ᠪᠦᠬᠦ ᠣᠷᠣᠨ᠎ᠤ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠤᠨ ᠡᠳ᠋᠎ᠤᠨ ᠶᠠᠪᠣᠳᠠᠯ᠎ᠤᠨ ᠬᠠᠮᠢᠶᠠᠷᠣᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ᠎ᠤᠨ ᠲᠤᠰᠬᠠᠢ ᠵᠦᠢ᠍ᠯ᠎ᠤᠨ ᠪᠡᠯᠡ ᠮᠥᠩᠭᠥ ᠵᠢᠨ ᠬᠠᠮᠢᠶᠠᠷᠤᠯᠲᠠ ᠵᠢ ᠵᠢᠷᠤᠮᠵᠢᠭᠤᠯᠬᠤ ᠵᠢᠨ ᠲᠣᠯᠠᠳᠠ᠂ 12 ᠳ᠋ᠤᠭ᠋ᠠᠷ ᠰᠠᠷ᠎ᠠ ᠵᠢᠨ 2᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠡᠯ᠎ᠤᠨ ᠲᠢᠩᠬᠢᠮ ᠬᠦᠬᠡᠬᠣᠲᠠ᠎ᠳᠤ ᠪᠦᠬᠦ ᠣᠷᠣᠨ᠎ᠤ ᠰᠣᠶᠣᠯ ᠵᠢᠭᠣᠯᠴᠢᠯᠡᠯ᠎ᠤᠨ ᠡᠳ᠋᠎ᠤᠨ ᠶᠠᠪᠣᠳᠠᠯ᠎ᠤᠨ ᠬᠠᠮᠢᠶᠠᠷᠣᠯᠲᠠ ᠵᠢᠨ ᠪᠣᠯᠪᠠᠰᠣᠷᠠᠭᠣᠯᠣᠯ᠎ᠤᠨ ᠠᠩᠭᠢ ᠡᠷᠬᠢᠯᠡᠪᠡ᠃
ᠪᠣᠯᠪᠠᠰᠤᠷᠠᠭᠤᠯᠤᠯ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠭᠠᠶ᠋ᠢᠯᠢ ᠵᠢᠨ ᠶᠠᠪᠤᠳᠠᠯ ᠵᠡᠷᠭᠡ ᠰᠠᠯᠠᠭ᠎ᠠ ᠮᠥᠴᠢᠷ᠎ᠤᠨ ᠲᠤᠰᠬᠠᠶ ᠮᠡᠷᠭᠡᠵᠢᠯᠲᠡᠨ ᠫᠷᠤᠹᠧᠰᠰᠤᠷ᠎ᠢ ᠤᠷᠢᠵᠤ 《ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠳᠦᠷᠢᠮ》᠂ 《ᠰᠣᠶᠣᠯ᠎ᠤᠨ ᠠᠵᠤ ᠠᠬᠤᠢ ᠵᠢᠨ ᠲᠥᠷᠥ ᠵᠢᠨ ᠪᠣᠳᠣᠯᠭ᠎ᠠ ᠪᠣᠯᠤᠨ ᠬᠣᠯᠪᠣᠭᠳᠠᠯ ᠪᠦᠬᠦᠢ ᠭᠠᠶ᠋ᠢᠯᠢ ᠵᠢᠨ ᠶᠠᠪᠤᠳᠠᠯ᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ》 ᠪᠣᠯᠤᠨ 《ᠲᠣᠭ᠎ᠠ ᠪᠦᠷᠢᠳᠬᠡᠯ᠎ᠤᠨ ᠮᠡᠳᠡᠭᠦᠯᠬᠦ ᠬᠦᠰᠦᠨᠦᠭᠲᠦ ᠵᠢᠨ ᠳᠦᠷᠢᠮ᠎ᠤᠨ ᠬᠢᠨᠠᠨ ᠬᠠᠷᠭᠤᠭᠤᠯᠬᠤ ᠭᠣᠤᠯᠳᠠᠯᠭ᠎ᠠ》 ᠵᠡᠷᠭᠡ ᠲᠤᠰᠬᠠᠶ ᠮᠡᠷᠭᠡᠵᠢᠯ᠎ᠤᠨ ᠠᠭᠤᠯᠭ᠎ᠠ ᠵᠢᠨ ᠪᠣᠯᠪᠠᠰᠤᠷᠠᠭᠤᠯᠤᠯ ᠬᠢᠵᠦ᠂ ᠡᠭᠦᠨ᠎ᠤ ᠬᠠᠮᠲᠤ ᠰᠢᠭᠤᠳ ᠬᠠᠷᠢᠶ᠎ᠠ ᠨᠢᠭᠡᠴᠢ ᠪᠣᠯᠤᠨ ᠠᠶ᠋ᠢᠮᠠᠭ ᠬᠣᠲᠠ ᠵᠢᠨ ᠡᠳ᠋᠎ᠤᠨ ᠶᠠᠪᠤᠳᠠᠯ᠎ᠤᠨ ᠬᠢᠨᠠᠨ ᠰᠢᠯᠭ᠋ᠠᠬᠤ ᠭᠦᠢ᠍ᠴᠡᠳᠭᠡᠬᠦ ᠲᠣᠭ᠎ᠠ᠎ᠳᠤ ᠵᠠᠳᠠᠯᠤᠯᠲᠠ ᠬᠢᠪᠡ᠃
ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠯᠢ ᠰᠢᠶᠣᠤ ᠴᠢᠦ ᠪᠣᠯᠪᠠᠰᠣᠷᠠᠭᠣᠯᠣᠯ᠎ᠤᠨ ᠠᠩᠭᠢ᠎ᠳᠤ ᠣᠷᠣᠯᠴᠠᠵᠤ ᠶᠠᠷᠢᠶ᠎ᠠ ᠲᠠᠯᠪᠢᠪᠠ᠃ ᠡᠯ᠎ᠡ ᠠᠶ᠋ᠢᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠵᠢᠨ ᠬᠤᠪᠢᠳᠠᠨ ᠬᠠᠮᠢᠶᠠᠷᠴᠤ ᠪᠦᠬᠦᠢ ᠡᠳ᠋᠎ᠤᠨ ᠶᠠᠪᠤᠳᠠᠯ᠎ᠤᠨ ᠲᠣᠪᠴᠢᠶᠠᠨ ᠳᠠᠷᠤᠭ᠎ᠠ᠂ ᠡᠳ᠋᠎ᠤᠨ ᠶᠠᠪᠤᠳᠠᠯ᠎ᠤᠨ ᠰᠠᠯᠠᠭ᠋ᠠᠨ ᠳᠠᠷᠤᠭ᠎ᠠ᠂ ᠲᠣᠭ᠎ᠠ ᠪᠦᠷᠢᠳᠬᠡᠯ᠎ᠤᠨ ᠠᠵᠢᠯᠲᠠᠨ᠂ ᠲᠢᠩᠬᠢᠮ᠎ᠤᠨ ᠰᠢᠭᠤᠳ ᠬᠠᠷᠢᠶ᠎ᠠ ᠨᠢᠭᠡᠴᠢ ᠵᠢᠨ ᠬᠤᠪᠢᠳᠠᠨ ᠬᠠᠮᠢᠶᠠᠷᠴᠤ ᠪᠠᠢ᠌ᠭ᠎ᠠ ᠡᠳ᠋᠎ᠤᠨ ᠶᠠᠪᠤᠳᠠᠯ᠎ᠤᠨ ᠤᠳᠤᠷᠢᠳᠤᠯᠭ᠎ᠠ᠂ ᠡᠳ᠋᠎ᠤᠨ ᠶᠠᠪᠤᠳᠠᠯ᠎ᠤᠨ ᠰᠠᠯᠠᠭ᠋ᠠᠨ ᠳᠠᠷᠤᠭ᠎ᠠ (ᠭᠣᠤᠯᠴᠢᠯᠠᠨ ᠬᠠᠮᠢᠶᠠᠷᠬᠤ)᠂ ᠲᠣᠭ᠎ᠠ ᠪᠦᠷᠢᠳᠬᠡᠯ᠎ᠤᠨ ᠠᠵᠢᠯᠲᠠᠨ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠲᠢᠩᠬᠢᠮ᠎ᠤᠨ ᠪᠠᠢ᠌ᠭᠣᠯᠭ᠎ᠠ ᠵᠢᠨ ᠡᠯ᠎ᠡ ᠭᠠᠵᠠᠷ᠂ ᠠᠯᠪᠠᠨ ᠭᠡᠷ᠎ᠤᠨ ᠠᠵᠢᠯᠲᠠᠨ ᠨᠡᠢ᠍ᠢ᠍ᠲᠡ 110 ᠭᠠᠷᠤᠶ ᠬᠥᠮᠦᠨ ᠪᠣᠯᠪᠠᠰᠣᠷᠠᠭᠣᠯᠣᠯ᠎ᠳᠤ ᠣᠷᠣᠯᠴᠠᠪᠠ᠃


ᠪᠣᠯᠪᠠᠰᠣᠷᠠᠭᠣᠯᠣᠯ᠎ᠤᠨ ᠲᠠᠯᠠᠪᠠᠢ