ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠶᠠᠷᠢᠶᠠᠲᠤ ᠵᠦᠴᠦᠭᠡ 《ᠬᠤᠷᠤᠭᠤᠨ ᠲᠠᠮᠠᠭ᠎ᠠ》᠎ᠤᠨ ᠨᠢᠭᠲᠠᠷᠠᠯ᠎ᠤᠨ ᠬᠦᠴᠦᠨ ᠬᠥᠮᠦᠨ᠎ᠤ ᠰᠡᠳᠬᠢᠯ᠎ᠢ ᠬᠦᠳᠡᠯᠭᠡᠨ᠎ᠡ
ᠨᠡᠶᠢᠲᠡᠯᠡᠭᠰᠡᠨ ᠴᠠᠭ᠄ 2019-11-07

     10 ᠰᠠᠷ᠎ᠠ ᠵᠢᠨ 30᠎ᠤ ᠡᠳᠦᠷ᠎ᠠᠴᠠ 31᠎ᠤ ᠡᠳᠦᠷ ᠪᠣᠯᠲᠠᠯ᠎ᠠ᠂   ᠦᠯᠢᠭᠡᠷ ᠮᠣᠩᠭᠣᠯ ᠵᠦᠴᠦᠭᠡ ᠵᠢᠨ ᠪᠦᠯᠬᠦᠮ᠎ᠤᠨ   ᠵᠣᠬᠢᠶᠡᠨ ᠪᠦᠳᠦᠭᠡᠵᠣ ᠲᠣᠭᠯᠠᠭᠰᠠᠨ 《ᠬᠤᠷᠤᠭᠤᠨ ᠲᠠᠮᠠᠭ᠎ᠠ》᠎ᠢ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠤᠨ ᠳᠠᠭᠤᠤ ᠬᠥᠭᠵᠢᠮ᠎ᠤᠨ ᠲᠢᠩᠬᠢᠮ᠎ᠳᠤ ᠲᠣᠭᠯᠠᠵᠤ᠂ ᠤᠷᠠᠯᠢᠭᠴᠢᠳ ᠤᠷᠠᠨ ᠰᠠᠶ᠋ᠢᠬᠠᠨ᠎ᠤ ᠲᠣᠭᠯᠠᠯᠲᠠ ᠵᠢᠨ ᠬᠡᠯᠪᠡᠷᠢ᠎ᠪᠠᠷ ᠶᠠᠳᠠᠭᠤ ᠵᠢ ᠲᠡᠳᠬᠦᠬᠦ ᠠᠵᠢᠯ᠎ᠤᠨ ᠳᠤᠮᠳᠠᠬᠢ ᠡᠪ ᠬᠠᠮᠲᠤ ᠨᠠᠮ᠎ᠤᠨ ᠭᠡᠰᠢᠭᠦᠨ ᠪᠣᠯᠤᠨ ᠦᠨᠳᠦᠰᠦᠨ ᠱᠠᠲᠤᠨ᠎ᠤ ᠣᠯᠠᠨ ᠲᠦᠮᠡᠨ᠎ᠤ ᠬᠠᠯᠠᠭᠤᠨ ᠳᠤᠯᠠᠭ᠋ᠠᠨ ᠦᠯᠢᠭᠡᠷ ᠵᠶ᠋ᠠᠷ   ᠰᠡᠳᠦᠪᠯᠡᠨ᠂ ᠰᠢᠶᠧ ᠭᠦᠸᠧ ᠯᠢᠶᠠᠩ ᠵᠶ᠋ᠠᠷ ᠲᠥᠯᠥᠭᠡᠯᠡᠭᠦᠯᠦᠭᠰᠡᠨ ᠶᠠᠳᠠᠭᠤ ᠵᠢ ᠲᠡᠳᠬᠦᠬᠦ ᠺᠠᠳ᠋ᠷ᠎ᠤᠳ᠎ᠤᠨ ᠬᠣᠪᠢ ᠵᠢᠨ ᠠᠰᠢᠭ ᠵᠶ᠋ᠠᠨ ᠬᠠᠷᠠᠮ ᠦᠭᠡᠢ ᠲᠠᠶᠠᠭᠳᠠᠨ᠂ ᠨᠡᠢ᠌ᠳᠡ ᠣᠯᠠᠨ᠎ᠤ ᠲᠦᠯᠦᠭᠡ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠪᠠᠭᠤᠷᠢ ᠵᠦᠳᠡᠭᠦᠷᠢ ᠵᠢ ᠬᠦᠯᠢᠴᠡᠨ ᠲᠡᠮᠡᠴᠵᠦ᠂ ᠬᠤᠪᠢ ᠨᠡᠮᠡᠷᠢ᠎ᠪᠠᠨ ᠡᠷᠭᠦᠭᠰᠡᠨ ᠡᠷᠬᠢᠮ ᠳᠡᠭᠡᠳᠦ   ᠵᠣᠷᠢᠭ ᠰᠠᠨᠠᠭ᠎ᠠ ᠵᠢ ᠮᠠᠭᠲᠠᠨ ᠳᠠᠭᠤᠯᠠᠪᠠ᠃
     《ᠬᠤᠷᠤᠭᠤᠨ ᠲᠠᠮᠠᠭ᠎ᠠ》᠎ᠳᠤ᠂ ᠪᠦᠬᠦ ᠤᠯᠤᠰ ᠳᠠᠶᠠᠭ᠋ᠠᠷ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠪᠦᠷᠢᠶ᠎ᠡ ᠵᠢ ᠬᠠᠩᠭᠢᠨᠠᠭᠤᠯᠤᠭᠰᠠᠨ ᠵᠠᠩᠭᠢᠯᠠᠭ᠎ᠠ ᠵᠢᠨ ᠬᠤᠭᠤᠴᠠᠭ᠋ᠠᠨ᠎ᠳᠤ᠂ ᠨᠢᠭᠡᠳᠦᠭᠡᠷ ᠱᠦᠵᠢ ᠰᠢᠶᠧ ᠭᠦᠸᠧ ᠯᠢᠶᠠᠩ ᠰᠠᠨᠠᠭ᠋ᠠᠴᠢᠯᠠᠭ᠎ᠠ᠎ᠠᠴᠠ᠎ᠪᠠᠨ 《ᠰᠢᠨ᠎ᠡ ᠵᠠᠮ》 ᠲᠣᠰᠬᠣᠨ᠎ᠳᠤ ᠬᠦᠷᠴᠦ᠂ ᠭᠡᠷ᠎ᠤᠨ ᠬᠢᠨᠢ ᠬᠦᠮᠦᠰ ᠵᠢᠴᠢ ᠣᠯᠠᠨ ᠲᠦᠮᠡᠨ᠎ᠤ ᠣᠶ᠋ᠢᠯᠠᠭ᠋ᠠᠬᠤ ᠦᠭᠡᠢ ᠪᠠᠢ᠌ᠭᠰᠠᠨ ᠪᠠ ᠠᠵᠢᠯ᠎ᠤᠨ ᠳᠤᠮᠳᠠᠬᠢ ᠡᠯ᠎ᠡ   ᠵᠦᠢ᠍ᠯ᠎ᠤᠨ ᠬᠦᠴᠢᠷ ᠪᠡᠷᠬᠡᠰᠢᠶᠡᠯ᠎ᠤᠨ ᠡᠮᠦᠨ᠎ᠡ᠂ ᠠᠷᠠᠳ᠎ᠤᠨ ᠪᠠᠶ᠋ᠢᠳᠠᠯ᠎ᠢ ᠦᠨᠡᠨ ᠰᠡᠳᠬᠢᠯ᠎ᠠᠴᠠ᠎ᠪᠠᠨ ᠣᠶ᠋ᠢᠯᠠᠭ᠋ᠠᠵᠤ᠂ ᠲᠣᠰᠬᠣᠨ᠎ᠤ ᠪᠠᠶ᠋ᠢᠳᠠᠯ᠎ᠢ ᠣᠶ᠋ᠢᠯᠠᠭ᠋ᠠᠵᠤ᠂ ᠭᠠᠵᠠᠷ ᠣᠷᠣᠨ᠎ᠤ ᠪᠠᠶ᠋ᠢᠳᠠᠯ ᠎ᠳᠤ᠎ᠪᠠᠨ ᠲᠤᠬᠢᠷᠠᠭᠤᠯᠤᠨ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠲᠣᠰᠬᠣᠨ᠎ᠤ ᠠᠷᠠᠳ᠎ᠢ ᠳᠠᠭ᠋ᠠᠭᠤᠯᠤᠨ   ᠲᠠᠷᠢᠶᠠᠯᠠᠬᠤ ᠠᠵᠣ ᠦᠢ᠍ᠯᠡᠳᠪᠦᠷᠢᠯᠡᠯ ᠵᠶ᠋ᠠᠨ ᠬᠥᠭᠵᠢᠭᠦᠯᠵᠦ᠂ 《ᠠᠵᠤ   ᠦᠢ᠍ᠯᠡᠰ ᠵᠶ᠋ᠠᠷ ᠶᠠᠳᠠᠭᠤ᠎ᠠᠴᠠ ᠠᠩᠭᠢᠵᠢᠷᠠᠭᠤᠯᠬᠤ ᠵᠠᠮ ᠵᠶ᠋ᠠᠷ ᠵᠠᠮᠨᠠᠭᠰᠠᠨ》 ᠰᠡᠳᠬᠢᠯ ᠬᠥᠳᠡᠯᠭᠡᠮ᠎ᠡ ᠦᠯᠢᠭᠡᠷ᠎ᠢ ᠶᠠᠷᠢᠪᠠ᠃ ᠲᠣᠭᠯᠠᠯᠲᠠ ᠵᠢᠨ ᠠᠬᠤᠶ ᠲᠠᠯᠠᠪᠠᠢ᠎ᠳᠤ᠂ ᠤᠷᠠᠯᠢᠭᠴᠢᠳ᠎ᠤᠨ ᠲᠣᠭᠯᠠᠯᠲᠠ ᠦᠵᠡᠭᠴᠢᠳ᠎ᠢ ᠭᠦᠨ ᠳᠣᠭᠳᠣᠯᠤᠭᠤᠯᠵᠤ᠂ ᠴᠥᠭᠡᠨ ᠪᠤᠰᠤ ᠦᠵᠡᠭᠴᠢᠳ ᠳᠣᠭᠳᠣᠯᠤᠭ᠋ᠠᠳ ᠦᠪᠡᠷ᠎ᠤᠨ ᠡᠷᠬᠡ ᠦᠭᠡᠢ ᠨᠢᠯᠪᠤᠰᠤ ᠤᠨᠠᠭ᠋ᠠᠵᠣ ᠪᠠᠢ᠌ᠪᠠ᠃ ᠲᠤᠬᠠᠶ ᠵᠢᠨ ᠲᠠᠯᠠᠪᠠᠢ ᠵᠢᠨ ᠦᠵᠡᠭᠴᠢᠳ ᠡᠨᠡ ᠬᠦ᠌ ᠶᠠᠳᠠᠭᠤ ᠵᠢ ᠲᠡᠳᠬᠦᠬᠦ ᠰᠡᠳᠦᠪᠲᠦ 《ᠲᠥᠪ ᠵᠦᠴᠦᠭᠡ》 ᠵᠢ   ᠰᠡᠳᠬᠢᠯ᠎ᠤᠨ ᠤᠭ᠎ᠠᠴᠠ᠎ᠪᠠᠨ   ᠪᠠᠬᠠᠷᠬᠠᠵᠤ ᠪᠠᠢ᠌ᠭ᠎ᠠ᠎ᠨᠢ ᠢᠯᠡᠬᠡᠨ ᠪᠠᠢ᠌ᠯ᠎ᠠ  ᠃
     2019 ᠣᠨ  ᠎ᠤ 3 ᠰᠠᠷ᠎ᠠ ᠵᠢᠨ 4᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠡᠬᠢᠯᠡᠭᠦᠯᠦᠭᠰᠡᠨ ᠶᠠᠳᠠᠭᠤ ᠵᠢ ᠲᠡᠳᠬᠦᠬᠦ ᠰᠡᠳᠦᠪᠲᠦ ᠶᠠᠷᠢᠶᠠᠲᠤ ᠵᠦᠴᠦᠭᠡ 《ᠬᠤᠷᠤᠭᠤᠨ ᠲᠠᠮᠠᠭ᠎ᠠ》᠎ᠤᠨ ᠦᠨᠳᠦᠰᠦᠨ ᠱᠠᠲᠤᠨ᠎ᠳᠤ ᠲᠣᠭᠣᠷᠢᠨ ᠲᠣᠭᠯᠠᠯᠲᠠ᠎ᠪᠠᠷ   ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠤᠨ ᠦᠯᠢᠭᠡᠷ ᠮᠣᠩᠭᠣᠯ ᠵᠦᠴᠦᠭᠡ ᠵᠢᠨ ᠪᠦᠯᠬᠦᠮ ᠪᠥᠬᠥ ᠣᠷᠣᠨ᠎ᠤ ᠡᠯ᠎ᠡ ᠠᠶ᠋ᠢᠮᠠᠭ ᠬᠣᠲᠠ ᠵᠢᠨ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠳᠤ ᠬᠦᠷᠴᠤ᠂ 《ᠬᠤᠷᠤᠭᠤᠨ ᠲᠠᠮᠠᠭ᠎ᠠ》 ᠵᠦᠴᠤᠭᠡ ᠵᠢ 57 ᠲᠠᠯᠠᠪᠠᠢ   ᠲᠣᠭᠯᠠᠪᠠ  ᠃ ᠲᠣᠰ ᠵᠦᠴᠦᠭᠡ ᠵᠢ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠶᠠᠳᠠᠭᠤ᠎ᠠᠴᠠ ᠠᠩᠭᠢᠵᠢᠷᠠᠭᠤᠯᠬᠤ ᠡᠮᠦᠨ᠎ᠡ ᠹᠷᠣᠨᠲ᠎ᠲᠤ ᠬᠦᠷᠭᠡᠵᠦ ᠲᠣᠭᠯᠠᠬᠣ᠎ᠪᠠᠷ ᠳᠠᠮᠵᠢᠭᠣᠯᠣᠨ᠂ ᠥᠷᠭᠡᠨ ᠣᠯᠠᠨ ᠺᠠᠳ᠋ᠷ ᠣᠯᠠᠨ ᠲᠦᠮᠡᠨ᠎ᠤ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠨᠠᠩ ᠡᠷᠡᠰ ᠪᠠᠲᠤ ᠵᠣᠷᠢᠭ ᠵᠶ᠋ᠠᠷ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠲᠡᠮᠡᠴᠡᠨ ᠣᠯᠬᠤ ᠵᠢ ᠵᠣᠷᠢᠭᠵᠢᠭᠤᠯᠪᠠ᠃ ᠲᠣᠰ ᠤᠳᠠᠭ᠋ᠠᠨ᠎ᠤ ᠲᠣᠭᠣᠷᠢᠨ ᠲᠣᠭᠯᠠᠯᠲᠠ᠎ᠨᠢ ᠤᠳᠬ᠎ᠠ ᠤᠷᠠᠯᠢᠭ᠎ᠤᠨ ᠪᠦᠲᠦᠭᠡᠯ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠤᠮᠳᠠᠬᠢ ᠣᠶᠤᠨ ᠤᠬᠠᠭ᠋ᠠᠨ᠎ᠢ ᠵᠡᠷᠭᠡᠪᠡᠷ ᠲᠡᠳᠬᠦᠬᠦ ᠥᠪᠡᠷᠮᠢᠴᠡ ᠦᠢ᠍ᠯᠡᠳᠦᠯ᠎ᠢ ᠥᠷᠭᠡᠨ ᠵᠶ᠋ᠠᠷ ᠤᠬᠠᠭᠤᠯᠵᠤ᠂ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠺᠠᠳ᠋ᠷ ᠣᠯᠠᠨ ᠲᠦᠮᠡᠨ᠎ᠤ 《ᠬᠤᠷᠤᠭᠤᠨ ᠲᠠᠮᠠᠭ᠎ᠠ》᠎ᠢ ᠦᠵᠡᠬᠦ ᠳᠤᠮᠳᠠ ᠬᠦᠴᠦᠨ ᠴᠢᠳᠠᠯ᠎ᠢ᠎ᠨᠢ ᠨᠢᠭᠲᠠᠷᠠᠭᠤᠯᠵᠤ᠂ ᠵᠣᠷᠢᠭ ᠰᠠᠨᠠᠭ᠎ᠠ ᠵᠢ᠎ᠨᠢ ᠬᠥᠪᠴᠢᠯᠡᠵᠦ᠂ ᠶᠠᠳᠠᠭᠤ᠎ᠠᠴᠠ ᠠᠩᠭᠢᠵᠢᠷᠠᠭᠤᠯᠬᠤ ᠨᠠᠩ ᠬᠦᠴᠦᠲᠡᠶ ᠠᠷᠭ᠎ᠠ ᠬᠡᠮᠵᠢᠶ᠎ᠡ᠎ᠪᠠᠷ ᠶᠠᠳᠠᠭᠤ ᠬᠦᠴᠢᠷᠳᠡᠯ᠎ᠢ ᠢᠯᠠᠨ ᠳᠠᠪᠠᠬᠤ ᠢᠲᠡᠭᠡᠯ ᠵᠣᠷᠢᠭ᠎ᠢ ᠢᠯᠡᠳᠬᠡᠵᠦ᠂ ᠰᠠᠶ᠋ᠢᠨ   ᠰᠠᠢ᠌ᠬᠠᠨ   ᠨᠡᠢ᠌ᠬᠡᠮ᠎ᠤᠨ ᠦᠷ᠎ᠡ ᠠᠰᠢᠭ ᠣᠯᠵᠠᠶ᠃  
     8 ᠰᠠᠷ᠎ᠠ ᠳᠣᠳᠣᠮ ᠶᠠᠪᠤᠭᠳᠠᠭᠰᠠᠨ ᠶᠠᠷᠢᠶᠠᠳᠦ ᠵᠦᠴᠦᠭᠡ 《ᠬᠤᠷᠤᠭᠤᠨ ᠲᠠᠮᠠᠭ᠎ᠠ》᠎ᠤᠨ ᠪᠥᠬᠥ ᠣᠷᠣᠨ᠎ᠤ ᠲᠣᠭᠣᠷᠢᠨ ᠲᠣᠭᠯᠠᠯᠲᠠ ᠬᠡᠳᠦᠶ᠋ᠢᠪᠡᠷ ᠨᠢᠭᠡᠨᠲᠡ ᠦᠨᠳᠦᠷᠯᠡᠭᠰᠡᠨ ᠪᠣᠯᠪᠠᠴᠤ᠂ ᠲᠡᠭᠦᠨ᠎ᠤ ᠠᠪᠴᠢᠷᠠᠭᠰᠠᠨ ᠶᠠᠳᠠᠭᠤ ᠬᠦᠴᠢᠷᠳᠡᠯ᠎ᠢ ᠢᠯᠠᠨ ᠳᠠᠪᠠᠬᠤ ᠢᠲᠡᠭᠡᠯ ᠵᠣᠷᠢᠭ ᠪᠠ ᠡᠷᠴᠢ ᠬᠦᠴᠦᠨ᠎ᠨᠢ ᠦᠵᠡᠭᠴᠢᠳ᠎ᠤᠨ ᠰᠡᠳᠬᠢᠯ᠎ᠳᠤ ᠢᠮᠠᠭᠲᠠ ᠣᠷᠣᠰᠢᠵᠤ᠂ ᠵᠦᠴᠦᠭᠡ ᠵᠢᠨ ᠪᠦᠲᠦᠭᠡᠯ᠎ᠳᠤ ᠲᠣᠰᠬᠠᠭᠰᠠᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠤᠮᠳᠠ 《ᠣᠶᠤᠨ ᠵᠶ᠋ᠠᠷ ᠲᠡᠳᠬᠦᠬᠦ》 ᠪᠠ 《ᠵᠣᠷᠢᠭ ᠵᠶ᠋ᠠᠷ ᠲᠡᠳᠬᠦᠬᠦ》 ᠥᠪᠡᠷᠮᠢᠴᠡ ᠦᠢ᠍ᠯᠡᠳᠦᠯ᠎ᠨᠢ ᠥᠷᠭᠡᠨ ᠣᠯᠠᠨ ᠠᠷᠠᠳ ᠲᠦᠮᠡᠨ᠎ᠤ ᠶᠠᠳᠠᠭᠤ᠎ᠠᠴᠠ ᠠᠩᠭᠢᠵᠢᠷᠡᠨ ᠪᠠᠶᠠᠵᠢᠨ ᠴᠢᠨᠡᠭᠡᠯᠢᠭᠵᠢᠬᠦ ᠳᠣᠲᠣᠭ᠋ᠠᠳᠤ ᠬᠥᠳᠡᠯᠭᠡᠬᠦ ᠬᠦᠴᠦᠨ᠎ᠢ ᠲᠠᠰᠤᠷᠠᠯᠲᠠ ᠥᠬᠡᠶ ᠬᠥᠭᠵᠢᠭᠡᠵᠦ᠂ ᠪᠥᠬᠥ ᠣᠷᠣᠨ᠎ᠤ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠺᠠᠳ᠋ᠷᠴᠤᠳ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠲᠡᠮᠡᠴᠡᠨ ᠣᠯᠬᠤ᠎ᠳᠤ ᠨᠠᠩ ᠠᠤᠭ᠎ᠠ ᠬᠦᠴᠦᠷᠬᠡᠭ ᠢᠲᠡᠭᠡᠯ ᠵᠣᠷᠢᠭ᠎ᠢ ᠨᠢᠭᠲᠠᠷᠠᠭᠤᠯᠬᠤ ᠪᠣᠯᠤᠨ᠎ᠠ᠃




 



                              ᠲᠣᠭᠯᠠᠯᠲᠠ ᠵᠢᠨ ᠰᠡᠭᠦᠳᠡᠷ

ᠢᠷᠡᠯᠲᠡ᠄ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ
          
ᠬᠠᠮᠢᠶ᠎ᠡ ᠪᠦᠬᠦᠢ ᠰᠣᠨᠢᠨ
《ᠤᠯᠠᠭ᠋ᠠᠨᠮᠥ᠋ᠴᠢᠷ ᠲᠠᠨ᠎ᠢ ᠳᠠᠭ᠋ᠠᠭᠤᠯᠤᠨ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠷ ᠵᠢᠭᠤᠯᠴᠢᠯᠠᠭᠤᠯᠤᠶ᠎ᠠ》 ᠰᠣᠶᠣᠯ ᠵᠢᠭᠤᠯᠴᠢᠯᠠᠯ᠎ᠤᠨ ᠰᠢᠨ᠎ᠡ ᠵᠢ ᠡᠭᠦᠳᠬᠦ ᠲᠠᠨᠢᠯᠴᠠᠭᠤᠯᠭ᠎ᠠ ᠵᠢᠨ ᠠᠵᠢᠯᠯᠠᠭ᠎ᠠ ᠬᠠᠩᠵᠧᠦ ᠬᠣᠲᠠ᠎ᠳᠤ ᠶᠠᠪᠤᠭᠳᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2019 ᠤᠨ᠎ᠤ ᠪᠥᠬᠥ ᠣᠷᠣᠨ᠎ᠤ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ ᠮᠡᠳᠡᠭᠡ ᠵᠠᠩᠭᠢᠵᠢᠯᠲᠠ ᠵᠢᠨ ᠠᠵᠢᠯ ᠎ᠤᠨ ᠪᠣᠯᠪᠠᠰᠤᠷᠠᠭᠤᠯᠤᠯ᠎ᠤᠨ ᠠᠩᠭᠢ ᠵᠢ ᠡᠷᠭᠢᠯᠡᠪᠡ
ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠤᠨ ᠮᠣᠩᠭᠣᠯ ᠦᠨᠳᠦᠰᠦᠲᠡᠨ᠎ᠤ ᠵᠠᠯᠠᠭᠤᠴᠤᠳ᠎ᠤᠨ ᠨᠠᠶ᠋ᠢᠷᠠᠯ ᠳᠠᠭᠤᠤ ᠵᠢᠨ ᠪᠦᠯᠬᠦᠮ ᠱᠠᠩᠨᠠᠯ ᠬᠦᠷᠲᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 2019 ᠣᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠠᠷᠠᠯᠵᠢᠶᠠᠨ᠎ᠤ ᠴᠤᠭᠯᠠᠭ᠋ᠠᠨ᠎ᠳᠤ ᠣᠷᠣᠯᠴᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 2019 ᠣᠨ᠎ᠤ ᠬᠠᠶ᠋ᠢᠨᠠᠨ᠎ᠤ ᠣᠯᠠᠨ ᠤᠯᠤᠰ᠎ᠤᠨ ᠵᠢᠭᠤᠯᠴᠢᠯᠠᠯ᠎ᠤᠨ ᠠᠷᠠᠯ᠎ᠤᠨ ᠪᠠᠶᠠᠰᠬᠤᠯᠠᠨᠭ᠌ᠲᠤ ᠨᠠᠢ᠌ᠷ᠎ᠤᠨ ᠰᠢᠷᠢᠰ ᠠᠵᠢᠯᠯᠠᠭ᠎ᠠ᠎ᠳᠤ ᠣᠷᠣᠯᠴᠠᠪᠠ
 
            