ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠮᠡᠳᠡᠭᠡ ᠵᠠᠩᠭᠢᠵᠢᠯᠲᠠ ᠵᠢᠨ ᠠᠵᠢᠯ᠎ᠤᠨ ᠪᠠᠶ᠋ᠢᠷᠢᠯᠠᠭᠤᠯᠤᠯᠲᠠ ᠵᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ ᠮᠡᠳᠡᠭᠡ ᠵᠠᠩᠭᠢᠵᠢᠯᠲᠠ ᠵᠢᠨ ᠠᠵᠢᠯ ᠡᠷᠬᠢᠯᠡᠭᠰᠡᠳ᠎ᠤᠨ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠤᠰᠠᠳᠠ᠂ 11 ᠳ᠋ᠦ᠍ᠭᠡᠷ ᠰᠠᠷ᠎ᠠ ᠵᠢᠨ 2᠎ᠤ ᠡᠳᠦᠷ᠎ᠠᠴᠠ 6᠎ᠤ ᠡᠳᠦᠷ ᠪᠣᠯᠲᠠᠯ᠎ᠠ ᠪᠥᠬᠥ ᠣᠷᠣᠨ᠎ᠤ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ ᠮᠡᠳᠡᠭᠡ ᠵᠠᠩᠭᠢᠵᠢᠯᠲᠠ ᠵᠢᠨ ᠠᠵᠢᠯ᠎ᠤᠨ ᠪᠣᠯᠪᠠᠰᠤᠷᠠᠭᠤᠯᠤᠯ᠎ᠤᠨ ᠠᠩᠭᠢ ᠵᠢ ᠬᠦᠬᠡᠬᠤᠲᠠ᠎ᠳᠤ ᠡᠷᠬᠢᠯᠡᠵᠦ᠂ ᠡᠯ᠎ᠡ ᠠᠶ᠋ᠢᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠂ ᠮᠡᠳᠡᠭᠡ ᠵᠠᠩᠭᠢᠵᠢᠯᠲᠠ ᠵᠢᠨ ᠠᠵᠢᠯᠲᠠᠨ᠂ ᠡᠯ᠎ᠡ ᠠᠶ᠋ᠢᠮᠠᠭ ᠬᠣᠲᠠ ᠵᠢᠨ ᠭᠣᠤᠯᠳᠠᠯᠭ᠎ᠠ᠎ᠲᠠᠢ ᠬᠣᠰᠢᠭᠤ ᠰᠢᠶᠠᠨ᠎ᠤ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠤᠨ ᠮᠡᠳᠡᠭᠡ ᠵᠠᠩᠭᠢᠵᠢᠯᠲᠠ ᠵᠢᠨ ᠠᠵᠢᠯᠲᠠᠨ᠂ ᠲᠢᠩᠬᠢᠮ᠎ᠤᠨ ᠬᠣᠯᠪᠣᠭᠳᠠᠯ ᠪᠦᠬᠦᠢ ᠰᠢᠭᠤᠳ ᠬᠠᠷᠢᠶ᠎ᠠ ᠨᠢᠭᠡᠴᠢ᠂ ᠭᠠᠵᠠᠷ ᠪᠤᠯᠤᠨ ᠠᠯᠪᠠᠨ ᠭᠡᠷ᠎ᠤᠨ ᠠᠵᠢᠯᠳᠠᠳ ᠨᠡᠶ᠋ᠢᠲᠡ 60 ᠭᠠᠷᠤᠶ ᠬᠥᠮᠦᠨ ᠲᠣᠰ ᠤᠳᠠᠭ᠋ᠠᠨ᠎ᠤ ᠪᠣᠯᠪᠠᠰᠤᠷᠠᠭᠤᠯᠤᠯ᠎ᠤᠨ ᠠᠩᠬᠢ᠎ᠳᠤ ᠣᠷᠣᠯᠴᠠᠪᠠ᠃
ᠪᠣᠯᠪᠠᠰᠤᠷᠠᠭᠤᠯᠤᠯ᠎ᠤᠨ ᠠᠩᠬᠢ᠎ᠳᠤ᠎ᠪᠠᠨ ᠤᠯᠤᠰ᠎ᠤᠨ ᠶᠠᠮᠤᠨ ᠬᠣᠷᠢᠶ᠎ᠠ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠮᠡᠳᠡᠭᠡ ᠵᠠᠩᠭᠢᠵᠢᠯᠲᠠ ᠵᠢᠨ ᠲᠠᠯ᠎ᠠ ᠵᠢᠨ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠨ᠎ᠢ ᠤᠷᠢᠵᠤ ᠲᠣᠰ ᠲᠣᠰ 《ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ ᠲᠣᠭ᠋ᠠᠴᠢᠯᠠᠭᠰᠠᠨ ᠬᠥᠭᠵᠢᠯᠲᠡ ᠵᠢᠨ ᠣᠳᠣᠬᠢ ᠪᠠᠢ᠌ᠳᠠᠯ ᠵᠢᠴᠢ ᠬᠥᠭᠵᠢᠯᠲᠡ ᠵᠢᠨ ᠬᠠᠨᠳᠤᠰᠢ》᠂ 《ᠡᠯᠧᠺᠲᠷᠣᠨ ᠵᠠᠰᠠᠭ᠎ᠤᠨ ᠶᠠᠪᠤᠳᠠᠯ᠎ᠤᠨ ᠬᠥᠭᠵᠢᠯᠲᠡ ᠵᠢᠨ ᠣᠳᠣᠬᠢ ᠪᠠᠢ᠌ᠳᠠᠯ ᠵᠢᠴᠢ ᠬᠠᠨᠳᠤᠰᠢ》᠂ 《ᠲᠣᠭ᠋ᠠᠴᠢᠯᠠᠭᠰᠠᠨ ᠨᠣᠮ᠎ᠤᠨ ᠰᠠᠩ᠎ᠤᠨ ᠪᠦᠲᠦᠭᠡᠨ ᠪᠠᠢ᠌ᠭᠤᠯᠤᠯᠲᠠ》᠂ 《ᠲᠣᠮᠣ ᠳ᠋ᠠᠶ᠋ᠢᠲ᠋ᠠ ᠵᠢᠨ ᠬᠥᠭᠵᠢᠯᠲᠡ ᠵᠢᠨ ᠣᠳᠣᠬᠢ ᠪᠠᠢ᠌ᠳᠠᠯ ᠵᠢᠴᠢ ᠭᠣᠤᠯ ᠬᠡᠷᠡᠭᠯᠡᠯᠲᠡ》᠂ 《ᠰᠦᠯᠵᠢᠶᠡᠨ᠎ᠤ ᠠᠮᠤᠷ ᠲᠦᠪᠰᠢᠨ᠎ᠤ ᠬᠥᠭᠵᠢᠯᠲᠡ ᠵᠢᠨ ᠣᠳᠣᠬᠢ ᠪᠠᠢ᠌ᠳᠠᠯ ᠵᠢᠴᠢ ᠬᠠᠨᠳᠤᠰᠢ》᠂ 《ᠲᠣᠭ᠋ᠠᠴᠢᠯᠠᠭᠰᠠᠨ ᠮᠦᠽᠧᠶ ᠵᠢᠨ ᠪᠦᠲᠦᠭᠡᠨ ᠪᠠᠶ᠋ᠢᠭᠤᠯᠤᠯᠲᠠ ᠵᠢᠨ ᠪᠣᠳᠠᠲᠤ ᠵᠢᠱ᠌ᠢᠶ᠎ᠡ》 ᠵᠡᠷᠭᠡ ᠲᠠᠯ᠎ᠠ ᠵᠢᠨ ᠠᠭᠤᠯᠭ᠎ᠠ ᠲᠠᠢ ᠬᠢᠴᠢᠶᠡᠯ ᠲᠠᠢ᠌ᠯᠤᠨ ᠬᠢᠯᠭᠡᠭᠰᠡᠨ ᠪᠠ ᠰᠤᠲᠤᠯᠤᠨ ᠶᠠᠷᠢᠯᠴᠠᠵᠠᠢ᠃
ᠪᠣᠯᠪᠠᠰᠤᠷᠠᠭᠤᠯᠤᠯ᠎ᠳᠤ ᠣᠷᠣᠯᠴᠠᠭᠰᠠᠨ ᠰᠤᠷᠤᠯᠭ᠋ᠠᠳᠠᠳ ᠲᠣᠰ ᠤᠳᠠᠭ᠋ᠠᠨ᠎ᠤ ᠪᠣᠯᠪᠠᠰᠤᠷᠠᠯ ᠪᠣᠯ ᠰᠣᠶᠣᠯ ᠵᠢᠭᠤᠯᠴᠢᠯᠠᠯ᠎ᠤᠨ ᠠᠭᠤᠰᠤᠯᠴᠠᠭᠰᠠᠨᠤ ᠳᠠᠷᠠᠭ᠋ᠠᠬᠢ ᠮᠡᠳᠡᠭᠡ ᠵᠠᠩᠭᠢᠵᠢᠯᠲᠠ ᠵᠢᠨ ᠠᠵᠢᠯ ᠵᠢᠨ ᠲᠠᠯ᠎ᠠ᠎ᠪᠠᠷ᠎ᠬᠢ ᠠᠩᠬᠠᠨ᠎ᠤ ᠪᠤᠯᠪᠠᠰᠤᠷᠠᠭᠤᠯᠤᠯ ᠮᠥᠨ᠂ ᠡᠨᠡ᠎ᠨᠢ ᠴᠠᠭ᠎ᠲᠤ᠎ᠪᠠᠨ ᠮᠠᠰᠢ ᠲᠣᠬᠢᠷᠠᠭᠰᠠᠨ ᠠᠵᠢᠯᠯᠠᠭ᠎ᠠ ᠶᠤᠮ᠃ ᠪᠣᠯᠪᠠᠰᠤᠷᠠᠭᠤᠯᠤᠯ᠎ᠤᠨ ᠠᠭᠤᠯᠭ᠎ᠠ᠎ᠨᠢ ᠪᠦᠷᠢᠨ ᠲᠡᠭᠦᠯᠳᠡᠷ᠂ ᠦᠵᠡᠯᠲᠡ᠎ᠨᠢ ᠥᠪᠡᠷᠮᠢᠴᠡ᠂ ᠣᠨᠣᠯ᠎ᠤᠨ ᠦᠨᠳᠦᠷᠴᠡ᠎ᠲᠠᠢ ᠮᠥᠷᠲᠡᠭᠡᠨ ᠦᠵᠡᠯ ᠰᠠᠨᠠᠭ᠋ᠠᠨ᠎ᠤ ᠭᠦᠨᠴᠡ᠎ᠲᠠᠢ ᠪᠠᠶ᠋ᠢᠵᠤ᠂ ᠦᠢ᠍ᠯᠡᠳᠦᠯᠭᠡᠵᠢᠭᠦᠯᠬᠦ ᠵᠢ ᠴᠢᠬᠤᠯᠠᠴᠢᠯᠠᠭᠰᠠᠨ ᠪᠠᠢ᠌ᠨ᠎ᠠ᠂ ᠪᠢᠲᠡ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠠᠨ ᠠᠵᠢᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠬᠤ ᠳᠤᠮᠳᠠ ᠳᠠᠷᠤᠶ᠋ᠢᠬᠠᠨ ᠤᠯᠠᠷᠢᠭᠤᠯᠤᠨ ᠣᠷᠣᠭᠤᠯᠵᠤ᠂ ᠪᠦᠬᠦ ᠣᠷᠣᠨ᠎ᠤ ᠰᠣᠶᠣᠯ ᠵᠢᠭᠤᠯᠴᠢᠯᠠᠯ᠎ᠤᠨ ᠮᠡᠳᠡᠭᠡ ᠵᠠᠩᠭᠢᠵᠢᠯᠲᠠ ᠵᠢᠨ ᠪᠦᠲᠦᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠭᠡᠵᠦ ᠵᠤᠷᠢᠭ ᠵᠶ᠋ᠠᠨ ᠢᠯᠡᠳᠭᠡᠭᠰᠡᠨ ᠪᠠᠢ᠌ᠨ᠎ᠠ᠃


ᠪᠣᠯᠪᠠᠰᠤᠷᠠᠯ᠎ᠤᠨ ᠠᠬᠤᠶ ᠲᠠᠯᠠᠪᠠᠢ (ᠵᠢᠷᠤᠭ)