10 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ 11 ᠳ᠋ᠣᠭᠡᠷ ᠰᠠᠷ᠎ᠠ ᠵᠢᠨ 2᠎ᠤ ᠡᠳᠦᠷ᠎ᠤᠨ ᠬᠤᠭᠤᠷᠤᠨᠲᠤ ᠳᠤᠮᠳᠠᠳᠤ ᠤᠯᠤᠰ᠎ᠤᠨ ᠳᠠᠭᠤᠤ ᠬᠥᠭᠵᠢᠮ᠎ᠤᠨ ᠨᠡᠶ᠋ᠢᠭᠡᠮᠯᠢᠭ᠎ᠤᠨ ᠨᠠᠶ᠋ᠢᠷᠠᠯ ᠳᠠᠭᠤᠤ ᠵᠢᠨ ᠬᠣᠯᠪᠣᠭ᠎ᠠ ᠵᠢᠨ ᠡᠷᠬᠢᠯᠡᠭᠰᠡᠨ ᠴᠢᠩᠳᠣᠤ (ᠵᠢᠢ ᠮᠦᠸᠸ) ᠵᠢᠨ ᠣᠯᠠᠨ ᠤᠯᠤᠰ᠎ᠤᠨ ᠨᠠᠶ᠋ᠢᠷᠠᠯ ᠳᠠᠭᠤᠤ ᠵᠢᠨ ᠶᠡᠬᠡ ᠬᠤᠷᠠᠯ ᠱᠠᠨᠳᠦ᠋ᠩ᠎ᠤᠨ ᠴᠢᠩᠳᠣᠤ᠎ᠳᠤ ᠬᠤᠭᠤᠴᠠᠭ᠎ᠠ ᠶᠣᠰᠣᠭ᠋ᠠᠷ ᠶᠠᠪᠤᠭᠳᠠᠪᠠ᠃ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠨᠡᠶ᠋ᠢᠭᠡᠮᠯᠢᠭ᠎ᠠᠴᠠ ᠰᠣᠩᠭᠣᠨ ᠬᠦᠷᠭᠡᠭᠰᠡᠨ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠤᠨ ᠮᠣᠩᠭᠣᠯ ᠦᠨᠳᠦᠰᠦᠲᠡᠨ᠎ᠤ ᠵᠠᠯᠠᠭᠤᠴᠤᠳ᠎ᠤᠨ ᠨᠠᠶ᠋ᠢᠷᠠᠯ ᠳᠠᠭᠤᠤ ᠵᠢᠨ ᠪᠦᠯᠬᠦᠮ᠎ᠨᠢ ᠳᠤᠮᠳᠠᠳᠤ ᠭᠠᠳᠠᠭ᠋ᠠᠳᠤ ᠵᠢᠨ 41 ᠨᠠᠶ᠋ᠢᠷᠠᠯ ᠳᠠᠭᠤᠤ ᠵᠢᠨ ᠪᠦᠯᠬᠦᠮ᠎ᠤᠨ ᠳᠤᠮᠳᠠ᠎ᠠᠴᠠ ᠴᠣᠯᠭᠣᠷᠠᠨ ᠭᠠᠷᠴᠤ᠂ ᠭᠠᠷᠮᠠᠭ᠋ᠠᠢ ᠵᠢᠳᠬᠦᠯ ᠦᠵᠡᠭᠦᠯᠦᠭᠰᠡᠨ ᠪᠦᠯᠬᠦᠮ ᠬᠡᠮᠡᠬᠦ ᠱᠠᠩᠨᠠᠯ ᠣᠯᠤᠭᠰᠠᠨ ᠪᠥᠭᠡᠳ ᠬᠤᠷᠠᠯ ᠲᠡᠭᠦᠰᠬᠦ ᠶᠤᠰᠤᠯᠠᠯ᠎ᠤᠨ ᠬᠠᠷᠢᠭᠤ ᠮᠡᠳᠡᠭᠦᠯᠦᠯᠲᠡ ᠵᠢᠨ ᠳᠠᠭᠤᠤ ᠬᠥᠭᠵᠢᠮ᠎ᠤᠨ ᠦᠳᠡᠰᠢᠯᠡᠭᠡ ᠳᠡᠭᠡᠷ᠎ᠡ ᠰᠡᠭᠦᠯᠴᠢ ᠵᠢᠨ ᠬᠤᠶᠠᠳᠤᠭ᠋ᠠᠷ ᠲᠤᠭᠯᠠᠯᠲᠠ ᠵᠢᠨ ᠪᠦᠯᠬᠦᠮ᠎ᠤᠨ ᠬᠤᠪᠢ᠎ᠪᠠᠷ ᠲᠣᠭᠯᠠᠯᠲᠠ ᠭᠠᠷᠭ᠋ᠠᠵᠤ᠂ ᠠᠵᠢᠯ ᠨᠢᠭᠡᠲᠡᠨ ᠪᠠ ᠳᠤᠮᠳᠠᠳᠤ ᠭᠠᠳᠠᠭ᠋ᠠᠳᠤ ᠵᠢᠨ ᠦᠵᠡᠭᠴᠢᠳ᠎ᠤᠨ ᠳᠡᠭᠡᠳᠦ ᠬᠡᠮᠵᠢᠶᠡᠨ᠎ᠤ ᠮᠠᠭᠲᠠᠭ᠋ᠠᠯ ᠰᠠᠶ᠋ᠢᠰᠢᠶᠠᠯ᠎ᠢ ᠣᠯᠵᠠᠶ᠃
ᠣᠶ᠋ᠢᠯᠠᠭ᠋ᠠᠭᠰᠠᠨ ᠵᠶ᠋ᠠᠷ᠂ 2019 ᠣᠨ᠎ᠤ ᠳᠤᠮᠳᠠᠳᠤ ᠤᠯᠤᠰ᠎ᠤᠨ ᠴᠢᠩᠳᠣᠤ (ᠵᠢᠢ ᠮᠦᠸᠸ) ᠵᠢᠨ ᠣᠯᠠᠨ ᠤᠯᠤᠰ᠎ᠤᠨ ᠨᠠᠶ᠋ᠢᠷᠠᠯ ᠳᠠᠭᠤᠤ ᠵᠢᠨ ᠶᠡᠬᠡ ᠬᠤᠷᠠᠯ᠎ᠳᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ 41 ᠨᠠᠶ᠋ᠢᠷᠠᠯ ᠳᠠᠭᠤᠤ ᠵᠢᠨ ᠪᠦᠯᠬᠦᠮ᠎ᠤᠨ 2000 ᠬᠥᠮᠦᠨ ᠣᠷᠤᠯᠴᠠᠵᠤ᠂ ᠡᠭᠦᠨ᠎ᠳᠤ ᠣᠯᠠᠨ ᠤᠯᠤᠰ᠎ᠤᠨ ᠨᠠᠶ᠋ᠢᠷᠠᠯ ᠳᠠᠭᠤᠤ ᠵᠢᠨ ᠪᠦᠯᠬᠦᠮ 3 ᠪᠠᠶ᠋ᠢᠵᠤ᠂ ᠲᠣᠰ ᠲᠣᠰ ᠣᠷᠣᠰ᠂ ᠺᠣᠷᠢᠶᠠ ᠪᠠ ᠮᠠᠯᠠᠢ᠌ᠰᠢᠶ᠎ᠠ᠎ᠠᠴᠠ ᠢᠷᠡᠵᠡᠢ᠃ ᠠᠵᠢᠯᠯᠠᠭ᠋ᠠᠨ᠎ᠤ ᠬᠤᠭᠤᠴᠠᠭ᠋ᠠᠨ᠎ᠳᠤ᠂ ᠠᠳᠠᠯᠢ ᠪᠤᠰᠤ ᠦᠨᠳᠦᠰᠦᠲᠡᠨ᠂ ᠠᠳᠠᠯᠢ ᠪᠤᠰᠤ ᠬᠡᠪ ᠨᠠᠮᠪᠠ᠎ᠲᠠᠢ ᠨᠠᠶ᠋ᠢᠷᠠᠯ ᠳᠠᠭᠤᠤ ᠵᠢᠨ ᠪᠦᠯᠬᠦᠮ ᠵᠢᠢ ᠮᠦᠸᠸ᠎ᠳᠤ ᠴᠤᠭᠯᠠᠷᠠᠵᠤ᠂ ᠦᠵᠡᠭᠴᠢᠳ᠎ᠲᠤ ᠪᠠᠶᠠᠯᠢᠭ ᠰᠠᠢ᠌ᠬᠠᠨ ᠤᠷᠠᠯᠢᠭ᠎ᠤᠨ ᠬᠦᠷᠲᠡᠭᠡᠯ ᠣᠯᠭᠣᠪᠠ᠃
ᠲᠣᠰ ᠤᠳᠠᠭ᠋ᠠᠨ᠎ᠤ ᠣᠯᠠᠨ ᠤᠯᠤᠰ᠎ᠤᠨ ᠨᠠᠶ᠋ᠢᠷᠠᠯ ᠳᠠᠭᠤᠤ ᠵᠢᠨ ᠶᠡᠬᠡ ᠬᠤᠷᠠᠯ ᠳᠡᠭᠡᠷ᠎ᠡ᠂ ᠮᠣᠩᠭᠣᠯ ᠦᠨᠳᠦᠰᠦᠲᠡᠨ᠎ᠤ ᠵᠠᠯᠠᠭᠤᠴᠤᠳ᠎ᠤᠨ ᠨᠠᠶ᠋ᠢᠷᠠᠯ ᠳᠠᠭᠤᠤ ᠵᠢᠨ ᠪᠦᠯᠬᠦᠮ᠎ᠨᠢ ᠮᠣᠩᠭᠣᠯ ᠦᠨᠳᠦᠰᠦᠲᠡᠨ᠎ᠤ ᠠᠯᠳᠠᠷᠲᠤ ᠬᠥᠭᠵᠢᠮ᠎ᠤᠨ ᠵᠣᠬᠢᠶᠠᠯᠴᠢ ᠰ᠊ · ᠡᠩᠬᠡᠪᠠᠶᠠᠷ᠎ᠤᠨ ᠠᠶ᠎ᠠ ᠵᠣᠬᠢᠶᠠᠭᠰᠠᠨ 《ᠨᠠᠢ᠍ᠮᠠᠨ ᠰᠢᠷᠭ᠎ᠠ ᠵᠢᠨ ᠮᠠᠭᠲᠠᠭ᠋ᠠᠯ》᠂ 《ᠮᠣᠩᠭᠣᠯ ᠭᠤᠲᠤᠯ》 ᠭᠡᠬᠦ ᠬᠣᠶᠠᠷ ᠰᠣᠩᠭᠣᠳᠠᠭ ᠳᠠᠭᠤᠤ ᠵᠢᠴᠢ ᠲᠣᠰ ᠪᠦᠯᠬᠦᠮ᠎ᠤᠨ ᠰᠢᠯᠢᠳᠡᠭ ᠵᠠᠯᠠᠭᠤ ᠤᠳᠤᠷᠢᠳᠤᠭ᠋ᠠᠴᠢ ᠰᠢᠤᠸᠠᠢ ᠸᠧᠶ ᠵᠢᠨ ᠬᠥᠯᠥᠨ ᠪᠣᠢ᠍ᠢ᠍ᠷ᠎ᠤᠨ ᠠᠷᠠᠳ᠎ᠤᠨ ᠳᠠᠭᠤᠤ ᠵᠢ ᠦᠨᠳᠦᠰᠦᠯᠡᠵᠦ ᠥᠭᠡᠷᠡᠴᠢᠯᠡᠨ ᠨᠠᠶ᠋ᠢᠷᠠᠭᠤᠯᠤᠭᠰᠠᠨ 《ᠥᠷᠭᠡᠰᠦᠲᠦ ᠡᠪᠡᠰᠦ》 ᠵᠢ ᠳᠠᠭᠤᠯᠠᠪᠠ᠃ ᠨᠠᠶ᠋ᠢᠷᠠᠯ ᠳᠠᠭᠤᠤ ᠳᠠᠭᠤᠯᠠᠬᠤ ᠤᠷᠠᠯᠢᠭ᠎ᠤᠨ ᠲᠤᠰᠬᠠᠶ ᠮᠡᠷᠭᠡᠵᠢᠯ᠎ᠤᠨ ᠦᠨᠳᠦᠷ ᠬᠢᠷᠢ ᠲᠦᠪᠰᠢᠨ ᠪᠠ ᠰᠢᠤᠸᠠᠢ ᠸᠧᠶ᠂ ᠦᠷᠡᠯ ᠬᠣᠶᠠᠷ ᠰᠢᠯᠢᠳᠡᠭ ᠤᠳᠤᠷᠢᠳᠤᠭ᠋ᠠᠴᠢ ᠵᠢᠨ ᠭᠠᠷᠮᠠᠭ᠋ᠠᠶ ᠤᠳᠤᠷᠢᠳᠤᠭᠰᠠᠨ᠎ᠤ ᠳᠡᠭᠡᠷ᠎ᠡ ᠮᠣᠷᠢᠨ ᠬᠤᠭᠤᠷ᠂ ᠬᠦᠭᠡᠮᠡᠢ ᠵᠢᠨ ᠦᠨᠳᠦᠰᠦᠲᠡᠨ᠎ᠤ ᠤᠷᠠᠯᠢᠭ᠎ᠤᠨ ᠥᠪᠡᠷᠮᠢᠴᠡ ᠣᠨᠴᠠᠯᠢᠭ ᠵᠶ᠋ᠠᠷ ᠵᠶ᠋ᠠᠨ ᠮᠣᠩᠭᠣᠯ ᠦᠨᠳᠦᠰᠦᠲᠡᠨ᠎ᠤ ᠵᠠᠯᠠᠭᠤᠴᠤᠳ᠎ᠤᠨ ᠨᠠᠶ᠋ᠢᠷᠠᠯ ᠳᠠᠭᠤᠤ ᠵᠢᠨ ᠪᠦᠯᠬᠦᠮ᠎ᠨᠢ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ᠎ᠤᠨ ᠪᠦᠯᠬᠦᠮ᠂ ᠨᠠᠶ᠋ᠢᠷᠠᠯ ᠳᠠᠭᠤᠤ ᠵᠢᠨ ᠲᠤᠰᠬᠠᠶ ᠮᠡᠷᠭᠡᠵᠢᠯᠲᠡᠨ ᠵᠢᠴᠢ ᠳᠤᠮᠳᠠᠳᠤ ᠭᠠᠳᠠᠭ᠋ᠠᠳᠤ ᠵᠢᠨ ᠦᠵᠡᠭᠴᠢᠳ᠎ᠤᠨ ᠬᠠᠯᠠᠭᠤᠨ ᠠᠯᠠᠭ᠎ᠠ ᠲᠡᠰᠢᠯᠲᠡ ᠪᠠ ᠮᠠᠭᠲᠠᠭ᠋ᠠᠯ ᠰᠠᠶ᠋ᠢᠰᠢᠶᠠᠯ᠎ᠢ ᠣᠯᠵᠠᠶ᠃ ᠲᠣᠰ ᠤᠳᠠᠭ᠋ᠠᠨ᠎ᠤ ᠠᠵᠢᠯᠯᠠᠭ᠎ᠠ᠎ᠳᠤ ᠣᠷᠣᠯᠴᠠᠭᠰᠠᠨ᠎ᠨᠢ ᠮᠣᠩᠭᠣᠯ ᠦᠨᠳᠦᠰᠦᠲᠡᠨ᠎ᠤ ᠨᠠᠶ᠋ᠢᠷᠠᠯ ᠳᠠᠭᠤᠤ ᠵᠢᠨ ᠤᠷᠠᠯᠢᠭ᠎ᠢ ᠲᠠᠨᠢᠯᠴᠠᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠨᠠᠶ᠋ᠢᠷᠠᠯ ᠳᠠᠭᠤᠤ ᠵᠢᠨ ᠤᠷᠠᠯᠢᠭ᠎ᠤᠨ ᠰᠣᠯᠢᠯᠴᠠᠭ᠎ᠠ ᠲᠣᠯᠢᠳᠠᠯ᠎ᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠵᠡᠶ᠃

ᠲᠣᠭᠯᠠᠯᠲᠠ ᠵᠢᠨ ᠲᠠᠯᠠᠪᠠᠢ