᠦᠯᠪᠡ᠃ ᠬᠣᠶᠠᠷ ᠡᠳᠦᠷ᠎ᠤᠨ ᠠᠵᠢᠯᠯᠠᠭ᠋ᠠᠨ᠎ᠤ ᠬᠤᠭᠤᠴᠠᠭ᠋ᠠᠨ᠎ᠳᠤ᠎ᠪᠠᠨ ᠣᠯᠠᠨ ᠲᠠᠯᠠᠪᠤᠷ ᠤᠯᠠᠭ᠋ᠠᠨᠮᠥ᠋ᠴᠢᠷ᠎ᠤᠨ ᠲᠣᠭᠯᠠᠯᠲᠠ ᠵᠢᠴᠢ ᠲᠠᠨᠢᠯᠴᠠᠭᠤᠯᠭ᠎ᠠ ᠵᠢ ᠦᠷᠨᠢᠬᠦᠯᠪᠡ᠃


ᠤᠯᠠᠭ᠋ᠠᠨᠮᠥ᠋ᠴᠢᠷ᠎ᠤᠨ ᠲᠣᠭᠯᠠᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠸᠧᠶ ᡁᠢ ᠭᠦᠸᠧ᠂ ᠵᠧᠵᠢᠶᠠᠩ ᠮᠤᠵᠢ ᠵᠢᠨ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠯᠦ᠍ ᠶᠤᠸᠠᠢ ᠳ᠋ᠦᠩ ᠡᠬᠢᠯᠡᠯᠲᠡ ᠵᠢᠨ ᠶᠣᠰᠣᠯᠠᠯ᠎ᠳᠤ ᠤᠷᠤᠯᠴᠠᠵᠤ ᠪᠠᠶᠠᠷ᠎ᠤᠨ ᠦᠭᠡ ᠬᠡᠯᠡᠪᠡ᠃ ᠪᠥᠬᠥ ᠤᠯᠤᠰ ᠤᠨ ᠡᠯ᠎ᠡ ᠵᠠᠭᠤᠴᠢᠯᠠᠭᠤᠷ᠎ᠤᠨ ᠰᠤᠷᠪᠤᠯᠵᠢᠯᠠᠭᠴᠢ᠂ ᠵᠧᠵᠢᠶᠠᠩ ᠮᠣᠵᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠦᠯᠦᠭᠯᠡᠯ᠂ ᠬᠡᠰᠡᠭ ᠠᠶ᠋ᠢᠮᠠᠭ ᠬᠣᠲᠠ ᠵᠢᠨ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ ᠵᠢᠴᠢ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠵᠢᠭᠤᠯᠴᠢᠯᠠᠯ᠎ᠤᠨ ᠬᠤᠷᠢᠶᠠᠨ᠎ᠤ ᠲᠥᠯᠥᠭᠡᠯᠡᠭᠴᠢ ᠵᠡᠷᠭᠡ 200 ᠰᠢᠬᠠᠮ ᠬᠥᠮᠥᠨ ᠲᠣᠰ ᠠᠵᠢᠯᠯᠠᠭ᠎ᠠ᠎ᠳᠤ ᠣᠷᠣᠯᠴᠠᠪᠠ᠃

ᠲᠠᠨᠢᠯᠴᠠᠭᠤᠯᠭ᠎ᠠ ᠵᠢᠨ ᠠᠵᠢᠯᠯᠠᠭ᠎ᠠ ᠵᠢᠨ ᠲᠤᠬᠠᠶ ᠵᠢᠨ ᠲᠠᠯᠠᠪᠤᠷ
ᠸᠧᠶ ᡁᠢ ᠭᠦᠸᠧ ᠶᠠᠷᠢᠶᠠᠨ᠎ᠳᠤ᠎ᠪᠠᠨ 《ᠵᠧᠵᠢᠶᠠᠩ ᠪᠣᠯ ᠨᠡᠷ᠎ᠡ ᠨᠢᠳᠡᠷ ᠲᠤ᠎ᠪᠠᠨ ᠨᠡᠶ᠋ᠢᠴᠡᠭᠰᠡᠨ ᠵᠢᠷᠤᠭ ᠰᠢᠯᠦᠭ ᠰᠢᠭ ᠵᠢᠶᠠᠩᠨᠠᠨ ᠣᠷᠣᠨ ᠪᠣᠯᠤᠨ᠎ᠠ᠃ ᠲᠣᠰ ᠤᠳᠠᠭ᠋ᠠᠨ᠎ᠤ ᠰᠣᠶᠣᠯ ᠵᠢᠭᠤᠯᠴᠢᠯᠠᠯ ᠤᠨ ᠰᠢᠨ᠎ᠡ ᠵᠢ ᠡᠭᠦᠳᠬᠦ ᠵᠢ ᠲᠠᠨᠢᠯᠴᠠᠭᠤᠯᠬᠤ ᠠᠵᠢᠯᠯᠠᠭ᠎ᠠ ᠵᠧᠵᠢᠶᠠᠩ ᠮᠤᠵᠢ ᠵᠢᠨ ᠬᠠᠩᠵᠧᠦ ᠬᠣᠲᠠ᠎ᠳᠤ ᠢᠷᠡᠵᠦ᠂ ᠵᠧᠵᠢᠶᠠᠩ᠎ᠤᠨ ᠠᠷᠠᠳ ᠲᠦᠮᠡᠨ ᠳᠤ ᠥᠪᠥᠷ ᠮᠣᠩᠭᠣᠯ᠎ᠢ ᠣᠶ᠋ᠢᠯᠠᠭ᠋ᠠᠬᠤ᠂ ᠥᠪᠥᠷ ᠮᠣᠩᠭᠣᠯ᠎ᠳᠤ ᠬᠦᠷᠬᠦ ᠨᠢᠭᠡᠨ ᠴᠢᠬᠤᠯᠠ ᠴᠤᠩᠬᠤᠪᠴᠢ ᠵᠢ ᠬᠠᠩᠭ᠋ᠠᠭᠰᠠᠨ ᠪᠥᠭᠡᠳ ᠵᠧᠵᠢᠶᠠᠩ᠂ ᠥᠪᠥᠷ ᠮᠣᠩᠭᠣᠯ ᠬᠤᠶᠠᠷ ᠭᠠᠵᠠᠷ᠎ᠲᠤ ᠰᠣᠶᠣᠯ ᠵᠢᠭᠤᠯᠴᠢᠯᠠᠯ᠎ᠤᠨ ᠡᠬᠢ ᠪᠠᠶᠠᠯᠢᠭ ᠵᠶ᠋ᠠᠨ ᠬᠠᠷᠢᠯᠴᠠᠨ ᠨᠥᠬᠥᠪᠥᠷᠢᠯᠡᠬᠦ᠂ ᠵᠥᠷᠢᠶᠡᠲᠦ ᠬᠥᠭᠵᠢᠯᠲᠡ ᠵᠢᠨ ᠬᠥᠭᠥᠷᠭᠡ ᠬᠣᠯᠪᠣᠭ᠋ᠠᠰᠤ ᠵᠢ ᠪᠠᠢ᠌ᠭᠤᠯᠵᠤ ᠥᠭᠴᠡᠶ》 ᠭᠡᠪᠡ᠃ ᠲᠡᠷᠡ ᠪᠠᠰᠠ ᠪᠦᠬᠦ ᠤᠯᠤᠰ᠎ᠤᠨ ᠵᠢᠭᠤᠯᠴᠢᠯᠠᠭᠴᠢᠳ ᠢ ᠤᠷᠢᠵᠤ᠂ ᠦᠷᠭᠡᠨ ᠤᠯᠠᠨ ᠵᠢᠭᠤᠯᠴᠢᠯᠠᠭᠴᠢᠳ᠎ᠤᠨ ᠡᠪᠦᠯ᠎ᠤᠨ ᠤᠯᠠᠷᠢᠯ᠎ᠳᠤ ᠥᠪᠥᠷ ᠮᠣᠩᠭᠣᠯ᠎ᠳᠤ ᠬᠦᠷᠴᠦ᠂ ᠪᠦᠬᠦ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠭᠤᠢ᠌ᠲᠠ ᠰᠠᠢ᠌ᠬᠠᠨ ᠤᠷᠤᠯᠳᠤᠭ᠋ᠠᠨ᠂ ᠦᠵᠡᠰᠬᠦᠯᠡᠩᠲᠦ ᠰᠠᠢ᠌ᠬᠠᠨ ᠮᠥᠰᠥ ᠴᠠᠰᠤᠨ᠎ᠤ ᠦᠵᠡᠮᠵᠢ ᠵᠢ ᠰᠣᠨᠢᠷᠬᠠᠵᠤ᠂ ᠥᠪᠡᠷᠮᠢᠴᠡ ᠣᠨᠴᠠᠯᠢᠭ᠎ᠲᠠᠢ ᠠᠷᠠᠳ᠎ᠤᠨ ᠵᠠᠩ ᠵᠠᠩᠰᠢᠯ᠎ᠢ ᠣᠶ᠋ᠢᠯᠠᠭ᠋ᠠᠵᠤ᠂ ᠥᠪᠥᠷ ᠮᠣᠩᠭᠣᠯ᠎ᠤᠨ ᠣᠯᠠᠨ ᠵᠦᠢ᠍ᠯ ᠤᠨ ᠠᠮᠲᠠᠲᠤ ᠢᠳᠡᠭᠡᠨ᠎ᠢ ᠠᠮᠰᠠᠵᠤ᠂ ᠥᠪᠥᠷ ᠮᠣᠩᠭᠣᠯ᠎ᠤᠨ ᠦᠪᠡᠷᠮᠢᠴᠡ ᠤᠨᠴᠠᠯᠢᠭᠲᠤ ᠡᠪᠦᠯ᠎ᠤᠨ ᠤᠯᠠᠷᠢᠯ᠎ᠢ ᠣᠶ᠋ᠢᠯᠠᠭ᠋ᠠᠬᠤ ᠵᠢ ᠬᠦᠰᠡᠪᠡ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠡᠭ ᠤᠨ ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠸᠧᠶ ᡁᠢ ᠭᠦᠸᠧ ᠪᠠᠶᠠᠷ᠎ᠤᠨ ᠦᠭᠡ ᠬᠡᠯᠡᠵᠦ ᠪᠠᠢ᠌ᠭ᠎ᠠ
ᠯᠦ᠍ ᠶᠤᠸᠠᠢ ᠳ᠋ᠦᠩ ᠶᠠᠷᠢᠶᠠᠨ᠎ᠳᠤ᠎ᠪᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠶ ᠵᠢᠨ ᠪᠠᠶ᠋ᠢᠷᠢᠰᠢᠯ ᠣᠨᠴᠠᠭ᠋ᠠᠢ᠂ ᠪᠠᠶ᠋ᠢᠭ᠋ᠠᠯᠢ ᠵᠢᠨ ᠥᠩᠭᠡ ᠦᠵᠡᠮᠵᠢ ᠥᠪᠡᠷᠮᠢᠴᠡ᠂ ᠵᠢᠭᠤᠯᠴᠢᠯᠠᠯ᠎ᠤᠨ ᠡᠬᠢ ᠰᠤᠷᠪᠤᠯᠵᠢ ᠡᠯᠪᠡᠭ ᠪᠠᠶᠠᠯᠢᠭ᠂ ᠰᠣᠶᠣᠯ᠎ᠤᠨ ᠰᠠᠭᠤᠷᠢ ᠭᠦᠨ ᠵᠤᠵᠠᠭ᠋ᠠᠨ ᠪᠠᠶ᠋ᠢᠵᠤ᠂ ᠵᠢᠶᠠᠩᠨᠠᠨ᠎ᠤ ᠤᠰᠤᠨ ᠨᠤᠲᠤᠭ᠎ᠲᠠᠢ ᠡᠬᠢ ᠪᠠᠶᠠᠯᠢᠭ ᠵᠶ᠋ᠠᠷ ᠬᠠᠷᠢᠯᠴᠠᠨ ᠨᠥᠬᠥᠪᠥᠷᠢᠯᠡᠵᠦ ᠪᠣᠶ᠃ ᠥᠨᠥᠳᠥᠷ ᠥᠪᠥᠷ ᠮᠣᠩᠭᠣᠯ᠎ᠤᠨ ᠰᠣᠶᠣᠯ ᠵᠢᠭᠤᠯᠴᠢᠯᠠᠯ ᠤᠨ ᠰᠢᠨ᠎ᠡ ᠵᠢ ᠡᠭᠦᠳᠬᠦ ᠵᠢ ᠲᠠᠨᠢᠯᠴᠠᠭᠤᠯᠬᠤ ᠠᠵᠢᠯᠯᠠᠭ᠎ᠠ ᠵᠢᠷᠤᠭᠲᠤ ᠵᠧᠵᠢᠶᠠᠩ᠎ᠳᠤ ᠢᠷᠡᠭᠰᠡᠨ᠎ᠨᠢ ᠯᠠᠪᠲᠠᠶ ᠨᠠᠩ ᠣᠯᠠᠨ ᠨᠠᠶ᠋ᠢᠵᠠ ᠨᠠᠷ ᠤᠨ ᠰᠤᠨᠢᠷᠬᠠᠯ᠎ᠢ ᠲᠠᠳᠠᠵᠤ᠂ ᠤᠯᠠᠭ᠋ᠠᠨᠮᠥ᠋ᠴᠢᠷ ᠲᠠᠨ᠎ᠢ ᠳᠠᠭ᠋ᠠᠭᠤᠯᠤᠨ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠷ ᠵᠢᠭᠤᠯᠴᠢᠯᠠᠭᠤᠯᠬᠤ ᠪᠤᠯᠤᠨ᠎ᠠ》 ᠭᠡᠪᠡ᠃

ᠵᠧᠵᠢᠶᠠᠩ ᠮᠤᠵᠢ ᠵᠢᠨ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠡᠭ ᠤᠨ ᠬᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠯᠦ᠍ ᠶᠤᠸᠠᠢ ᠳ᠋ᠦᠩ ᠪᠠᠶᠠᠷ᠎ᠤᠨ ᠦᠭᠡ ᠶᠠᠷᠢᠵᠦ ᠪᠠᠢ᠌ᠭ᠎ᠠ
ᠤᠯᠠᠭ᠋ᠠᠨᠮᠥ᠋ᠴᠢᠷ᠎ᠨᠢ ᠲᠠᠯ᠎ᠠ ᠨᠤᠲᠤᠭ ᠤᠨ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠬᠡᠮᠡᠨ ᠠᠯᠳᠠᠷᠰᠢᠭᠰᠠᠨ ᠶᠤᠮ᠂ ᠥᠪᠥᠷ ᠮᠣᠩᠭᠣᠯ᠎ᠤᠨ ᠲᠠᠯ᠎ᠠ ᠨᠤᠲᠤᠭ ᠲᠤᠬ᠎ᠢ ᠠᠮᠢᠳᠤᠷᠠᠯ᠎ᠳᠤ ᠦᠨᠳᠦᠰᠦᠯᠡᠭᠰᠡᠨ᠂ ᠥᠷᠭᠡᠨ ᠣᠯᠠᠨ ᠠᠷᠠᠳ ᠲᠦᠮᠡᠨ᠎ᠳᠤ ᠦᠢ᠍ᠯᠡᠴᠢᠯᠡᠭᠰᠡᠨ ᠨᠢᠬᠡᠨ ᠤᠳᠬ᠎ᠠ ᠤᠷᠠᠯᠢᠭ᠎ᠤᠨ ᠡᠩᠨᠡᠭᠡ ᠪᠣᠯᠤᠨ᠎ᠠ ᠃ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠥᠨᠢᠳ ᠪᠠᠷᠠᠭᠤᠨ ᠬᠣᠰᠢᠭᠤᠨ᠎ᠤ ᠤᠯᠠᠭ᠋ᠠᠨᠮᠥ᠋ᠴᠢᠷ᠎ᠤᠨ ᠭᠡᠰᠢᠭᠦᠳ᠎ᠲᠤ ᠢᠯᠡᠭᠡᠭᠰᠡᠨ ᠬᠠᠷᠢᠭᠤ ᠵᠠᠬᠢᠳᠠᠯ᠎ᠳᠤ᠎ᠪᠠᠨ ᠲᠡᠳᠡᠨ᠎ᠢ 《ᠪᠦᠬᠦ ᠤᠯᠤᠰ ᠤᠨ ᠤᠳᠬ᠎ᠠ ᠤᠷᠠᠯᠢᠭ᠎ᠤᠨ ᠹᠷᠣᠨᠲ᠎ᠤᠨ ᠦᠯᠢᠭᠡᠷ ᠳᠠᠭᠤᠷᠢᠶᠠᠯ》 ᠭᠡᠵᠦ ᠰᠠᠶ᠋ᠢᠰᠢᠶᠠᠪᠠ᠃ ᠠᠵᠢᠯᠯᠠᠭ᠎ᠠ ᠵᠢᠨ ᠲᠤᠬᠠᠶ ᠵᠢᠨ ᠲᠠᠯᠠᠪᠠᠢ᠎ᠳᠤ᠂ ᠤᠯᠠᠭ᠋ᠠᠨᠬᠠᠳᠠ ᠬᠣᠲᠠ ᠵᠢᠨ ᠰᠢᠭᠤᠳ ᠬᠠᠷᠢᠶ᠎ᠠ ᠤᠯᠠᠭ᠋ᠠᠨᠮᠥ᠋ᠴᠢᠷ᠎ᠤᠨ ᠲᠣᠭᠯᠠᠯᠲᠠ ᠵᠢᠨ ᠪᠦᠯᠬᠦᠮ ᠥᠪᠥᠷ ᠮᠣᠩᠭᠣᠯ᠎ᠤᠨ ᠠᠷᠠᠳ ᠲᠦᠮᠡᠨ᠎ᠤ ᠬᠦᠰᠡᠯ ᠵᠥᠩᠨᠡᠯ ᠪᠠ ᠬᠠᠯᠠᠭᠤᠨ ᠰᠡᠳᠬᠢᠯᠭᠡ᠎ᠪᠠᠷ᠂ ᠣᠯᠠᠨ ᠲᠦᠮᠡᠨ᠎ᠲᠠᠢ ᠣᠶ᠋ᠢᠷᠠᠲᠤᠭᠰᠠᠨ᠂ ᠤᠯᠠᠮᠵᠢᠯᠠᠭᠳᠠᠬᠤᠢ᠂ ᠦᠯᠡᠳᠡᠭᠡᠭᠳᠡᠬᠦᠢ ᠰᠢᠯᠢᠳᠡᠭ ᠪᠦᠲᠦᠭᠡᠯ ᠵᠶ᠋ᠠᠨ ᠠᠪᠴᠤ ᠬᠠᠩᠵᠧᠦ᠎ᠳᠤ ᠢᠷᠡᠵᠠᠢ᠃ ᠤᠷᠲᠤ ᠵᠢᠨ ᠳᠠᠭᠤᠤ᠂ ᠬᠦᠭᠡᠮᠡᠢ᠂ ᠮᠣᠷᠢᠨ ᠬᠤᠭᠤᠷ᠎ᠤᠨ ᠬᠥᠭᠵᠢᠮ ᠵᠡᠷᠭᠡ ᠭᠤᠢ᠌ᠲᠠ ᠰᠠᠢ᠌ᠬᠠᠨ ᠲᠣᠭᠯᠠᠯᠲᠠ᠎ᠨᠢ ᠥᠷᠭᠡᠨ ᠣᠯᠠᠨ ᠵᠢᠭᠤᠯᠴᠢᠯᠠᠭᠴᠢᠳ᠎ᠲᠤ ᠥᠪᠥᠷ ᠮᠣᠩᠭᠣᠯ᠎ᠤᠨ ᠥᠪᠡᠷᠮᠢᠴᠡ ᠣᠨᠴᠠᠯᠢᠭ᠎ᠲᠠᠢ ᠰᠣᠶᠣᠯ᠎ᠤᠨ ᠷᠢᠳᠢ ᠰᠢᠳᠢ ᠵᠢ ᠮᠡᠳᠡᠷᠡᠭᠦᠯᠵᠦ᠂ ᠲᠤᠬᠠᠶ ᠵᠢᠨ ᠲᠠᠯᠠᠪᠠᠢ ᠵᠢᠨ ᠵᠢᠭᠤᠯᠴᠢᠯᠠᠭᠴᠢᠳ᠎ᠤᠨ ᠬᠠᠯᠠᠭᠤᠨ ᠠᠯᠠᠭ᠎ᠠ ᠲᠡᠰᠢᠯᠲᠡ ᠪᠠ ᠮᠠᠭᠲᠠᠭ᠋ᠠᠯ ᠰᠠᠶ᠋ᠢᠰᠢᠶᠠᠯ᠎ᠢ ᠬᠦᠷᠲᠡᠪᠡ᠃
ᠲᠤᠬᠠᠶ ᠵᠢᠨ ᠲᠠᠯᠠᠪᠠᠢ᠎ᠳᠤ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠥᠪᠡᠷᠮᠢᠴᠡ ᠣᠨᠴᠠᠯᠢᠭ᠎ᠲᠠᠢ ᠭᠢᠯᠠᠰ ᠳᠡᠯᠭᠡᠭᠦᠷ᠎ᠲᠤ᠂ ᠰᠣᠨᠢᠷᠬᠠᠯᠲᠤ ᠤᠷᠤᠯᠳᠤᠭ᠋ᠠᠨ᠎ᠤ ᠭᠠᠵᠠᠷ᠂ ᠬᠠᠷᠢᠯᠴᠠᠨ ᠬᠦᠳᠡᠯᠦᠯᠴᠡᠵᠦ ᠠᠰᠠᠭᠤᠵᠤ ᠬᠠᠷᠢᠭᠤᠯᠬᠤ ᠭᠠᠵᠠᠷ᠂ ᠲᠠᠭᠤᠤ ᠬᠦᠭᠵᠢᠮ᠎ᠤᠨ ᠦᠵᠡᠭᠦᠯᠦᠯᠭᠡ ᠵᠢᠨ ᠭᠠᠵᠠᠷ᠂ ᠰᠤᠷ ᠬᠠᠷᠪᠤᠬᠤ ᠵᠢ ᠪᠡᠶᠡᠴᠢᠯᠡᠨ ᠣᠶ᠋ᠢᠯᠠᠭ᠋ᠠᠬᠤ ᠭᠠᠵᠠᠷ᠂ ᠵᠢᠭᠤᠯᠴᠢᠯᠠᠯ᠎ᠤᠨ ᠦᠵᠡᠭᠦᠯᠦᠯᠭᠡ ᠵᠢᠨ ᠭᠠᠵᠠᠷ᠂ ᠦᠵᠡᠮᠵᠢ ᠪᠠᠢ᠌ᠳᠠᠯ᠎ᠢ ᠰᠡᠷᠭᠦᠭᠡᠭᠰᠡᠨ ᠭᠠᠵᠠᠷ ᠵᠡᠷᠭᠡ ᠪᠡᠶᠡᠴᠢᠯᠡᠨ ᠣᠶ᠋ᠢᠯᠠᠭ᠋ᠠᠬᠤ ᠭᠠᠵᠠᠷ᠎ᠢ ᠪᠠᠢ᠌ᠷᠢᠯᠠᠭᠤᠯᠤᠨ ᠪᠠᠢ᠌ᠭᠤᠯᠪᠠ᠂ ᠵᠢᠭᠤᠯᠴᠢᠯᠠᠭᠴᠢᠳ ᠬᠤᠢ᠌ᠨ᠎ᠠ ᠬᠤᠢ᠌ᠨ᠎ᠠ᠎ᠠᠴᠠ᠎ᠪᠠᠨ ᠠᠰᠠᠭᠤᠯᠲᠠ ᠬᠠᠷᠢᠭᠤᠯᠲᠠ᠎ᠳᠤ ᠬᠠᠷᠢᠯᠴᠠᠨ ᠬᠦᠳᠡᠯᠦᠯᠴᠡᠬᠦ᠂ ᠰᠤᠷ ᠬᠠᠷᠪᠤᠯᠲᠠ᠂ ᠲᠠᠯ᠎ᠠ ᠨᠤᠲᠤᠭ᠎ᠤᠨ ᠪᠠᠢ᠌ᠭ᠋ᠠᠯᠢᠯᠢᠭ ᠳᠠᠭᠤᠨ᠎ᠢ ᠠᠮᠲᠠᠷᠬᠠᠨ ᠰᠣᠨᠣᠰᠬᠤ᠂ ᠠᠢ᠌ᠮᠠᠭ ᠬᠣᠲᠠ ᠵᠢᠨ ᠪᠦᠲᠦᠭᠡᠭᠳᠡᠬᠦᠨ ᠪᠠ ᠵᠠᠮ ᠱᠤᠭᠤᠮ᠎ᠢ᠎ᠨᠢ ᠠᠰᠠᠭᠤᠨ ᠯᠠᠪᠯᠠᠬᠤ ᠵᠡᠷᠭᠡ ᠬᠦᠳᠡᠯᠭᠡᠭᠡᠨ᠎ᠳᠤ ᠣᠷᠤᠯᠴᠠᠵᠤ᠂ ᠰᠢᠷᠢᠰ ᠪᠦᠬᠦᠢ ᠭᠢᠯᠠᠰ ᠳᠡᠯᠭᠡᠭᠦᠷ᠎ᠲᠤ ᠪᠡᠶᠡᠴᠢᠯᠡᠨ ᠣᠶ᠋ᠢᠯᠠᠭ᠋ᠠᠬᠤ᠎ᠪᠠᠷ ᠳᠠᠮᠵᠢᠨ᠂ ᠵᠢᠭᠤᠯᠴᠢᠯᠠᠭᠴᠢᠳ ᠨᠠᠩ ᠣᠯᠠᠨ ᠬᠠᠷᠠᠭ᠋ᠠᠰᠤ᠎ᠠᠴᠠ᠂ ᠨᠠᠩ ᠣᠯᠠᠨ ᠲᠠᠯ᠎ᠠ᠎ᠠᠴᠠ ᠥᠪᠥᠷ ᠮᠣᠩᠭᠣᠯ᠎ᠢ ᠣᠶ᠋ᠢᠯᠠᠭ᠋ᠠᠵᠤ ᠪᠣᠯᠤᠨ᠎ᠠ᠃


ᠵᠢᠭᠤᠯᠴᠢᠯᠠᠭᠴᠢᠳ᠎ᠤᠨ ᠪᠡᠶᠡᠴᠢᠯᠡᠨ ᠣᠶ᠋ᠢᠯᠠᠭ᠋ᠠᠬᠤ ᠭᠠᠵᠠᠷ᠎ᠤᠨ ᠡᠯ᠎ᠡ ᠬᠦᠳᠡᠯᠭᠡᠭᠡᠨ᠎ᠤ ᠲᠦᠷᠦᠯ ᠵᠦᠢ᠍ᠯ
ᠵᠢᠷᠤᠭ ᠰᠢᠯᠦᠭ ᠰᠢᠭ ᠵᠧᠵᠢᠶᠠᠩ ᠡᠶᠡᠯᠰᠡᠭ ᠵᠥᠭᠡᠯᠡᠨ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ ᠭᠣᠢ᠌ᠲᠠ ᠠᠭᠤᠳᠠᠮ᠃ ᠥᠪᠥᠷ ᠮᠣᠩᠭᠣᠯ᠎ᠤᠨ ᠡᠪᠦᠯ ᠦᠪᠡᠷᠮᠢᠴᠡ ᠣᠨᠴᠠᠯᠢᠭ᠎ᠲᠠᠢ ᠪᠠᠢ᠌ᠳᠠᠭ᠂ ᠡᠪᠦᠯ᠎ᠤᠨ ᠤᠯᠠᠷᠢᠯ᠎ᠤᠨ ᠥᠪᠥᠷ ᠮᠣᠩᠭᠣᠯ᠎ᠳᠤ ᠵᠢᠭᠤᠯᠴᠢᠯᠠᠭᠴᠢᠳ ᠮᠥᠰᠥ ᠴᠠᠰᠤᠨ᠎ᠤ ᠬᠢᠵᠠᠭ᠋ᠠᠯᠠᠰᠢ ᠥᠬᠡᠶ ᠷᠢᠳᠢ ᠰᠢᠳᠢ ᠵᠢ ᠨᠠᠩ ᠰᠠᠶ᠋ᠢᠨ ᠣᠶ᠋ᠢᠯᠠᠭ᠋ᠠᠬᠤ ᠪᠣᠯᠤᠨ᠎ᠠ᠃ ᠪᠥᠬᠥ ᠤᠯᠤᠰ᠎ᠤᠨ ᠠᠷᠪᠠᠨ ᠲᠦᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ 2020 ᠣᠨ᠎ᠤ 2 ᠳ᠋ᠤᠭ᠋ᠠᠷ ᠰᠠᠷ᠎ᠠ ᠵᠢᠨ 16᠎ᠤ ᠡᠳᠦᠷ ᠥᠪᠥᠷ ᠮᠣᠩᠭᠣᠯ᠎ᠤᠨ ᠬᠥᠯᠥᠨ ᠪᠣᠶ᠋ᠢᠷ ᠬᠣᠲᠠ᠎ᠳᠤ ᠡᠷᠬᠢᠯᠡᠬᠦ ᠪᠣᠯᠤᠨ᠎ᠠ᠂ ᠡᠨᠡ ᠬᠦ᠌ ᠬᠡᠪᠴᠢᠶ᠎ᠡ᠎ᠪᠠᠷ ᠠᠤᠭ᠎ᠠ ᠶᠡᠬᠡ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠨᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠵᠶ᠋ᠠᠷ ᠳᠠᠮᠵᠢᠭᠤᠯᠤᠨ ᠥᠪᠥᠷ ᠮᠣᠩᠭᠣᠯ᠎ᠤᠨ ᠡᠪᠦᠯ᠎ᠤᠨ ᠮᠥᠰᠥ ᠴᠠᠰᠤᠨ᠎ᠤ ᠵᠢᠭᠤᠯᠴᠢᠯᠠᠯ᠎ᠤᠨ ᠡᠬᠢ ᠪᠠᠶᠠᠯᠢᠭ᠎ᠢ ᠨᠠᠩ ᠣᠯᠠᠨ ᠬᠥᠮᠦᠨ᠎ᠳᠤ ᠲᠡᠯᠭᠡᠨ ᠲᠦᠭᠡᠮᠡᠯᠵᠢᠭᠦᠯᠬᠦ ᠶᠤᠮ᠃ ᠡᠨᠡ ᠲᠣᠬᠢᠶᠠᠯ ᠵᠶ᠋ᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠮᠥᠰᠥ ᠴᠠᠰᠤᠨ᠎ᠤ ᠥᠩᠭᠡ ᠦᠵᠡᠮᠵᠢ᠂ ᠮᠥᠰᠥ ᠴᠠᠰᠤᠨ᠎ᠳᠤ᠎ᠬᠢ ᠪᠡᠶ᠎ᠡ ᠵᠢᠨ ᠲᠠᠮᠢᠷ᠂ ᠮᠥᠰᠥ ᠴᠠᠰᠤᠲᠤ ᠭᠠᠵᠠᠷ᠎ᠤᠨ ᠠᠷᠠᠳ᠎ᠤᠨ ᠰᠣᠶᠣᠯ ᠵᠠᠨᠭ᠌ᠰᠢᠯ᠂ ᠥᠪᠥᠷ ᠮᠣᠩᠭᠣᠯ᠎ᠤᠨ ᠠᠮᠲᠠᠲᠤ ᠢᠳᠡᠭᠡᠨ ᠵᠡᠷᠭᠡ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠨᠡᠶ᠋ᠢᠳᠬᠡᠵᠦ᠂ ᠦᠵᠡᠰᠬᠦᠯᠡᠩᠲᠦ ᠰᠠᠢ᠌ᠬᠠᠨ ᠤᠮᠠᠷᠠᠲᠤ ᠬᠢᠯᠢ · 《ᠠᠷᠪᠠᠨ ᠳᠥᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ》᠎ᠤᠨ ᠴᠠᠰᠤ ᠮᠦᠰᠦᠨ᠎ᠤ ᠤᠷᠤᠯᠳᠤᠭ᠋ᠠᠨ᠎ᠢ ᠰᠣᠨᠢᠷᠬᠠᠬᠤ; ᠦᠵᠡᠰᠬᠦᠯᠡᠩᠲᠦ ᠰᠠᠢ᠌ᠬᠠᠨ ᠤᠮᠠᠷᠠᠲᠤ ᠬᠢᠯᠢ · 《ᠥᠪᠥᠷ ᠮᠣᠩᠭᠣᠯ᠎ᠤᠨ ᠦᠨᠦᠷ ᠠᠮᠲᠠ》 ᠪᠦᠬᠦ ᠣᠷᠣᠨ ᠪᠦᠰᠡ ᠵᠢᠨ ᠨᠠᠶ᠋ᠢᠷ ᠲᠠᠢ᠌ᠯᠠᠯᠭᠠ ᠵᠢᠨ ᠠᠮᠲᠠᠷᠬᠠᠯ᠎ᠤᠨ ᠵᠢᠭᠤᠯᠴᠢᠯᠠᠯ; ᠦᠵᠡᠰᠬᠦᠯᠡᠩᠲᠦ ᠰᠠᠢ᠌ᠬᠠᠨ ᠤᠮᠠᠷᠠᠲᠤ ᠬᠢᠯᠢ · ᠬᠥᠯᠥᠨ ᠪᠤᠢ᠌ᠷ᠎ᠤᠨ ᠳᠤᠮᠳᠠᠳᠤ ᠤᠯᠤᠰ᠎ᠤᠨ ᠬᠦᠢ᠍ᠲᠡᠨ ᠲᠤᠢ᠌ᠯ ᠴᠠᠰᠤᠲᠤ ᠬᠡᠭᠡᠷ᠎ᠡ ᠵᠢᠨ ᠠᠷᠠᠳ᠎ᠤᠨ ᠵᠠᠩ ᠦᠢ᠍ᠯᠡ ᠵᠢᠨ ᠭᠡᠷᠡᠯ ᠵᠢᠷᠤᠭ᠎ᠤᠨ ᠵᠢᠭᠤᠯᠴᠢᠯᠠᠯ ᠵᠡᠷᠭᠡ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠠᠷᠪᠠᠨ ᠰᠣᠳᠣᠨ ᠵᠠᠮ ᠱᠤᠭᠤᠮ᠎ᠢ ᠭᠠᠷᠭ᠋ᠠᠪᠠ; 2019 ᠣᠨ᠎ᠠᠴᠠ 2020 ᠣᠨ ᠪᠣᠯᠲᠠᠯ᠎ᠠ᠂ ᠥᠪᠥᠷ ᠮᠣᠩᠭᠣᠯ᠎ᠤᠨ ᠡᠯ᠎ᠡ ᠠᠢ᠌ᠮᠠᠭ ᠬᠣᠲᠠ ᠪᠠᠰᠠ ᠮᠥᠰᠥ ᠴᠠᠰᠤᠨ᠎ᠤ ᠨᠠᠭ᠋ᠠᠳᠤᠮ᠂ ᠳᠣᠯᠣᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠬᠦᠢ᠍ᠲᠡᠨ ᠲᠤᠢ᠌ᠯ᠎ᠤᠨ ᠪᠠᠶᠠᠷ᠂ ᠳᠤᠮᠳᠠᠳᠤ ᠣᠷᠤᠰ ᠮᠣᠨᠭ᠌ᠭᠤᠯᠤᠨ ᠭᠤᠸ᠎ᠠ ᠰᠠᠢ᠌ᠬᠠᠨ᠎ᠤ ᠡᠯᠴᠢ ᠣᠯᠠᠨ ᠤᠯᠤᠰ᠎ᠤᠨ ᠶᠡᠬᠡ ᠤᠷᠤᠯᠳᠤᠭ᠋ᠠᠨ ᠵᠡᠷᠭᠡ ᠰᠢᠷᠢᠰ ᠰᠣᠶᠣᠯ ᠵᠢᠭᠤᠯᠴᠢᠯᠠᠯ᠎ᠤᠨ ᠪᠠᠶᠠᠷ ᠨᠠᠢ᠌ᠷ ᠬᠢᠨ᠎ᠡ; ᠵᠢᠭᠤᠯᠴᠢᠯᠠᠭᠴᠢᠳ ᠥᠪᠥᠷ ᠮᠣᠩᠭᠣᠯ᠎ᠳᠤ ᠢᠷᠡᠵᠦ ᠴᠡᠨᠡᠯᠡᠬᠦ ᠵᠢᠨ ᠬᠤᠷᠳᠤ ᠪᠠ ᠳᠣᠭᠳᠤᠯᠤᠯᠢ ᠪᠡᠶᠡᠴᠢᠯᠡᠨ ᠣᠢ᠌ᠯᠠᠭ᠋ᠠᠬᠤ᠂ ᠴᠠᠰᠤ ᠮᠦᠰᠦᠲᠦ ᠲᠠᠯ᠎ᠠ ᠨᠤᠲᠤᠭ ᠪᠣᠯᠤᠨ ᠡᠯᠡᠰᠦᠨ ᠴᠦᠯ᠎ᠤᠨ ᠰᠦᠷᠯᠢᠭ ᠰᠠᠶ᠋ᠢᠬᠠᠨ᠎ᠢ ᠰᠣᠨᠢᠷᠬᠠᠵᠤ᠂ 《ᠬᠥᠯᠥᠨ ᠪᠤᠢ᠌ᠷ᠎ᠤᠨ 12 ᠠᠮᠲᠠ》᠂ 《ᠲᠦᠩᠯᠢᠶᠣᠤ ᠵᠢᠨ 8 ᠠᠮᠲᠠ》᠂ 《ᠬᠦᠬᠡᠬᠣᠲᠠ ᠵᠢᠨ ᠤᠯᠠᠮᠵᠢᠯᠠᠯᠲᠤ 10 ᠠᠮᠲᠠ》 ᠵᠡᠷᠭᠡ ᠣᠨᠴᠠᠯᠢᠭᠲᠤ ᠥᠪᠥᠷ ᠮᠣᠩᠭᠣᠯ ᠢᠳᠡᠭᠡᠨ ᠤᠮᠳᠠᠭ᠋ᠠᠨ᠎ᠤ ᠦᠨᠦᠷ ᠠᠮᠲᠠ ᠵᠢ ᠠᠮᠲᠠᠷᠬᠠᠬᠤ ᠪᠣᠯᠤᠨ᠎ᠠ; ᠪᠦᠲᠦᠭᠡᠭᠳᠡᠭᠦᠨ ᠪᠠ ᠵᠠᠮ ᠱᠤᠭᠤᠮ᠎ᠠᠴᠠ ᠭᠠᠳᠠᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠂ ᠤᠯᠠᠭ᠋ᠠᠨᠬᠠᠳᠠ ᠬᠣᠲᠠ᠂ ᠬᠢᠩᠭ᠋ᠠᠨ ᠠᠶ᠋ᠢᠮᠠᠭ ᠵᠡᠷᠭᠡ ᠠᠶ᠋ᠢᠮᠠᠭ ᠬᠣᠲᠠ ᠨᠢᠰᠬᠡᠯ ᠳᠠᠭ᠋ᠠᠭ᠋ᠠᠴᠢᠯᠠᠬᠤ᠂ ᠲᠤᠰᠬᠠᠶ ᠵᠠᠮ᠎ᠤᠨ ᠭᠠᠯᠲᠤ ᠲᠡᠷᠭᠡᠨ᠎ᠳᠤ ᠰᠠᠭᠤᠬᠤ᠂ ᠪᠦᠯᠬᠦᠮ ᠬᠣᠷᠰᠢᠶ᠎ᠠ ᠪᠠᠶ᠋ᠢᠭᠤᠯᠬᠤ᠂ ᠥᠪᠡᠷ ᠵᠶ᠋ᠡᠨ ᠮᠠᠰᠢᠨ ᠵᠢᠯᠣᠭᠣᠳᠴᠤ ᠵᠢᠭᠤᠯᠴᠢᠯᠠᠬᠤ ᠵᠡᠷᠭᠡ ᠪᠦᠯᠬᠦᠮ ᠨᠡᠶ᠋ᠢᠲᠡ᠎ᠳᠤ ᠬᠠᠨᠳᠤᠭᠤᠯᠤᠨ ᠨᠥᠬᠥᠪᠥᠷᠢ ᠥᠭᠬᠦ ᠪᠠ ᠪᠢᠯᠸᠲ᠎ᠢ᠎ᠨᠢ ᠬᠠᠰᠤᠵᠤ ᠬᠡᠯᠲᠦᠷᠢᠭᠦᠯᠬᠦ ᠣᠯᠠᠨ ᠵᠦᠢ᠍ᠯ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠭᠠᠷᠭ᠋ᠠᠪᠠ᠃


ᠥᠪᠥᠷ ᠮᠣᠩᠭᠣᠯ᠎ᠤᠨ ᠡᠪᠦᠯ᠎ᠤᠨ ᠤᠯᠠᠷᠢᠯ᠎ᠤᠨ ᠮᠥᠰᠥ ᠴᠠᠰᠤᠨ᠎ᠤ ᠵᠢᠭᠤᠯᠴᠢᠯᠠᠯ᠎ᠤᠨ ᠵᠦᠢ᠍ᠯᠡᠰ
ᠲᠠᠨᠢᠯᠴᠠᠭᠤᠯᠤᠭᠰᠠᠨ ᠵᠶ᠋ᠠᠷ᠂ 《ᠤᠯᠠᠭ᠋ᠠᠨᠮᠥ᠋ᠴᠢᠷ ᠲᠠᠨ᠎ᠢ ᠳᠠᠭ᠋ᠠᠭᠤᠯᠤᠨ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠷ ᠵᠢᠭᠤᠯᠴᠢᠯᠠᠶ᠎ᠠ》 ᠰᠣᠶᠣᠯ ᠵᠢᠭᠤᠯᠴᠢᠯᠠᠯ᠎ᠤᠨ ᠰᠢᠨ᠎ᠡ ᠵᠢ ᠡᠭᠦᠳᠬᠦ ᠵᠢ ᠲᠠᠨᠢᠯᠴᠠᠭᠤᠯᠬᠤ ᠠᠵᠢᠯᠯᠠᠭ᠎ᠠ ᠨᠢᠭᠡᠨᠲᠡ ᠪᠡᠭᠡᠵᠢᠩ ᠬᠣᠲᠠ᠂ ᠱᠠᠩᠬᠠᠶ ᠬᠣᠲᠠ᠎ᠳᠤ ᠠᠮᠵᠢᠯᠲᠠ᠎ᠲᠠᠢ ᠶᠠᠪᠤᠭᠳᠠᠵᠤ᠂ ᠤᠬᠠᠭᠤᠯᠭ᠎ᠠ ᠵᠢᠨ ᠰᠠᠢ᠌ᠨ ᠪᠦᠲᠦᠮᠵᠢ ᠣᠯᠪᠠ᠃ ᠲᠣᠰ ᠤᠳᠠᠭ᠎ᠠ ᠬᠠᠩᠵᠧᠦ ᠬᠣᠲᠠ᠎ᠳᠤ ᠶᠠᠪᠤᠭᠳᠠᠭᠤᠯᠤᠭᠰᠠᠨ ᠰᠣᠶᠣᠯ ᠵᠢᠭᠤᠯᠴᠢᠯᠠᠯ᠎ᠤᠨ ᠰᠢᠨ᠎ᠡ ᠵᠢ ᠡᠭᠦᠳᠬᠦ ᠵᠢ ᠲᠠᠨᠢᠯᠴᠠᠭᠤᠯᠬᠤ ᠠᠵᠢᠯᠯᠠᠭ᠎ᠠ᠎ᠨᠢ ᠵᠧᠵᠢᠶᠠᠩ᠎ᠤᠨ ᠵᠢᠭᠤᠯᠴᠢᠯᠠᠭᠴᠢᠳ᠎ᠲᠤ ᠦᠪᠡᠷᠮᠢᠴᠡ ᠣᠨᠴᠠᠯᠢᠭ ᠪᠦᠬᠦᠢ ᠮᠣᠷᠢᠨ ᠬᠤᠭᠤᠷ ᠬᠢᠭᠡᠳ ᠬᠦᠭᠡᠮᠡᠢ ᠵᠢᠨ ᠲᠣᠭᠯᠠᠯᠲᠠ᠂ ᠭᠣᠢ᠌ᠲᠠ ᠰᠠᠢ᠌ᠬᠠᠨ ᠤᠯᠠᠮᠵᠢᠯᠠᠯᠲᠤ ᠦᠨᠳᠦᠰᠦᠲᠡᠨ᠎ᠤ ᠬᠤᠪᠴᠠᠰᠤ ᠵᠠᠰᠠᠯ᠎ᠤᠨ ᠦᠵᠡᠭᠦᠯᠦᠯᠭᠡ ᠵᠢᠴᠢ ᠮᠠᠯᠴᠢᠳ᠎ᠤᠨ ᠠᠮᠢᠳᠤᠷᠠᠯ᠎ᠳᠤ ᠬᠠᠮᠤᠭ᠎ᠠᠴᠠ ᠣᠢ᠌ᠷᠠᠲᠤᠭᠰᠠᠨ ᠰᠤᠷ ᠬᠠᠷᠪᠤᠬᠤ ᠵᠢ ᠪᠡᠶᠡᠴᠢᠯᠡᠨ ᠣᠶ᠋ᠢᠯᠠᠭ᠋ᠠᠬᠤ ᠬᠦᠳᠡᠯᠭᠡᠭᠡᠨ᠂ ᠬᠠᠮᠤᠭ᠎ᠤᠨ ᠬᠡᠷᠡᠭᠴᠡᠭᠡ᠎ᠲᠠᠢ ᠵᠦᠢ᠍ᠯ ᠪᠣᠯᠬᠤ ᠵᠢᠭᠤᠯᠴᠢᠯᠠᠯ᠎ᠤᠨ ᠪᠦᠲᠦᠭᠡᠭᠳᠡᠬᠦᠨ ᠪᠣᠯᠤᠨ ᠵᠠᠮ ᠱᠤᠭᠤᠮ ᠵᠡᠷᠭᠡ ᠵᠢ ᠠᠪᠴᠢᠷᠠᠵᠤ᠂ ᠥᠷᠭᠡᠨ ᠣᠯᠠᠨ ᠵᠢᠭᠤᠯᠴᠢᠯᠠᠭᠴᠢᠳ᠎ᠢ ᠥᠪᠥᠷ ᠮᠣᠩᠭᠣᠯ᠎ᠳᠤ ᠤᠯᠠᠮ ᠨᠢᠭᠡ ᠠᠯᠬᠤᠮ ᠣᠢ᠌ᠯᠠᠭ᠋ᠠᠯᠲᠠ᠎ᠲᠠᠢ ᠪᠣᠯᠭ᠋ᠠᠵᠠᠢ᠃ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠭᠡᠭᠳᠡᠭᠰᠡᠨ ᠤᠯᠠᠭ᠋ᠠᠨᠮᠥ᠋ᠴᠢᠷ᠎ᠤᠨ ᠤᠷᠠᠯᠢᠭ᠎ᠤᠨ ᠲᠣᠭᠯᠠᠯᠲᠠ ᠵᠢᠨ ᠪᠦᠯᠬᠦᠮ᠎ᠤᠨ᠎ᠬᠢᠨ ᠨᠠᠩ ᠴᠤ᠌ ᠬᠠᠮᠤᠭ᠎ᠤᠨ ᠭᠤᠶᠤ ᠲᠠᠭᠤᠤ ᠪᠥᠵᠢᠭ ᠵᠢᠴᠢ ᠥᠪᠥᠷ ᠮᠣᠩᠭᠣᠯ᠎ᠤᠨ ᠠᠷᠠᠳ ᠲᠦᠮᠡᠨ᠎ᠤ ᠬᠠᠮᠤᠭ᠎ᠤᠨ ᠴᠢᠩ ᠰᠡᠳᠬᠢᠯ᠎ᠤᠨ ᠵᠥᠩᠨᠡᠯ᠂ ᠥᠪᠥᠷ ᠮᠣᠩᠭᠣᠯ᠎ᠤᠨ ᠬᠠᠮᠤᠭ᠎ᠤᠨ ᠰᠢᠯᠢᠳᠡᠭ ᠰᠣᠶᠣᠯ ᠪᠠ ᠵᠢᠭᠤᠯᠴᠢᠯᠠᠯ᠎ᠤᠨ ᠪᠦᠲᠦᠭᠡᠭᠳᠡᠬᠦᠨ ᠵᠶ᠋ᠡᠨ ᠵᠧᠵᠢᠶᠠᠩ᠎ᠤᠨ ᠵᠢᠭᠤᠯᠴᠢᠯᠠᠭᠴᠢᠳ᠎ᠲᠤ ᠬᠦᠷᠭᠡᠵᠦ᠂ ᠵᠧᠵᠢᠶᠠᠩ᠎ᠤᠨ ᠵᠢᠭᠤᠯᠴᠢᠯᠠᠭᠴᠢᠳ᠎ᠢ ᠡᠪᠦᠯ᠎ᠳᠤ᠎ᠪᠠᠨ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠷ ᠬᠠᠨᠲᠠᠯ᠎ᠠ ᠵᠢᠭᠤᠯᠴᠢᠯᠠᠭ᠋ᠠᠷᠠᠢ ᠭᠡᠮᠡᠨ ᠬᠠᠯᠠᠭᠤᠨ ᠵᠶ᠋ᠠᠷ ᠤᠷᠢᠪᠠ᠃