ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠴᠢᠨᠠᠷ ᠰᠠᠶ᠋ᠢᠲᠠᠶ ᠠᠭᠤᠰᠤᠯᠳᠤᠨ ᠬᠥᠭᠵᠢᠬᠦ ᠪᠣᠯᠪᠠᠰᠤᠷᠠᠭᠤᠯᠤᠯ᠎ᠤᠨ ᠠᠩᠭᠢ ᠵᠧᠵᠢᠶᠠᠩ ᠮᠤᠵᠢ ᠵᠢᠨ ᠬᠣᠵᠧᠤ ᠬᠣᠲᠠ᠎ᠳᠤ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄ 2019-10-30

     10 ᠳ᠋ᠤᠭ᠋ᠠᠷ ᠰᠠᠷ᠎ᠠ ᠵᠢᠨ 29᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠴᠢᠨᠠᠷ ᠰᠠᠶ᠋ᠢᠲᠠᠶ ᠠᠭᠤᠰᠤᠯᠴᠠᠨ ᠬᠥᠭᠵᠢᠬᠦ ᠪᠣᠯᠪᠠᠰᠤᠷᠠᠭᠤᠯᠤᠯ᠎ᠤᠨ ᠠᠩᠭᠢ ᠵᠧᠵᠢᠶᠠᠩ ᠮᠤᠵᠢ ᠵᠢᠨ ᠬᠣᠵᠧᠤ ᠬᠣᠲᠠ ᠵᠢᠨ ᠵᠠᠰᠠᠭ ᠵᠠᠬᠢᠷᠭ᠋ᠠᠨ᠎ᠤ   ᠳᠡᠭᠡᠳᠤ ᠰᠤᠷᠭ᠋ᠠᠭᠤᠯᠢ᠎ᠳᠤ ᠰᠤᠷᠤᠯᠭ᠎ᠠ ᠡᠬᠢᠯᠡᠪᠡ᠃ ᠪᠥᠬᠥ ᠣᠷᠣᠨ᠎ᠤ ᠡᠯ᠎ᠡ ᠠᠶ᠋ᠢᠮᠠᠭ ᠬᠣᠲᠠ ᠵᠢᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ   ᠪᠠᠢ᠌ᠭ᠎ᠠ ᠤᠳᠤᠷᠢᠳᠤᠯᠭ᠎ᠠ᠂ ᠰᠣᠶᠣᠯ ᠪᠠ ᠵᠢᠭᠤᠯᠴᠢᠯᠠᠯ᠎ᠤᠨ ᠲᠤᠪᠴᠢᠶᠠᠨ᠎ᠤ ᠳᠠᠷᠤᠭ᠎ᠠ; ᠭᠤᠤᠯᠳᠠᠯᠭ᠋ᠠᠲᠤ ᠬᠣᠰᠢᠭᠤ ᠰᠢᠶᠠᠨ (ᠬᠣᠲᠠ᠂ ᠲᠣᠭᠣᠷᠢᠭ)᠎ᠤ ᠬᠤᠪᠢᠳᠠᠨ ᠬᠠᠮᠢᠶᠠᠷᠴᠤ   ᠪᠠᠢ᠌ᠭ᠎ᠠ ᠤᠳᠤᠷᠢᠳᠤᠯᠭ᠎ᠠ᠂ ᠰᠣᠶᠣᠯ ᠪᠠ ᠵᠢᠭᠤᠯᠴᠢᠯᠠᠯ᠎ᠤᠨ ᠲᠤᠪᠴᠢᠶᠠᠨ᠎ᠤ ᠳᠠᠷᠤᠭ᠎ᠠ ᠵᠡᠷᠭᠡ ᠨᠡᠶ᠋ᠢᠲᠡ 60 ᠬᠥᠮᠦᠨ ᠤᠷᠤᠯᠴᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ   ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠯᠢ ᠰᠢᠶᠣᠤ ᠴᠢᠦ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠪᠠ᠃
      ᠯᠢ ᠰᠢᠶᠣᠤ ᠴᠢᠦ ᠶᠠᠷᠢᠶᠠᠨ᠎ᠳᠤ᠎ᠪᠠᠨ᠂ ᠲᠤᠰ ᠤᠳᠠᠭ᠋ᠠᠨ᠎ᠤ ᠪᠣᠯᠪᠠᠰᠤᠷᠠᠭᠤᠯᠤᠯ᠎ᠤᠨ ᠭᠣᠤᠯ ᠡᠭᠦᠷᠭᠡ ᠪᠣᠯ ᠰᠢ ᠵᠢᠨ ᠫᠢᠩ ᠶᠡᠷᠦᠩᠬᠡᠶ ᠱᠦᠵᠢ ᠵᠢᠨ ᠰᠣᠶᠣᠯ   ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠲᠤᠬᠠᠶ ᠴᠢᠬᠤᠯᠠ ᠥᠭᠦᠯᠡᠯᠲᠡ ᠵᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠣᠶᠣᠯ ᠵᠢᠭᠤᠯᠴᠢᠯᠠᠯ ᠎ᠤᠨ ᠴᠢᠨᠠᠷ ᠰᠠᠶ᠋ᠢᠲᠠᠶ ᠠᠭᠤᠰᠤᠯᠴᠠᠨ ᠬᠥᠭᠵᠢᠬᠦ ᠲᠤᠬᠠᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ   ᠨᠠᠢ᠌ᠳᠠᠪᠤᠷᠢᠵᠢᠭᠤᠯᠬᠤ᠂ ᠲᠡᠷᠢᠭᠦᠨ᠎ᠤ ᠮᠣᠵᠢ ᠬᠣᠲᠠ ᠵᠢᠨ ᠲᠤᠷᠰᠢᠯᠭ᠎ᠠ ᠬᠢᠳᠡᠯ᠎ᠢ ᠰᠤᠷᠤᠯᠴᠠᠵᠤ᠂ ᠮᠠᠨ᠎ᠤ ᠣᠷᠣᠨ᠎ᠤ ᠰᠣᠶᠣᠯ   ᠵᠢᠭᠤᠯᠴᠢᠯᠠᠯ᠎ᠤᠨ ᠴᠢᠨᠠᠷ ᠰᠠᠶ᠋ᠢᠲᠠᠶ ᠠᠭᠤᠰᠤᠯᠴᠠᠨ ᠬᠥᠭᠵᠢᠬᠦ ᠵᠢ ᠠᠬᠢᠭᠤᠯᠬᠤ ᠶᠠᠪᠤᠳᠠᠯ ᠪᠣᠯᠤᠨ᠎ᠠ; ᠡᠯ᠎ᠡ ᠨᠢᠭᠡᠴᠢ ᠵᠢᠨ᠎ᠬᠢᠨ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠶᠡᠷᠦᠩᠬᠡᠶ ᠱᠦᠵᠢ ᠪᠣᠯᠤᠨ ᠨᠠᠮ᠎ᠤᠨ ᠲᠥᠪ ᠬᠣᠷᠢᠶᠠᠨ᠎ᠤ ᠱᠠᠭ᠋ᠠᠷᠳᠠᠯᠭ᠎ᠠ ᠪᠠᠢ᠍ᠷᠢᠯᠠᠭᠤᠯᠤᠯᠲᠠ᠎ᠲᠠᠢ ᠪᠠᠲᠤᠲᠠᠢ ᠨᠢᠭᠡᠳᠬᠡᠵᠦ᠂ ᠰᠣᠶᠣᠯ ᠵᠢᠭᠤᠯᠴᠢᠯᠠᠯ᠎ᠤᠨ ᠴᠢᠨᠠᠷ ᠰᠠᠶ᠋ᠢᠲᠠᠶ ᠠᠭᠤᠰᠤᠯᠴᠠᠨ ᠬᠥᠭᠵᠢᠬᠦ ᠵᠢ ᠡᠷᠡᠰ ᠭᠤᠶ᠋ᠢᠪᠢᠰᠢ ᠦᠭᠡᠢ ᠠᠬᠢᠭᠤᠯᠬᠤ ᠬᠡᠷᠡᠭᠲᠡᠶ; ᠲᠤᠳᠠᠭᠲᠠᠯ ᠵᠶ᠋ᠠᠨ ᠨᠥᠬᠥᠪᠥᠷᠢᠯᠡᠵᠦ᠂ ᠪᠦᠲᠦᠮᠵᠢᠲᠡᠶ ᠣᠷᠣᠭᠤᠯᠤᠯᠲᠠ ᠵᠢ ᠬᠦᠴᠦᠯᠡᠨ ᠥᠷᠭᠡᠳᠬᠡᠵᠦ᠂ ᠴᠢᠨᠠᠷ ᠰᠠᠶ᠋ᠢᠲᠠᠶ ᠬᠠᠩᠭ᠋ᠠᠯᠭ᠎ᠠ ᠵᠢ ᠨᠡᠮᠡᠭᠳᠡᠭᠦᠯᠵᠦ᠂ ᠰᠣᠶᠣᠯ ᠵᠢᠭᠤᠯᠴᠢᠯᠠᠯ᠎ᠤᠨ ᠴᠢᠨᠠᠷ ᠰᠠᠶ᠋ᠢᠲᠠᠶ ᠠᠭᠤᠰᠤᠯᠴᠠᠨ ᠬᠥᠭᠵᠢᠬᠦ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ; ᠠᠭᠤᠰᠤᠯᠴᠠᠭᠰᠠᠨ᠂ ᠪᠣᠬᠢᠷᠲᠤᠯ ᠦᠭᠡᠢ᠂ ᠰᠢᠨ᠎ᠡ ᠵᠢ ᠡᠭᠦᠳᠦᠭᠰᠡᠨ᠂ ᠵᠣᠬᠢᠴᠠᠩᠭᠤᠶ᠂ ᠨᠡᠭᠡᠭᠡᠯᠲᠡ᠎ᠲᠠᠢ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠲᠤᠰᠢᠭᠤᠯᠵᠤ᠂ 《ᠲᠠᠪᠤᠨ ᠶᠡᠬᠡ ᠪᠠᠲᠤᠯᠠᠭ᠎ᠠ ᠵᠢᠨ ᠰᠢᠰᠲᠸᠮ》᠎ᠢ ᠲᠡᠭᠦᠯᠳᠡᠷᠵᠢᠭᠦᠯᠵᠦ᠂ ᠠᠮᠢ ᠠᠬᠤᠶ ᠵᠢ ᠲᠡᠷᠢᠭᠦᠨ᠎ᠳᠤ ᠲᠠᠯᠪᠢᠭᠰᠠᠨ᠂ ᠪᠣᠬᠢᠷᠲᠤᠯ ᠦᠭᠡᠢ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠬᠤ ᠬᠡᠷᠡᠭᠲᠡᠶ; ᠠᠮᠢ ᠠᠬᠤᠶ ᠵᠢ ᠬᠠᠮᠠᠭ᠋ᠠᠯᠠᠬᠤ ᠪᠣᠯᠤᠨ   ᠵᠢᠭᠤᠯᠴᠢᠯᠠᠯ᠎ᠤᠨ ᠠᠵᠤ ᠠᠬᠤᠢ ᠵᠢᠨ ᠬᠠᠷᠢᠴᠠᠭ᠎ᠠ ᠵᠢ ᠰᠠᠶ᠋ᠢᠲᠤᠷ   ᠰᠢᠢ᠍ᠳᠪᠦᠷᠢᠯᠡᠵᠦ᠂ ᠵᠣᠬᠢᠶᠠᠨ   ᠪᠠᠢ᠌ᠭᠤᠯᠵᠤ ᠤᠳᠤᠷᠢᠳᠬᠤ ᠰᠢᠰᠲ᠋ᠧᠮ᠂ ᠲᠥᠷᠦ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠰᠢᠰᠲ᠋ᠧᠮ᠂ ᠴᠢᠳᠠᠪᠤᠷᠢᠲᠠᠨ᠎ᠢ ᠬᠥᠮᠦᠵᠢᠭᠦᠯᠬᠦ ᠰᠢᠰᠲ᠋ᠧᠮ᠂ ᠪᠡᠯᠡ ᠮᠥᠩᠭᠥ ᠵᠢᠨ ᠲᠤᠯᠭ᠋ᠠᠭᠤᠷᠢᠯᠠᠬᠤ ᠰᠢᠰᠲ᠋ᠧᠮ ᠪᠣᠯᠤᠨ ᠲᠦᠰᠦᠯ᠎ᠢ ᠪᠦᠲᠦᠭᠡᠨ ᠪᠠᠢ᠌ᠭᠤᠯᠬᠤ ᠰᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠶ ᠬᠡᠪᠡ  ᠃
      ᠲᠣᠰ ᠤᠳᠠᠭ᠋ᠠᠨ᠎ᠤ ᠪᠣᠯᠪᠠᠰᠤᠷᠠᠭᠤᠯᠤᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠤᠨ 2019 ᠤᠨ᠎ᠤ ᠲᠤᠰᠬᠠᠶ ᠰᠡᠳᠦᠪᠲᠦ ᠪᠣᠯᠪᠠᠰᠤᠷᠠᠭᠤᠯᠤᠯ᠎ᠤᠨ ᠲᠥᠯᠥᠪᠯᠡᠭᠡ᠎ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠬᠠᠮᠲᠤ᠎ᠪᠠᠷ ᠡᠷᠭᠢᠯᠡᠪᠡ᠃ ᠪᠣᠯᠪᠠᠰᠤᠷᠠᠭᠤᠯᠤᠯ᠎ᠤᠨ ᠬᠤᠭᠤᠴᠠᠭ᠎ᠠ᠎ᠨᠢ ᠭᠤᠷᠪᠠᠨ ᠡᠳᠦᠷ ᠪᠠᠶ᠋ᠢᠵᠤ᠂ ᠲᠤᠰᠬᠠᠶ ᠰᠡᠳᠦᠪᠲᠦ ᠬᠠᠪᠰᠤᠷᠤᠨ ᠵᠢᠯᠣᠭᠣᠳᠬᠤ᠂ ᠲᠤᠬᠠᠶ ᠵᠢᠨ ᠲᠠᠯᠠᠪᠤᠷ᠎ᠲᠤ ᠵᠢᠭ᠋ᠠᠨ ᠰᠤᠷᠭ᠋ᠠᠬᠤ᠂ ᠪᠣᠳᠣᠯ ᠰᠠᠨᠠᠯ ᠵᠶ᠋ᠠᠨ ᠰᠣᠯᠢᠯᠴᠠᠬᠤ ᠵᠡᠷᠭᠡ ᠬᠡᠯᠪᠡᠷᠢ ᠵᠢᠨ ᠪᠣᠯᠪᠠᠰᠤᠷᠠᠭᠤᠯᠤᠯ᠎ᠢ ᠥᠷᠨᠢᠭᠦᠯᠦᠨ᠎ᠡ᠃



     

                        ᠪᠣᠯᠪᠠᠰᠤᠷᠠᠯ᠎ᠤᠨ ᠠᠬᠤᠢ ᠲᠠᠯᠠᠪᠠᠢ


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠶᠠᠷᠢᠶᠠᠲᠤ ᠵᠦᠴᠦᠭᠡ 《ᠬᠤᠷᠤᠭᠤᠨ ᠲᠠᠮᠠᠭ᠎ᠠ》᠎ᠤᠨ ᠨᠢᠭᠲᠠᠷᠠᠯ᠎ᠤᠨ ᠬᠦᠴᠦᠨ ᠬᠥᠮᠦᠨ᠎ᠤ ᠰᠡᠳᠬᠢᠯ᠎ᠢ ᠬᠦᠳᠡᠯᠭᠡᠨ᠎ᠡ
《ᠤᠯᠠᠭ᠋ᠠᠨᠮᠥ᠋ᠴᠢᠷ ᠲᠠᠨ᠎ᠢ ᠳᠠᠭ᠋ᠠᠭᠤᠯᠤᠨ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠷ ᠵᠢᠭᠤᠯᠴᠢᠯᠠᠭᠤᠯᠤᠶ᠎ᠠ》 ᠰᠣᠶᠣᠯ ᠵᠢᠭᠤᠯᠴᠢᠯᠠᠯ᠎ᠤᠨ ᠰᠢᠨ᠎ᠡ ᠵᠢ ᠡᠭᠦᠳᠬᠦ ᠲᠠᠨᠢᠯᠴᠠᠭᠤᠯᠭ᠎ᠠ ᠵᠢᠨ ᠠᠵᠢᠯᠯᠠᠭ᠎ᠠ ᠬᠠᠩᠵᠧᠦ ᠬᠣᠲᠠ᠎ᠳᠤ ᠶᠠᠪᠤᠭᠳᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2019 ᠤᠨ᠎ᠤ ᠪᠥᠬᠥ ᠣᠷᠣᠨ᠎ᠤ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ ᠮᠡᠳᠡᠭᠡ ᠵᠠᠩᠭᠢᠵᠢᠯᠲᠠ ᠵᠢᠨ ᠠᠵᠢᠯ ᠎ᠤᠨ ᠪᠣᠯᠪᠠᠰᠤᠷᠠᠭᠤᠯᠤᠯ᠎ᠤᠨ ᠠᠩᠭᠢ ᠵᠢ ᠡᠷᠭᠢᠯᠡᠪᠡ
ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠤᠨ ᠮᠣᠩᠭᠣᠯ ᠦᠨᠳᠦᠰᠦᠲᠡᠨ᠎ᠤ ᠵᠠᠯᠠᠭᠤᠴᠤᠳ᠎ᠤᠨ ᠨᠠᠶ᠋ᠢᠷᠠᠯ ᠳᠠᠭᠤᠤ ᠵᠢᠨ ᠪᠦᠯᠬᠦᠮ ᠱᠠᠩᠨᠠᠯ ᠬᠦᠷᠲᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 2019 ᠣᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠠᠷᠠᠯᠵᠢᠶᠠᠨ᠎ᠤ ᠴᠤᠭᠯᠠᠭ᠋ᠠᠨ᠎ᠳᠤ ᠣᠷᠣᠯᠴᠠᠪᠠ
 
            